ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ
ᠨᠡᠶᠢᠲᠡᠯᠡᠭᠰᠡᠨ ᠴᠠᠭ᠄
2021/9/17
  ᠰᠠᠶᠢᠨᠬᠤᠸᠠᠷ ᠤᠳᠤ ᠦᠶ᠎ᠡ ᠶᠢᠨ ᠲᠠᠷᠢᠶᠠᠯᠠᠩ ᠤᠨ ᠠᠮᠢ ᠠᠬᠤᠶ ᠶᠢᠨ ᠬᠦᠷᠢᠶᠡᠯᠡᠩ ᠪᠣᠯ ᠲᠦᠴᠢᠦᠸᠠᠨ ᠰᠢᠶᠠᠨ ᠤ ︽ᠠᠵᠤ ᠦᠢᠯᠡᠰ ᠢ ᠪᠤᠶᠢᠵᠢᠭᠤᠯᠬᠤ᠂ ᠲᠠᠷᠢᠶᠠᠴᠢᠨ ᠢ ᠰᠢᠯᠵᠢᠭᠦᠯᠬᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠭᠤᠣᠯᠳᠠᠯᠭ᠎ᠠ ᠲᠠᠢ ᠢᠨᠵᠧᠨᠧᠷᠢᠩ ᠪᠣᠯᠤᠨ᠎ᠠ᠂ 3000 ᠮᠦ ᠲᠠᠯᠠᠪᠠᠢ ᠲᠠᠢ ᠂ 1200 ᠬᠦᠯᠡᠮᠵᠢ ᠲᠠᠢ᠂ ᠠᠶᠢᠮᠠᠭ ᠤᠨ ᠲᠡᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠤᠨ᠎ᠠ᠃ ᠬᠦᠷᠢᠶᠡᠯᠡᠩ ᠲᠣᠭᠤᠷᠢᠭ ᠲᠤ ᠲᠦᠴᠢᠦᠸᠠᠨ ᠰᠢᠶᠠᠨ ᠤ ᠲᠠᠷᠢᠶᠠᠯᠠᠬᠤ ᠠᠷᠠᠳ ᠤᠨ ᠵᠠᠩ ᠦᠢᠯᠡ ᠶᠢᠨ ᠮᠦᠽᠧᠢ᠂ ᠲᠠᠷᠢᠶᠠᠯᠠᠬᠤ ᠤᠩᠰᠢᠯᠭ᠎ᠠ ᠶᠢᠨ ᠠᠭᠤᠳᠠᠮ ᠲᠠᠯᠠᠪᠠᠢ᠂ ᠬᠤᠪᠢ ᠶᠢᠨ ᠮᠠᠰᠢᠨ ᠲᠡᠷᠭᠡᠨ ᠤ ᠪᠠᠭᠤᠴᠠ᠂ ᠲᠤᠮᠤ ᠢᠩᠲᠣᠣᠷ᠂ ᠭᠦᠵᠡᠯᠵᠡᠭᠡᠨ᠎ᠡ᠂ ᠦᠵᠦᠮ᠂ ᠠᠮᠲᠠᠲᠤ ᠬᠡᠮᠬᠡ᠂ ᠲᠤᠰᠤᠨ ᠲᠤᠭᠤᠷ᠂ ᠱᠠᠪᠲᠠᠯ᠎ᠠ ᠵᠡᠷᠭᠡ ᠬᠦᠯᠡᠮᠵᠢ ᠳᠤ ᠲᠦᠷᠪᠡᠨ ᠤᠯᠠᠷᠢᠯ ᠤᠨ ᠠᠩᠬᠢᠯᠤᠮ᠎ᠠ ᠦᠨᠦᠷ ᠬᠠᠩᠬᠤᠯᠵᠤ᠂ ᠮᠠᠨ ᠤ ᠰᠢᠶᠠᠨ ᠤ ᠬᠤᠳᠠ ᠬᠥᠳᠡᠭᠡ ᠶᠢᠨ ᠵᠤᠭᠠᠴᠠᠯ᠂ ᠠᠮᠠᠷᠠᠯᠲᠠ ᠶᠢᠨ ᠡᠳᠦᠷ ᠤᠨ ᠵᠤᠭᠠᠴᠠᠯ᠂ ᠲᠡᠭᠦᠵᠦ ᠵᠤᠭᠠᠴᠠᠬᠤ ᠬᠠᠮᠤᠭ ᠤᠨ ᠰᠠᠶᠢᠨ ᠭᠠᠵᠠᠷ ᠪᠤᠯᠵᠤ᠂ 2015 ᠣᠨ ᠳᠤ ᠤᠯᠤᠰ ᠤᠨ AAA ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号