ᠮᠢᠩ ᠰᠢᠩ ᠬᠤ᠋ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ
ᠨᠡᠶᠢᠲᠡᠯᠡᠭᠰᠡᠨ ᠴᠠᠭ᠄
2021/9/17
   ᠮᠢᠩ ᠰᠢᠩ ᠬᠤ᠋ ᠨᠠᠭᠤᠷ ᠤᠨ ᠵᠤᠭᠠᠴᠠᠯ ᠠᠮᠠᠷᠠᠯᠲᠠ ᠶᠢᠨ ᠣᠷᠣᠨ ᠨᠢ ᠥᠪᠥᠷ ᠮᠣᠩᠭᠤᠯ ᠤᠨ ᠲᠦᠴᠢᠦᠸᠠᠨ ᠰᠢᠶᠠᠨ ᠤ ᠵᠡᠭᠦᠨ ᠳᠥᠷᠪᠡᠳ ᠪᠠᠯᠭᠠᠰᠤᠨ ᠤ ᠮᠢᠩ ᠰᠢᠩ ᠲᠣᠰᠬᠤᠨ ᠳᠤ ᠪᠠᠶᠢᠷᠢᠯᠠᠵᠤ᠂ 111 ᠤᠯᠤᠰ ᠤᠨ ᠵᠠᠮ ᠠᠴᠠ 8 ᠺᠢᠯᠣᠮᠧᠲᠷ ᠵᠠᠶᠢᠲᠠᠶ᠂ ᠲᠦᠴᠢᠦᠸᠠᠨ ᠰᠢᠶᠠᠨ ᠠᠴᠠ 25 ᠺᠢᠯᠣᠮᠧᠲᠷ ᠵᠠᠶᠢᠲᠠᠶ ᠪᠠᠶᠢᠳᠠᠭ᠃ ᠮᠢᠩ ᠰᠢᠩ ᠬᠤ᠋ ᠨᠠᠭᠤᠷ ᠪᠣᠯ ᠳᠡᠭᠡᠷ᠎ᠡ ᠵᠠᠭᠤᠨ ᠤ ᠳᠠᠯᠠᠭᠠᠳ ᠣᠨ ᠳᠤ᠂ ᠵᠢᠶᠤᠤ ᠯᠢᠦ ᠾᠧ ᠭᠤᠣᠯ ᠤᠨ ᠤᠰᠤ ᠵᠣᠬᠢᠶᠠᠮᠠᠯ ᠤᠰᠤᠨ ᠰᠤᠪᠠᠭ ᠢᠶᠠᠷ ᠳᠡᠮᠵᠢᠨ ᠨᠠᠭᠤᠷ ᠤᠨ ᠳᠣᠲᠣᠷ᠎ᠠ ᠣᠷᠣᠵᠤ ᠢᠷᠡᠭᠡᠳ ᠪᠤᠶ ᠪᠣᠯᠤᠭᠰᠠᠨ ᠶᠤᠮ᠂ ᠶᠡᠷᠦᠩᠬᠡᠶ ᠴᠥᠭᠦᠷᠥᠮ ᠤᠨ ᠪᠠᠭᠲᠠᠭᠠᠮᠵᠢ ᠨᠢ 2538 ᠲᠦᠮᠡᠨ ᠪᠣᠰᠤᠭ᠎ᠠ ᠳᠥᠷᠪᠡᠯᠵᠢᠨ ᠮᠧᠲᠷ᠂ ᠤᠰᠤᠨ ᠭᠠᠳᠠᠷᠭᠤ ᠶᠢᠨ ᠲᠠᠯᠠᠪᠠᠶ ᠨᠢ 8500 ᠮᠥ ᠪᠣᠯᠤᠨ᠎ᠠ᠃ 2012 ᠣᠨ ᠳᠤ AAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠬᠤᠨᠤᠭ ᠪᠠᠭᠤᠳᠠᠯ᠂ ᠵᠤᠭ᠎ᠠ ᠴᠡᠩᠭᠡᠯ᠂ ᠢᠳᠡᠭᠡᠨ ᠤᠮᠳᠠᠭᠠᠨ᠂ ᠠᠩᠨᠠᠵᠤ ᠱᠦᠭᠦᠬᠦ᠂ ᠵᠢᠭᠠᠰᠤ ᠭᠥᠬᠢᠳᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠳᠠᠮᠵᠢᠲᠤ ᠬᠡᠯᠪᠡᠷᠢ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠪᠣᠯᠵᠤ᠂ ᠬᠢᠩᠭᠠᠨ ᠠᠶᠢᠮᠠᠭ ᠤᠨ ᠳᠣᠲᠣᠷᠠᠬᠢ ᠠᠯᠳᠠᠷᠲᠤ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号