ᠸᠠᠩ ᠶᠦᠩ ᠵᠢᠶᠠ ᠪᠦᠯᠬᠦᠮ ᠳᠠᠭᠠᠭᠤᠯᠤᠨ ︽ᠬᠤᠤᠰ ᠪᠠᠶᠠᠷ ᠤᠨ ᠡᠳᠦᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2021/9/18
      9 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠪᠦᠯᠬᠦᠮ ᠳᠠᠭᠠᠭᠤᠯᠤᠨ ︽ᠬᠤᠤᠰ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠ ᠵᠢᠶᠦ᠋ᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃
      ᠸᠠᠩ ᠶᠦᠩ ᠵᠢᠶᠠ ᠨᠠᠷ ᠤᠷᠢᠳ ᠬᠤᠵᠢᠳ ᠰᠠᠶᠢᠨ ᠬᠥᠷᠰᠢ ᠴᠢᠯᠥᠭᠡᠲᠦ ᠳᠡᠯᠭᠡᠭᠦᠷ᠂ ᠠᠶᠠᠨᠴᠢᠳ ᠤᠨ ᠵᠥᠭᠡᠭᠡᠪᠦᠷᠢ ᠶᠢᠨ ᠦᠷᠳᠡᠭᠡ᠂ ᠰᠢᠨ ᠭᠤᠸᠠᠩ ᠢᠯᠴᠢ ᠶᠢᠨ ᠬᠦᠴᠦᠨ ᠤ ᠺᠣᠮᠫᠠᠨᠢ ᠳᠤ ᠭᠦᠨᠵᠡᠭᠡᠶᠢᠷᠡᠨ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃ ᠬᠦᠷᠦᠭᠰᠡᠨ ᠭᠠᠵᠠᠷ ᠪᠣᠯᠭᠠᠨ ᠳᠤ᠂ ᠸᠠᠩ ᠶᠦᠩ ᠵᠢᠶᠠ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠢᠳᠡᠭᠡᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯᠤᠨ ᠢᠯᠴᠢ ᠬᠠᠩᠭᠠᠬᠤ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  
      ᠸᠠᠩ ᠶᠦᠩ ᠵᠢᠶᠠ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠦᠷᠭᠦᠯᠵᠢᠯᠡᠨ ᠴᠢᠩᠭ᠎ᠠ ᠠᠳᠬᠤᠵᠤ ᠪᠣᠳᠠᠲᠠᠢ ᠠᠳᠬᠤᠵᠤ᠂ ᠡᠯ᠎ᠡ ᠤᠯᠠᠨ ᠨᠡᠶᠢᠲᠡ ᠶᠢᠨ ᠲᠠᠯᠠᠪᠤᠷ ᠲᠤ ᠺᠣᠳ᠋ ᠰᠢᠷᠪᠢᠵᠦ ᠳᠠᠩᠰᠠᠯᠠᠬᠤ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠮᠠᠪᠴᠢ ᠵᠡᠭᠦᠬᠦ᠂ ᠲᠤᠨᠤᠭ ᠲᠥᠬᠦᠭᠡᠷᠦᠮᠵᠢ ᠪᠠᠷ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ ᠬᠡᠷᠡᠭᠲᠡᠢ᠃ ᠢᠯᠴᠢ ᠬᠠᠩᠭᠠᠬᠤ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠠᠵᠢᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠠᠮᠢᠳᠤᠷᠠᠯ ᠪᠠ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠨ᠎ᠠ᠂ ᠣᠯᠠᠨ ᠲᠦᠮᠡᠨ ᠤ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠢᠯᠴᠢ ᠬᠠᠩᠭᠠᠬᠤ ᠠᠵᠤ ᠠᠬᠤᠶᠢᠯᠠᠯ ᠤᠳ ᠨᠡᠭᠦᠷᠡᠰᠦ ᠨᠥᠭᠡᠴᠡᠯᠡᠬᠦ᠂ ᠬᠤᠭᠤᠯᠠᠶ ᠭᠤᠤᠷᠰᠤ ᠶᠢᠨ ᠲᠤᠤᠷ ᠢ ᠬᠠᠮᠠᠭᠠᠯᠠᠬᠤ᠂ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠣᠭᠲᠠᠭᠰᠠᠨ ᠴᠠᠭ ᠲᠠᠭᠠᠨ᠂ ᠴᠢᠨᠠᠷ ᠰᠠᠶᠢᠲᠠᠶ᠂ ᠠᠮᠤᠷ ᠲᠦᠪᠰᠢᠨ ᠢᠶᠠᠷ ᠢᠯᠴᠢ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠢ ᠲᠣᠭᠤᠷᠢᠨ ᠪᠠᠶᠢᠴᠠᠭᠠᠬᠤ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃ ᠢᠳᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠪᠠᠷᠠᠭ᠎ᠠ ᠣᠷᠣᠭᠤᠯᠬᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠦᠨᠡᠨ ᠬᠦ ᠰᠠᠶᠢᠲᠤᠷ ᠡᠵᠡᠮᠳᠡᠵᠦ᠂ ᠪᠦᠬᠦ ᠰᠢᠶᠠᠨ ᠤ ᠠᠷᠠᠳ ᠲᠦᠮᠡᠨ ᠢ ᠠᠮᠤᠷ ᠠᠮᠤᠭᠤᠯᠠᠩ ᠡᠶ᠎ᠡ ᠨᠠᠶᠢᠷᠠᠮᠳᠠᠭᠤ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号