2016 ᠤᠨ ᠪᠣᠯᠲᠠᠯ᠎ᠠ᠂ ᠦᠵᠡᠮᠵᠢ ᠶᠢᠨ ᠣᠷᠣᠨ ᠨᠢᠭᠡᠨᠲᠡ 4600 ᠲᠦᠮᠡᠨ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ︽ᠲᠦᠴᠢᠦᠸᠠᠨ ᠰᠢᠶᠠᠨ ᠤ ᠳ᠋ᠦ᠋ ᠰᠢ ᠭᠸᠦ ᠠᠮᠠᠷᠠᠯᠲᠠ ᠶᠢᠨ ᠣᠷᠣᠨ ᠤ | ᠪᠣᠯᠤᠮᠵᠢᠲᠤ ᠰᠤᠳᠤᠯᠤᠯ ᠤᠨ ᠮᠡᠳᠡᠭᠦᠯᠦᠯᠲᠡ︾ ︽ᠳ᠋ᠦ᠋ ᠰᠢ ᠭᠸᠦ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠤ | ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ | ᠪᠥᠲᠥᠭᠡᠨ ᠪᠠᠶᠢᠭᠤᠯᠬᠤ ᠪᠠ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠪᠠ᠃ ᠵᠤᠴᠢᠨ ᠤᠭᠲᠤᠬᠤ ᠫᠠᠶᠢᠰᠠᠲᠤ ᠠᠰᠠᠷ᠂ ᠡᠷᠲᠡᠨ ᠤ ᠬᠢ ᠶᠢ ᠳᠠᠭᠤᠷᠢᠶᠠᠭᠰᠠᠨ ᠰᠡᠷᠢᠭᠦᠨ ᠲᠢᠩᠰᠡ᠂ | ᠵᠣᠬᠢᠶᠠᠮᠠᠯ ᠨᠠᠭᠤᠷ᠂ ᠲᠡᠷᠭᠡᠨ ᠵᠣᠭᠰᠣᠭᠠᠯ᠂ ᠦᠵᠡᠮᠵᠢ ᠶᠢᠨ ᠵᠠᠮ᠂ ᠴᠠᠬᠢᠯᠭᠠᠨ ᠬᠦᠴᠦᠨ ᠤ ᠱᠤᠭᠤᠮ᠂ | ᠡᠷᠲᠡᠨ ᠤ ᠬᠢ ᠶᠢ ᠳᠠᠭᠤᠷᠢᠶᠠᠭᠰᠠᠨ ᠤᠷᠲᠤ ᠬᠤᠩᠭᠢᠯ ᠪᠣᠯᠤᠨ ᠠᠯᠪᠠᠨ ᠭᠡᠷ ᠵᠡᠷᠭᠡ ᠡᠯ᠎ᠡ ᠵᠦᠢᠯ ᠤᠨ ᠰᠠᠭᠤᠷᠢ | ᠲᠥᠬᠦᠭᠡᠷᠦᠮᠵᠢ ᠶᠢ ᠨᠢᠭᠡᠨᠲᠡ ᠳᠠᠭᠤᠰᠬᠠᠵᠤ᠂ ᠬᠦᠯᠢᠶᠡᠨ ᠠᠪᠬᠤ ᠲᠥᠪ᠂ ᠵᠢᠭᠤᠯᠴᠢᠯᠠᠯ ᠤᠨ ᠵᠣᠷᠯᠣᠩ ᠤᠨ ᠭᠤᠣᠯ | ᠴᠣᠭᠴᠠ ᠶᠢ ᠨᠢᠭᠡᠨᠲᠡ ᠪᠢᠲᠡᠭᠦᠮᠵᠢᠯᠡᠵᠦ᠂ ᠠᠭᠤᠯᠠ ᠠᠪᠠᠷᠢᠬᠤ ᠶᠠᠪᠠᠭᠠᠨ ᠵᠠᠮ ᠢ ᠪᠦᠬᠦ ᠱᠤᠭᠤᠮ ᠢᠶᠠᠷ ᠵᠠᠰᠠᠵᠤ | ᠨᠡᠪᠲᠡᠷᠡᠭᠦᠯᠪᠡ᠃ ᠡᠯ᠎ᠡ ᠵᠦᠢᠯ ᠤᠨ ᠵᠢᠮᠢᠰ ᠤᠨ ᠮᠣᠳᠣ ᠶᠢ ᠮᠢᠩᠭᠠᠨ ᠮᠦ ᠰᠢᠬᠠᠮ ᠵᠠᠶᠢᠯᠠᠵᠤ᠂ 18 ᠬᠤᠳᠳᠤᠭ | ᠮᠠᠯᠲᠠᠪᠠ᠃ ᠲᠥᠯᠥᠪᠵᠢᠭᠦᠯᠭᠡ ᠶᠣᠰᠣᠭᠠᠷ ᠦᠵᠡᠮᠵᠢ ᠶᠢᠨ ᠣᠷᠣᠨ ᠤ ᠳᠣᠲᠣᠷᠠᠬᠢ ᠣᠲᠣ ᠶᠢᠨ ᠪᠠᠶᠢᠭ᠎ᠠ | ᠪᠠᠶᠢᠭᠠᠯᠢ ᠶᠢᠨ ᠦᠵᠡᠮᠵᠢ ᠳᠤ ᠲᠦᠰᠢᠭᠯᠡᠨ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠤᠨ᠎ᠠ᠃ ᠲᠠᠬᠢᠯᠭ᠎ᠠ ᠶᠢᠨ ᠲᠠᠶᠢᠰᠠ᠂ ᠡᠯᠭᠦᠮᠡᠯ ᠬᠦᠷᠬᠢᠷ᠎ᠡ᠂ ᠵᠢᠭᠤᠯᠴᠢᠯᠠᠭᠴᠢᠳ ᠢ | ᠭᠥᠯᠢᠶᠡᠨ ᠠᠪᠬᠤ ᠦᠢᠯᠡᠴᠢᠯᠡᠭᠡᠨ ᠤ ᠲᠥᠪ᠂ ᠵᠢᠭᠤᠯᠴᠢᠯᠠᠯ ᠤᠨ ᠵᠣᠷᠯᠣᠩ᠂ ᠬᠤᠭ ᠨᠣᠪᠰᠢ ᠰᠢᠢᠳᠪᠤᠷᠢᠯᠡᠬᠦ ᠲᠠᠲᠠᠭᠠᠯ | ᠂ ᠮᠣᠷᠢ ᠤᠷᠤᠯᠳᠤᠬᠤ ᠲᠠᠯᠠᠪᠠᠶ᠂ ᠵᠢᠭᠤᠯᠴᠢᠯᠠᠯ ᠤᠨ ᠮᠠᠰᠢᠨ ᠲᠡᠷᠭᠡᠨ ᠤ ᠲᠤᠰᠬᠠᠶ ᠱᠤᠭᠤᠮ᠂ ᠠᠭᠤᠯᠠ ᠠᠪᠠᠷᠢᠬᠤ | ᠶᠠᠪᠠᠭᠠᠨ ᠵᠠᠮ ᠵᠢᠴᠢ ᠵᠢᠭᠤᠯᠴᠢᠯᠠᠭᠴᠢᠳ ᠤᠨ ᠵᠤᠭ᠎ᠠ ᠴᠡᠩᠭᠡᠯ ᠤᠨ ᠲᠥᠪ᠂ ᠪᠡᠶᠡᠴᠢᠯᠡᠨ ᠣᠶᠢᠯᠠᠭᠠᠬᠤ ᠲᠥᠪ᠂ | ᠵᠢᠭᠤᠯᠴᠢᠯᠠᠯ ᠤᠨ ᠦᠶ᠋ᠯᠡᠳᠬᠦᠨ ᠦᠶ᠋ᠯᠡᠳᠪᠦᠷᠢᠯᠡᠬᠦ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ᠂ ᠪᠣᠷᠣᠯᠠᠭᠤᠯᠬᠤ | ᠲᠥᠪ ᠵᠡᠷᠭᠡ ᠰᠠᠭᠤᠷᠢ ᠪᠡᠯᠡᠳᠬᠡᠮᠵᠢ ᠪᠠᠶᠢᠭᠤᠯᠬᠤ ᠪᠠᠷ ᠲᠥᠯᠥᠪᠯᠡᠵᠦ᠂ ᠳ᠋ᠦ᠋ ᠰᠢ ᠭᠸᠤ ᠶᠢ ᠰᠣᠨᠢᠷᠬᠠᠬᠤ᠂ ᠵᠤᠭ᠎ᠠ | ᠴᠡᠩᠭᠡᠯ᠂ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠵᠢᠭᠤᠯᠴᠢᠯᠠᠯ ᠤᠨ | ᠠᠮᠠᠷᠠᠯᠲᠠ ᠶᠢᠨ ᠣᠷᠣᠨ ᠪᠣᠯᠭᠠᠬᠤ ᠪᠠᠷ ᠴᠢᠷᠮᠠᠶᠢᠨ᠎ᠠ᠃ | | | | | | | |