ᠱᠤᠸᠠᠩ ᠴᠧᠩ ᠤᠰᠤᠨ ᠴᠥᠭᠦᠷᠥᠮ
ᠨᠡᠶᠢᠲᠡᠯᠡᠭᠰᠡᠨ ᠴᠠᠭ᠄
2021/9/17
   ᠱᠤᠸᠠᠩ ᠴᠧᠩ ᠤᠰᠤᠨ ᠴᠥᠭᠦᠷᠥᠮ ᠨᠢ ᠪᠤᠤ ᠱᠢ ᠪᠠᠯᠭᠠᠰᠤᠨ ᠤ ᠵᠡᠭᠦᠨ ᠡᠮᠦᠨ᠎ᠡ ᠲᠠᠪᠤᠨ ᠺᠢᠯᠣᠮᠧᠲᠷ ᠤᠨ ᠭᠠᠵᠠᠷ ᠲᠤ ᠪᠠᠶᠢᠷᠢᠯᠠᠵᠤ᠂ ᠱᠤᠸᠠᠩ ᠴᠧᠩ ᠡᠷᠲᠡᠨ ᠤ ᠬᠤᠲᠠ ᠶᠢᠨ ᠣᠶᠢᠷᠠᠯᠴᠠᠭ᠎ᠠ ᠪᠠᠶᠳᠠᠭ᠃ ᠡᠨᠡ ᠬᠦ ᠤᠰᠤᠨ ᠴᠥᠭᠦᠷᠥᠮ ᠢ 1957 ᠣᠨ ᠠᠴᠠ ᠡᠬᠢᠯᠡᠨ ᠪᠠᠶᠢᠭᠤᠯᠵᠤ᠂ ᠬᠥᠮᠦᠨ ᠤ ᠬᠦᠴᠦ ᠪᠠᠷ ᠬᠠᠰᠢᠯᠭ᠎ᠠ ᠪᠠᠷᠢᠵᠤ ᠬᠦᠮᠪᠢᠷ᠎ᠠ ᠮᠥᠷᠡᠨ ᠤ ᠤᠰᠤ ᠶᠢ ᠲᠤᠰᠴᠤ ᠪᠠᠶᠢᠭᠠᠳ ᠪᠣᠢ ᠪᠣᠯᠤᠭᠰᠠᠨ ᠨᠢᠭᠡᠨ ᠠᠭᠤᠯᠠᠷᠬᠠᠭ ᠣᠷᠣᠨ ᠤ ᠤᠰᠤᠨ ᠴᠥᠭᠦᠷᠥᠮ ᠪᠣᠯᠤᠨ᠎ᠠ᠃ ᠬᠠᠰᠢᠯᠭ᠎ᠠ ᠶᠢᠨ ᠰᠠᠭᠤᠷᠢ ᠠᠴᠠ ᠳᠡᠭᠡᠭᠰᠢᠬᠢ ᠭᠤᠤᠯ ᠤᠨ ᠤᠷᠳᠤ ᠨᠢ 47 ᠺᠢᠯᠣᠮᠧᠲᠷ᠂ ᠴᠥᠭᠦᠷᠥᠮ  ᠤᠨ ᠤᠰᠤᠨ ᠤ ᠲᠠᠯᠠᠪᠠᠢ ᠨᠢ 910 ᠲᠡᠭᠰᠢ ᠳᠥᠷᠪᠡᠯᠵᠢᠨ ᠺᠢᠯᠣᠮᠧᠲᠷ᠂ ᠴᠥᠭᠦᠷᠥᠮ ᠤᠨ ᠬᠠᠮᠤᠭ ᠶᠡᠭᠡ ᠪᠠᠭᠲᠠᠭᠠᠮᠵᠢ ᠨᠢ 2604 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃
   ᠵᠠᠰᠠᠮᠠᠯ ᠵᠠᠮ ᠤᠨ ᠪᠠᠷᠠᠭᠤᠨ ᠠᠭᠤᠯᠠᠨ ᠪᠠᠯ ᠪᠣᠯ ᠤᠰᠤᠨ ᠴᠥᠭᠦᠷᠥᠮ ᠤᠨ ᠦᠵᠡᠮᠵᠢ ᠰᠣᠨᠢᠷᠬᠠᠬᠤ ᠬᠠᠮᠤᠭ ᠤᠨ ᠰᠠᠶᠢᠨ ᠭᠠᠵᠠᠷ ᠪᠣᠯᠤᠨ᠎ᠠ᠃ ᠠᠳᠡ ᠵᠣᠭᠰᠣᠨ ᠴᠥᠭᠦᠷᠥᠮ ᠤᠨ ᠣᠷᠣᠨ ᠳᠤ ᠵᠣᠭᠰᠣᠵᠤ᠂ ᠶᠡᠭᠡ ᠬᠠᠰᠢᠯᠭ᠎ᠠ ᠨᠢ ᠶᠠᠭ ᠯᠠ ᠠᠪᠤᠷᠭᠤ ᠯᠣᠤ ᠰᠢᠭ ᠬᠦᠮᠪᠢᠷ᠎ᠠ ᠶᠢᠨ ᠭᠤᠤ ᠶᠢᠨ ᠠᠮᠠᠰᠠᠷ ᠲᠤ ᠬᠥᠨᠳᠡᠯᠡᠨ ᠬᠡᠪᠲᠡᠵᠦ᠂ ᠬᠦᠮᠪᠢᠷ᠎ᠠ ᠭᠤᠤᠯ ᠣᠨ ᠨᠢᠷᠤᠭᠤ ᠶᠢ ᠨᠢ ᠲᠠᠰᠤᠯᠵᠤ ᠬᠠᠶᠠᠵᠠᠶ᠃ ᠴᠥᠭᠦᠷᠥᠮ ᠤᠨ ᠣᠷᠣᠨ ᠤ ᠤᠰᠤᠨ ᠤ ᠭᠠᠳᠠᠷᠭᠤ ᠶᠢᠨ ᠬᠤᠶᠢᠲᠤ ᠬᠡᠰᠡᠭ  ᠲᠤ ᠭᠦᠳᠦᠶᠢᠭᠰᠡᠨ ᠬᠤᠶᠠᠷ ᠲᠣᠮᠣ ᠴᠢᠯᠠᠭᠤᠨ ᠳᠣᠪᠤ ᠪᠠᠶᠢᠵᠤ᠂ ᠡᠮᠦᠨ᠎ᠡ ᠤᠮᠠᠷ᠎ᠠ ᠨᠢ 20 ᠮᠧᠲᠷ ᠯᠡ ᠵᠠᠶᠢᠲᠠᠶ ᠪᠠᠶᠢᠵᠤ᠂ ᠶᠠᠭ ᠯᠠ ᠨᠢᠭᠡ ᠬᠤᠤᠰ ᠡᠷᠳᠡᠨᠢ ᠮᠡᠲᠦ ᠪᠠᠶᠳᠠᠭ᠃ ᠪᠣᠷᠣᠭᠠᠨ ᠤ ᠤᠯᠠᠷᠢᠯ ᠪᠣᠯᠬᠤ ᠣᠶᠢᠶ᠎ᠠ ᠳᠤ ᠴᠥᠭᠦᠷᠥᠮ ᠤᠨ ᠤᠰᠤ ᠥᠰᠴᠦ᠂ ᠤᠰᠤᠨ ᠳᠤ ᠵᠢᠪᠳᠡᠭ ; ᠴᠥᠭᠦᠷᠥᠮ ᠤᠨ ᠣᠷᠣᠨ ᠤ ᠤᠰᠤᠨ ᠲᠦᠪᠰᠢᠨ ᠳᠣᠷᠣᠭᠰᠢᠯᠠᠬᠤ ᠣᠶᠢᠶ᠎ᠠ ᠳᠤ᠂ ᠳᠠᠬᠢᠨ ᠤᠰᠤᠨ ᠤ ᠭᠠᠳᠠᠷᠭᠤ ᠳᠡᠭᠡᠷ᠎ᠡ ᠭᠠᠷᠴᠤ ᠢᠷᠡᠨ᠎ᠡ᠃ ᠴᠥᠭᠦᠷᠥᠮ ᠤᠨ ᠤᠰᠤ ᠵᠠᠷᠢᠮ ᠳᠠᠭᠠᠨ ᠥᠰᠴᠦ ᠵᠠᠷᠢᠮ ᠳᠠᠭᠠᠨ ᠪᠠᠭᠤᠷᠠᠵᠤ᠂ ᠵᠠᠷᠢᠮ ᠳᠠᠭᠠᠨ ᠳᠠᠯᠳᠠᠯᠠᠨ ᠵᠠᠷᠢᠮ ᠳᠠᠭᠠᠨ ᠢᠯᠡᠷᠡᠵᠦ᠂ ᠤᠯᠠᠮ  ᠠᠴᠠ ᠤᠯᠠᠮ ᠭᠦᠨ ᠨᠠᠷᠢᠨ ᠥᠩᠭᠡ ᠪᠤᠳᠤᠭ ᠨᠡᠮᠡᠷᠢᠯᠡᠨ᠎ᠡ᠃ ᠪᠦᠬᠦᠶᠢᠯᠡ ᠴᠥᠭᠦᠷᠥᠮ ᠤᠨ ᠣᠷᠣᠨ ᠤ ᠤᠰᠤᠨ ᠭᠠᠳᠠᠷᠭᠤ ᠨᠢ ᠳᠣᠯᠭᠢᠶᠠᠯᠠᠨ ᠳᠠᠪᠠᠯᠭᠠᠯᠠᠵᠤ᠂ ᠬᠤᠶᠠᠷ ᠬᠥᠪᠡᠭᠡᠨ ᠤ ᠬᠥᠬᠡᠮᠳᠦᠭ ᠠᠭᠤᠯᠠ ᠲᠠᠢ ᠬᠠᠷᠢᠯᠴᠠᠨ ᠳᠣᠪᠣᠶᠢᠯᠭᠠᠵᠤ᠂ ᠦᠵᠡᠰᠬᠦᠯᠡᠩᠲᠦ ᠰᠠᠢᠬᠠᠨ ᠨᠠᠭᠤᠷ ᠠᠭᠤᠯᠠ ᠶᠢᠨ ᠦᠵᠡᠮᠵᠢ ᠶᠢ ᠪᠦᠷᠢᠯᠳᠦᠭᠦᠯᠵᠡᠶ᠃     ᠱᠤᠸᠠᠩ ᠴᠧᠩ ᠤᠰᠤᠨ ᠴᠥᠭᠦᠷᠥᠮ ᠤᠨ ᠤᠰᠤ ᠲᠤᠩᠭᠠᠯᠠᠭ ᠵᠢᠭᠠᠰᠤ ᠰᠠᠢᠬᠠᠨ᠃ ᠬᠥᠮᠥᠷᠭᠡ ᠳᠤ ᠮᠥᠷᠭᠦ ᠵᠢᠭᠠᠰᠤ᠂ ᠬᠡᠯᠲᠡᠭᠡ ᠵᠢᠭᠠᠰᠤ᠂ ᠡᠪᠡᠰᠦᠨ ᠵᠢᠭᠠᠰᠤ᠂ ᠴᠤᠯᠪᠤᠷᠲᠤ ᠵᠢᠭᠠᠰᠤ ᠵᠡᠷᠭᠡ ᠵᠢᠭᠠᠰᠤᠨ ᠤ ᠲᠥᠷᠥᠯ ᠢ ᠲᠠᠯᠪᠢᠵᠤ ᠂ ᠲᠤᠩᠭᠠᠯᠠᠭ ᠡᠳᠦᠷ ᠪᠣᠯᠬᠤ ᠪᠦᠷᠢ ᠵᠢᠭᠠᠰᠤ ᠤᠰᠤᠨ ᠤ ᠭᠠᠳᠠᠷᠭᠤ ᠳᠡᠭᠡᠷ᠎ᠡ ᠦᠰᠦᠷᠦᠨ ᠭᠠᠷᠴᠤ᠂ ᠤᠰᠤᠨ ᠰᠢᠪᠠᠭᠤ ᠶᠢ ᠤᠷᠪᠠᠭᠤᠯᠤᠭᠠᠳ ᠪᠤᠴᠠᠬᠤ ᠪᠠᠨ ᠮᠠᠷᠲᠠᠭᠤᠯᠳᠠᠭ᠃ 2003 ᠣᠨ ᠳᠤ ᠱᠤᠸᠠᠩ ᠴᠧᠩ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠪᠡ᠃ ᠣᠳᠣ᠂ ᠤᠰᠤ ᠬᠠᠰᠢᠬᠤ ᠬᠠᠰᠢᠯᠭ᠎ᠠ ᠭᠤᠶᠤ ᠰᠠᠢᠬᠠᠨ ᠪᠣᠯᠵᠤ᠂ ᠦᠶᠡᠷ ᠵᠠᠯᠠᠬᠤ ᠬᠠᠭᠠᠯᠲᠠ ᠰᠦᠷᠯᠢᠭ ᠰᠠᠢᠬᠠᠨ ᠪᠣᠯᠵᠤ᠂ ᠨᠠᠩ ᠴᠤ ᠵᠠᠮ ᠤᠨ ᠳ᠋ᠧᠩ ᠭᠢᠯᠠᠯᠵᠠᠵᠤ᠂ ᠤᠰᠤᠨ ᠴᠥᠭᠦᠷᠥᠮ ᠤᠨ ᠦᠵᠡᠮᠵᠢ ᠶᠢ ᠪᠦᠬᠦᠯᠢ ᠴᠣᠭᠴᠠ ᠪᠠᠷ ᠰᠠᠶᠢᠵᠢᠷᠠᠭᠤᠯᠬᠤ ᠶᠢᠨ ᠬᠠᠮᠲᠤ ᠪᠠᠰᠠ ᠵᠤᠭᠠᠴᠠᠭᠰᠠᠳ ᠲᠤ ᠰᠥᠨᠢ ᠶᠢᠨ ᠦᠵᠡᠮᠵᠢ ᠨᠡᠮᠡᠵᠦ ᠥᠭᠴᠡᠶ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号