ᠬᠤᠸᠠᠷ ᠤᠨ ᠳᠠᠯᠠᠢ ᠥᠷᠲᠡᠭᠡ ᠨᠢ G 1111 ᠤᠯᠤᠰ ᠤᠨ ᠵᠠᠮ ᠤᠨ ᠲᠦᠴᠢᠦᠸᠠᠨ ᠪᠠᠯᠭᠠᠰᠤᠨ ᠤ ᠡᠮᠦᠨ᠎ᠡ | ᠨᠠᠭᠤᠷ ᠴᠡᠴᠡᠷᠯᠢᠭ ᠤᠨ ᠵᠡᠭᠦᠨ ᠡᠷᠭᠢ ᠳᠤ ᠪᠠᠶᠢᠷᠢᠯᠠᠵᠤ᠂ ᠷᠠᠰᠢᠶᠠᠨ ᠬᠠᠶᠢᠯᠠᠷ ᠮᠠᠨᠵᠤᠤᠷ ᠤᠨ ᠵᠢᠭᠤᠯᠴᠢᠯᠠᠯ ᠤᠨ | ᠱᠤᠭᠤᠮ ᠤᠨ ᠳᠣᠲᠣᠷ᠎ᠠ ᠪᠠᠶᠢᠷᠢᠯᠠᠵᠤ᠂ ᠡᠮᠦᠨᠡᠰᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ | ᠬᠠᠪᠢᠳᠠᠵᠤ᠂ ᠤᠮᠠᠷᠠᠰᠢ ᠤᠯᠠᠭᠠᠨᠬᠤᠲᠠ ᠲᠠᠢ ᠵᠠᠯᠭᠠᠯᠳᠤᠵᠤ᠂ ᠵᠡᠭᠦᠨᠰᠢ ᠪᠠᠶ ᠴᠧᠩ ᠬᠤᠲᠠ ᠶᠢ ᠰᠤᠨᠳᠠᠯᠠᠵᠤ᠂ | ᠪᠠᠷᠠᠭᠤᠨᠰᠢ ᠬᠤᠤᠯᠢᠨ ᠭᠤᠤᠯ ᠢ ᠪᠡᠷᠡᠯᠡᠵᠦ᠂ ᠪᠡᠭᠡᠵᠢᠩ ᠲᠢᠶᠠᠨᠵᠢᠨ ᠾᠧᠪᠧᠶ ᠶᠢᠨ ᠵᠤᠭᠠᠴᠠᠭᠰᠠᠳ ᠥᠪᠡᠰᠦᠪᠡᠨ | ᠲᠡᠷᠭᠡ ᠵᠢᠯᠣᠭᠤᠳᠴᠤ ᠷᠠᠰᠢᠶᠠᠨ ᠬᠠᠶᠢᠯᠠᠷ ᠮᠠᠨᠵᠤᠤᠷ ᠲᠤ ᠵᠢᠭᠤᠯᠴᠢᠯᠠᠬᠤ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠃ | ᠴᠡᠴᠡᠭ ᠤᠨ ᠲᠡᠯᠡᠶ ᠨᠢ 215 ᠮᠥ ᠭᠠᠵᠠᠷ ᠡᠵᠡᠯᠡᠵᠦ᠂ ᠴᠡᠴᠡᠭ ᠤᠨ ᠲᠡᠯᠡᠶ ᠶᠢᠨ ᠭᠤᠸ᠎ᠠ ᠶᠢᠨ ᠲᠠᠷᠢᠶᠠᠨ ᠭᠠᠵᠠᠷ ᠤᠨ | ᠦᠵᠡᠮᠵᠢ ᠶᠢᠨ ᠪᠦᠰᠡ᠂ ᠥᠷᠲᠡᠭᠡᠨ ᠤ ᠲᠥᠪ᠂ ᠲᠡᠷᠭᠡᠨ ᠵᠣᠭᠰᠣᠭᠠᠯ᠂ ᠦᠵᠡᠮᠵᠢ ᠶᠢᠨ ᠲᠠᠶᠢᠰᠠ᠂ ᠴᠡᠴᠡᠭ ᠤᠨ | ᠲᠡᠯᠡᠶ ᠶᠢᠨ ᠬᠤᠩᠭᠢᠯ᠂ ᠬᠤᠯᠠᠨᠳ᠋ ᠤᠨ ᠰᠠᠯᠬᠢᠨ ᠲᠡᠷᠭᠡ ᠵᠡᠷᠭᠡ ᠢᠵᠢ ᠪᠥᠷᠢᠳᠦᠭᠰᠡᠨ ᠲᠥᠬᠦᠭᠡᠷᠦᠮᠵᠢ ᠶᠢ ᠪᠠᠶᠢᠭᠤᠯᠪᠠ᠃ | ᠵᠤᠭᠠᠴᠠᠭᠰᠠᠳ ᠦᠵᠡᠮᠵᠢ ᠰᠣᠨᠢᠷᠬᠠᠬᠤ ᠶᠢᠨ ᠳᠠᠭᠠᠤ ᠲᠡᠭᠦᠵᠦ ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ 8 | ᠺᠢᠯᠤᠮᠧᠲᠷ ᠤᠨ ᠳᠤᠭᠤᠢ ᠲᠡᠷᠭᠡᠨ ᠤ ᠵᠠᠮ ᠨᠢ ᠨᠢᠳᠤᠨᠤᠨ ᠤ ᠪᠠᠶᠢᠭᠤᠯᠤᠭᠰᠠᠨ 22l ᠺᠢᠯᠤᠮᠧᠲᠷ ᠤᠨ ᠵᠠᠮ ᠲᠠᠢ | ᠵᠠᠯᠭᠠᠯᠳᠤᠵᠤ᠂ ᠬᠥᠮᠦᠰ ᠤᠨ ᠡᠷᠡᠭᠦᠯ ᠮᠡᠨᠳᠦ ᠪᠠᠷ ᠳᠤᠭᠤᠢ ᠲᠡᠷᠭᠡ ᠤᠨᠤᠬᠤ ᠳᠤ ᠠᠰᠢᠭᠲᠠᠢ ᠭᠠᠵᠠᠷ ᠪᠣᠯᠵᠠᠢ᠃ | | | | | |