ᠲᠠᠢ ᠫᠢᠩ ᠰᠢᠶᠠᠩ ᠤᠨ ᠵᠠᠰᠠᠭ ᠤᠨ ᠣᠷᠳᠣᠨ ᠤ ᠵᠡᠭᠦᠨ 600 ᠮᠧᠲᠷ ᠤᠨ ᠭᠠᠵᠠᠷ ᠲᠤ ᠪᠠᠶᠢᠷᠢᠯᠠᠵᠤ᠂ G | 111 ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠠᠴᠠ 7 ᠺᠢᠯᠣᠮᠧᠲᠷ ᠵᠠᠶᠢᠲᠠᠶ ᠪᠠᠶᠢᠵᠤ᠂ ᠠᠮᠢ ᠠᠬᠤᠶ ᠶᠢᠨ | ᠲᠡᠵᠢᠭᠡᠨ ᠦᠷᠡᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠲᠣᠭᠤᠷᠢᠨ ᠵᠤᠭᠠᠴᠠᠬᠤ ᠶᠢ ᠨᠢᠭᠡ | ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠤ ᠦᠶ᠋ᠯᠡᠰ ᠤᠨ ᠬᠦᠷᠢᠶᠡᠯᠡᠩ ᠲᠣᠭᠤᠷᠢᠭ ᠪᠣᠯᠤᠨ᠎ᠠ᠃ | ᠶᠡᠷᠦᠩᠬᠡᠶ ᠲᠠᠯᠠᠪᠠᠶ ᠨᠢ 15000 ᠮᠥ ᠪᠠᠶᠢᠵᠤ᠂ ᠬᠦᠷᠢᠶᠡᠯᠡᠩ ᠲᠣᠭᠤᠷᠢᠭ ᠨᠢ ᠲᠠᠷᠢᠶᠠᠯᠠᠩ ᠮᠠᠯ ᠠᠵᠤ ᠠᠬᠤᠶ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ᠂ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ | ᠵᠢᠱᠢᠶ᠎ᠡ ᠦᠵᠡᠭᠦᠯᠬᠦ ᠲᠣᠭᠤᠷᠢᠭ ᠪᠠ ᠰᠡᠯᠡᠭᠦᠴᠡᠨ ᠵᠢᠭᠤᠯᠴᠢᠯᠠᠵᠤ ᠲᠣᠭᠤᠷᠢᠨ ᠦᠵᠡᠬᠦ ᠲᠣᠭᠤᠷᠢᠭ ᠢ ᠴᠣᠭᠴᠠᠯᠠᠨ | ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨ᠎ᠡ ᠲᠥᠷᠥᠯ ᠵᠦᠶ᠋ᠯ ᠰᠢᠨ᠎ᠡ ᠮᠡᠷᠭᠡᠵᠢᠯ ᠤᠨ ᠬᠡᠷᠡᠭᠯᠡᠯᠲᠡ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠤᠯᠤᠭᠰᠠᠨ ᠦᠶ᠋ᠯᠡᠳᠪᠦᠷᠢᠯᠡᠯ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠭ᠎ᠠ᠂ ᠵᠢᠭᠤᠯᠴᠢᠯᠠᠨ ᠲᠣᠭᠤᠷᠢᠵᠤ ᠪᠡᠶᠡᠴᠢᠯᠡᠨ ᠣᠶᠢᠯᠠᠭᠠᠬᠤ ᠵᠡᠷᠭᠡ ᠣᠯᠠᠨ | ᠡᠵᠡᠩᠨᠡᠯᠲᠡ ᠶᠢᠨ ᠪᠠᠶᠢᠳᠠᠯ ᠲᠥᠯᠥᠪ᠂ ᠬᠡᠯᠬᠢᠶᠡᠵᠢᠯ᠂ ᠭᠤᠷᠪᠠᠳᠤᠭᠠᠷ ᠠᠵᠤ ᠦᠶ᠋ᠯᠡᠰ ᠤᠨ ᠠᠭᠤᠰᠤᠯᠴᠠᠨ | ᠬᠥᠭᠵᠢᠭᠰᠡᠨ ᠨᠡᠪᠴᠢᠭᠦᠯᠬᠦ ᠲᠠᠪᠴᠠᠩ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ 2016 ᠣᠨ ᠳᠤ ᠬᠢᠩᠭᠠᠨ | ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠵᠣ᠂ | 2019 ᠣᠨ ᠳᠤ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ 2020 | ᠣᠨ ᠳᠤ ᠤᠯᠤᠰ ᠤᠨ ᠲᠠᠰ ᠤᠨ ᠠᠵᠤ ᠦᠶ᠋ᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠪᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠤᠰᠬᠠᠶ ᠣᠷᠣᠨ ᠬᠤᠲᠠ ᠶᠢᠨ ᠲᠠᠰ ᠤᠨ ᠣᠲᠣ | ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠴᠣᠯᠠ ᠭᠥᠷᠳᠡᠪᠡ᠃ | | | | | | | |