ᠲᠦᠴᠢᠦᠸᠠᠨ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/9/17
   ᠲᠦᠴᠢᠦᠸᠠᠨ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠢ 2002 ᠣᠨ ᠳᠤ ᠪᠠᠶᠢᠭᠤᠯᠤᠭᠰᠠᠨ ᠶᠤᠮ᠂ ᠤᠤᠯ ᠤᠨ ᠡᠮᠦᠨ᠎ᠡ ᠲᠣᠭᠤᠷᠢᠭ ᠤᠨ ᠪᠠᠭ᠎ᠠ ᠰᠤᠷᠭᠠᠭᠤᠯᠢ ᠠᠴᠠ ᠥᠭᠡᠷᠡᠴᠢᠯᠡᠨ ᠪᠠᠶᠢᠭᠤᠯᠤᠭᠰᠠᠨ ᠶᠤᠮ᠃ 2009 ᠣᠨ ᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠣᠨ ᠣᠷᠳᠣᠨ ᠵᠡᠷᠭᠡ ᠡᠯ᠎ᠡ ᠱᠠᠲᠤᠨ ᠤ ᠤᠳᠤᠷᠢᠳᠤᠯᠭ᠎ᠠ ᠶᠢᠨ ᠴᠢᠬᠤᠯᠠᠴᠢᠯᠠᠯ ᠪᠠ ᠳᠡᠮᠵᠢᠯᠭᠡ ᠳᠣᠤᠷ᠎ᠠ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠦᠴᠦᠲᠡᠶ ᠬᠠᠪᠰᠤᠷᠤᠯᠭ᠎ᠠ ᠳᠣᠤᠷ᠎ᠠ᠂ 400 ᠭᠠᠷᠤᠶ ᠲᠦᠮᠡᠨ ᠲᠥᠭᠦᠷᠢᠭ ᠪᠡᠯᠡ ᠣᠷᠣᠭᠤᠯᠵᠤ᠂ ᠲᠥᠬᠦᠭᠡᠷᠦᠮᠵᠢ ᠨᠢ ᠪᠦᠷᠢᠨ ᠭᠦᠶᠴᠡᠳ᠂ ᠳᠦᠷᠰᠦ ᠪᠦᠲᠦᠭᠡᠯᠲᠡ ᠨᠢ ᠣᠨᠴᠠᠭᠠᠢ᠂ ᠣᠨᠴᠠᠯᠢᠭ ᠨᠢ ᠢᠯᠡ ᠲᠣᠳᠣ᠂ ᠲᠦᠯ ᠤᠨ ᠪᠠᠶᠠᠯᠢᠭ ᠬᠡᠦᠬᠡᠳ ᠤᠨ ᠳᠤᠷ᠎ᠠ ᠰᠣᠨᠢᠷᠬᠠᠯ ᠲᠠᠢ ᠣᠳᠣᠬᠢᠴᠢᠯᠠᠭᠰᠠᠨ ᠵᠢᠭᠠᠨ ᠰᠤᠷᠭᠠᠬᠤ ᠠᠰᠠᠷ ᠢ ᠰᠢᠨ᠎ᠡ ᠪᠠᠷ ᠪᠠᠶᠢᠭᠤᠯᠪᠠ᠃ ᠪᠦᠬᠦ ᠴᠡᠴᠡᠷᠯᠢᠭ ᠢᠶᠠᠷ ᠢᠶᠠᠨ 13956.04 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠪᠠᠷᠢᠯᠭ᠎ᠠ ᠶᠢᠨ ᠲᠠᠯᠠᠪᠠᠢ  ᠨᠢ 2679 ᠲᠡᠭᠰᠢ ᠳᠥᠷᠪᠡᠯᠵᠢᠨ ᠮᠧᠲᠷ ᠪᠣᠢ᠃ ᠣᠳᠣᠬᠠᠨ ᠳᠤ ᠨᠡᠶᠢᠲᠡ 10 ᠵᠢᠭᠠᠨ ᠰᠤᠷᠭᠠᠯᠲᠠ ᠶᠢᠨ ᠠᠩᠭᠢ ᠡᠷᠬᠢᠯᠡᠵᠦ᠂ ᠤᠳᠤ ᠬᠡᠦᠬᠡᠳ ᠣᠯᠠᠨ᠂ ᠪᠠᠭᠰᠢ ᠠᠵᠢᠯᠲᠠᠨ 35 ᠪᠣᠶ᠂ ᠡᠭᠦᠨ ᠳᠤ ᠳᠡᠳ᠋ ᠳᠡᠭᠡᠰᠦ ᠵᠡᠷᠭᠡ ᠶᠢᠨ ᠮᠡᠷᠭᠡᠵᠢᠯ ᠤᠨ ᠴᠣᠯᠠ ᠲᠠᠢ 11 ᠬᠥᠮᠦᠨ᠂ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠲᠠᠢ 17 ᠬᠥᠮᠦᠨ ᠪᠠᠶᠢᠵᠤ᠂ ᠰᠤᠷᠤᠯᠭ᠎ᠠ ᠶᠢᠨ ᠨᠠᠮᠲᠠᠷ ᠤᠨ ᠬᠢᠷᠢ ᠲᠡᠩᠴᠡᠭᠰᠡᠨ ᠨᠣᠷᠮ᠎ᠠ 100 % ᠳᠤ ᠬᠦᠷᠴᠡᠶ᠃ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠤ ᠵᠢᠯᠣᠭᠤᠳᠤᠯᠭ᠎ᠠ ᠳᠣᠤᠷ᠎ᠠ᠂ ᠬᠤᠶᠠᠳᠤᠭᠠᠷ ᠨᠢᠯᠬ᠎ᠠ ᠬᠡᠦᠬᠡᠳ ︽ᠬᠡᠦᠬᠡᠳ ᠤᠨ ᠨᠠᠰᠤᠨ ᠲᠤᠷᠰᠢᠳᠠ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠠᠰᠠᠷᠠᠨ ᠬᠥᠮᠦᠵᠢᠭᠦᠯᠬᠦ ᠶᠢ ᠵᠡᠷᠭᠡ ᠪᠠᠷ ᠴᠢᠬᠤᠯᠠᠴᠢᠯᠠᠵᠤ᠂ ᠨᠠᠭᠠᠳᠤᠮ ᠲᠣᠭᠯᠠᠭᠠᠮ ᠣᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠡᠦᠬᠡᠳ ᠤᠳ ᠲᠤ ᠡᠶ᠎ᠡ ᠵᠣᠬᠢᠴᠠᠩᠭᠤᠶ ᠦᠰᠦᠨ ᠪᠣᠶᠢᠵᠢᠬᠤ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃    ᠬᠤᠶᠠᠳᠤᠭᠠᠷ ᠬᠡᠦᠬᠡᠳ ᠤᠨ ᠴᠡᠴᠡᠷᠯᠢᠭ ᠨᠢ ︽ᠵᠦᠭᠯᠡᠭᠦᠷ︾᠂ ︽ᠳᠦᠷᠢᠮ ᠲᠣᠭᠲᠠᠭᠠᠯ︾ ᠪᠣᠯᠤᠨ ︽ᠬᠥᠲᠥᠯᠪᠦᠷᠢ︾ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ᠠᠯᠢᠪᠠ ᠪᠦᠬᠦᠨ ᠬᠡᠦᠬᠡᠳ ᠤᠨ ᠲᠥᠯᠥᠭᠡ᠂ ᠠᠯᠢᠪᠠ ᠬᠡᠦᠬᠡᠳ ᠤᠨ ᠲᠥᠯᠥᠭᠡ᠂ ᠬᠡᠦᠬᠡᠳ ᠤᠨ ᠠᠯᠢᠪᠠ ᠪᠦᠬᠦᠨ ᠤ ᠲᠥᠯᠥᠭᠡ︾ ᠭᠡᠳᠡᠭ ᠢᠶᠠᠷ ᠬᠡᠦᠬᠡᠳ ᠤᠨ ᠴᠡᠴᠡᠷᠯᠢᠭ ᠡᠷᠬᠢᠯᠡᠬᠦ ᠵᠣᠷᠢᠯᠲᠠ ᠪᠣᠯᠭᠠᠵᠤ᠂ ︽ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠵᠤ᠂ ᠨᠡᠶᠢᠭᠡᠮ ᠨᠡᠢᠲᠡ ᠳᠤ ᠬᠠᠨᠤᠮᠵᠢᠲᠠᠶ ᠪᠠᠶᠢᠯᠭᠠᠬᠤ︾ ᠪᠠᠷ ᠦᠶᠯᠡᠴᠢᠯᠡᠬᠦ ᠴᠢᠭᠯᠡᠯ ᠪᠣᠯᠭᠠᠨ᠎ᠠ᠃ ︽ᠲᠡᠷᠢᠭᠦᠨ ᠤ ᠴᠡᠴᠡᠷᠯᠢᠭ ᠡᠷᠬᠢᠯᠡᠬᠦ ᠨᠥᠬᠦᠴᠡᠯ ᠳᠤ ᠬᠦᠷᠴᠦ᠂ ᠲᠡᠷᠢᠭᠦᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠡᠭᠦᠳᠴᠦ᠂ ᠲᠡᠷᠢᠭᠦᠨ ᠤ ᠪᠠᠭᠰᠢ ᠠᠵᠢᠯᠲᠠᠨ ᠤ ᠡᠩᠨᠡᠭᠡ ᠶᠢ ᠪᠠᠢᠭᠤᠯᠵᠤ᠂ ᠲᠡᠷᠢᠭᠦᠨ ᠤ ᠴᠡᠴᠡᠷᠯᠢᠭ ᠡᠷᠬᠢᠯᠡᠬᠦ ᠶᠠᠰᠤ ᠴᠢᠨᠠᠷ ᠢ ᠲᠡᠮᠡᠴᠡᠨ ᠣᠯᠬᠤ︾ ᠬᠠᠷᠠᠯᠲᠠ ᠪᠠᠷ ︽ᠪᠦᠯᠬᠦᠮᠳᠡᠨ ᠳᠠᠪᠰᠢᠵᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ 》 ᠴᠡᠴᠡᠷᠯᠢᠭ ᠣᠨ ᠬᠡᠪ ᠰᠤᠷᠲᠠᠯ ᠪᠠ ︽ᠦᠨᠡᠨᠴᠢ ᠬᠠᠶᠢᠷ᠎ᠠ᠂ ᠴᠢᠳᠠᠮᠠᠭᠠᠶ ᠬᠥᠲᠥᠯᠬᠦ᠂ ᠴᠣᠪᠣᠭᠤ ᠳᠡᠭᠵᠢᠨ︾ ᠰᠤᠷᠭᠠᠨ ᠬᠥᠮᠦᠵᠢᠯ ᠤᠨ ᠬᠡᠪ ᠰᠤᠷᠲᠠᠯ ᠨᠢ ᠨᠢᠭᠡᠨ ᠰᠠᠯᠠᠭ᠎ᠠ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠬᠦᠴᠢᠷ ᠪᠡᠷᠬᠡ ᠳᠤ ᠴᠢᠳᠠᠮᠠᠭᠠᠶ᠂ ᠡᠭᠦᠳᠦᠨ ᠪᠦᠲᠦᠭᠡᠬᠦ ᠳᠤᠷᠠᠲᠠᠶ ᠰᠤᠳᠤᠯᠭᠠᠨ ᠤ ᠬᠡᠯᠪᠡᠷᠢ ᠶᠢᠨ ᠪᠠᠭᠰᠢ  ᠶᠢᠨ ᠬᠠᠮᠲᠤᠯᠢᠭ ᠢ ᠬᠥᠮᠦᠵᠢᠭᠦᠯᠵᠡᠶ᠃    ᠪᠦᠬᠦ ᠪᠠᠭᠰᠢ ᠠᠵᠢᠯᠲᠠᠨ ᠤ ᠴᠢᠷᠮᠠᠶᠢᠯᠭ᠎ᠠ ᠳᠣᠤᠷ᠎ᠠ᠂ ᠬᠤᠶᠠᠳᠤᠭᠠᠷ ᠬᠡᠦᠬᠡᠳ ᠤᠨ ᠴᠡᠴᠡᠷᠯᠢᠭ ᠣᠨ ᠦᠷ᠎ᠡ ᠪᠦᠲᠦᠭᠡᠯ ᠣᠯᠪᠠ᠄ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ ᠴᠡᠴᠡᠷᠯᠢᠭ ᠂ ᠠᠶᠢᠮᠠᠭ ᠤᠨ ᠲᠡᠰ ᠤᠨ ᠣᠨᠴᠠ ᠲᠡᠰ ᠤᠨ ᠴᠡᠴᠡᠷᠯᠢᠭ᠂ ᠣᠷᠣᠨ ᠤ ᠲᠡᠰ ᠤᠨ ᠰᠢᠯᠢᠳᠡᠭ ᠬᠡᠦᠬᠡᠳ ᠤᠨ ᠴᠡᠴᠡᠷᠯᠢᠭ ᠂ ᠪᠦᠬᠦ ᠤᠯᠤᠰ ᠠᠴᠠ ᠰᠤᠷᠭᠠᠨ ᠬᠥᠮᠦᠵᠢᠯ ᠤᠨ ᠰᠢᠰᠲ᠋ᠧᠮ ᠤᠨ ᠵᠢᠭᠠᠨ ᠰᠤᠳᠤᠯᠬᠤ ᠲᠡᠷᠢᠭᠦᠨ ᠤ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠣᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠭᠤᠨ ᠰᠢᠯᠢᠳᠡᠭ ᠦᠨᠡᠨᠴᠢ ᠢᠲᠡᠭᠡᠮᠵᠢᠲᠡᠶ ᠬᠡᠦᠬᠡᠳ ᠤᠨ ᠴᠡᠴᠡᠷᠯᠢᠭ᠂ ᠥᠪᠡᠷᠲᠡᠭᠡᠨ ᠵᠠᠰᠠᠬᠤ ᠣᠷᠣᠨ ᠤ ᠶᠣᠰᠣᠯᠠᠯ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠨᠢᠭᠡᠴᠡ᠂ ᠠᠶᠢᠮᠠᠭ  ᠤᠨ ᠲᠡᠰ ᠤᠨ ᠪᠣᠯᠪᠠᠰᠤᠨ ᠨᠢᠭᠡᠴᠡ᠂ ᠴᠡᠴᠡᠷᠯᠢᠭ ᠣᠨ ᠰᠤᠷᠭᠠᠨ ᠬᠥᠮᠦᠵᠢᠯ ᠤᠨ ᠠᠵᠢᠯ ᠶᠢᠨ ᠲᠡᠷᠢᠭᠦᠨ ᠤ ᠬᠠᠮᠲᠤ᠂ ᠰᠤᠷᠭᠠᠭᠤᠯᠢ ᠶᠢᠨ ᠴᠡᠴᠡᠷᠯᠢᠭ ᠣᠨ ᠰᠣᠶᠣᠯ ᠤᠨ ᠪᠠᠶᠢᠭᠤᠯᠤᠯᠲᠠ ᠶᠢᠨ ᠠᠵᠢᠯ ᠶᠢᠨ ᠲᠡᠷᠢᠭᠦᠨ ᠤ ᠬᠠᠮᠲᠤ ᠵᠡᠷᠭᠡ᠃ ᠬᠤᠶᠠᠳᠤᠭᠠᠷ ᠨᠢᠯᠬ᠎ᠠ ᠬᠡᠦᠬᠡᠳ ᠪᠠᠭᠰᠢ ᠶᠢᠨ ᠰᠢᠷᠭᠠᠭᠤ ᠬᠠᠲᠠᠭᠤᠵᠢᠯᠲᠠᠶ ᠬᠥᠮᠦᠵᠢᠭᠦᠯᠦᠯ ᠳᠣᠤᠷ᠎ᠠ ᠨᠠᠩ ᠴᠤ ᠬᠡᠪ ᠴᠢᠨᠠᠷ ᠨᠢ ᠪᠦᠬᠦ ᠲᠠᠯ᠎ᠠ ᠶᠢᠨ᠂ ᠭᠡᠷᠡᠯ ᠰᠠᠴᠤᠷᠠᠩᠭᠤᠶ ᠪᠠᠶᠳᠠᠭ᠃    ᠬᠤᠶᠢᠰᠢᠳᠠ᠂ ᠬᠤᠶᠠᠳᠤᠭᠠᠷ ᠨᠢᠯᠬ᠎ᠠ ᠨᠢ ᠴᠣ ᠰᠢᠨ᠎ᠡ ᠳᠦᠷᠰᠦ ᠪᠠᠶᠢᠳᠠᠯ ᠢᠶᠠᠷ ᠴᠠᠭ ᠦᠭᠡ ᠲᠠᠢ ᠵᠡᠷᠭᠡ ᠪᠠᠷ ᠤᠷᠤᠭᠰᠢᠯᠠᠵᠤ᠂ ᠲᠡᠷᠢᠭᠦᠨ ᠤ ᠣᠶᠢᠯᠠᠭᠠᠭᠳᠠᠬᠤᠨ ᠢᠶᠠᠷ ᠵᠢᠯᠣᠭᠤᠳᠣᠯᠭ᠎ᠠ ᠪᠣᠯᠭᠠᠵᠤ᠂ ᠴᠡᠴᠡᠷᠯᠢᠭ ᠣᠨ ᠭᠠᠵᠠᠷ ᠢ ᠣᠷᠴᠢᠨ ᠲᠣᠭᠤᠷᠢᠨ ᠨᠢ ᠭᠤᠢᠳᠠ ᠰᠠᠶᠢᠬᠠᠨ᠂ ᠡᠩᠨᠡᠭᠡ ᠨᠢ ᠰᠢᠯᠢᠳᠡᠭ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠣᠳᠣᠬᠢᠴᠢᠯᠠᠭᠰᠠᠨ ᠲᠣᠨᠤᠭ ᠲᠥᠬᠦᠭᠡᠷᠦᠮᠵᠢ ᠶᠢᠨ ᠰᠢᠯᠢᠳᠡᠭ ᠬᠡᠦᠬᠡᠳ ᠤᠨ ᠴᠡᠴᠡᠷᠯᠢᠭ ᠪᠣᠯᠭᠠᠨ ᠪᠦᠲᠦᠭᠡᠨ ᠪᠠᠶᠢᠭᠤᠯᠬᠤ ᠪᠣᠯᠤᠨ᠎ᠠ᠃    ᠪᠠᠶᠢᠭᠤᠯᠭ᠎ᠠ ᠶᠢᠨ ᠤᠲᠠᠰᠤ᠄ 5121213  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号