ᠲᠦᠴᠢᠦᠸᠠᠨ ᠰᠢᠶᠠᠨ ᠤ ᠷᠠᠰᠢᠶᠠᠨ ᠴᠠᠨᠠᠯᠠᠯᠳᠠ ᠶᠢᠨ ᠲᠠᠯᠠᠪᠠᠢ
ᠨᠡᠶᠢᠲᠡᠯᠡᠭᠰᠡᠨ ᠴᠠᠭ᠄
2021/9/20
  ᠲᠦᠴᠢᠦᠸᠠᠨ ᠰᠢᠶᠠᠨ ᠤ ᠬᠠᠯᠠᠭᠤᠨ ᠷᠠᠰᠢᠶᠠᠨ ᠤ ᠴᠠᠨᠠᠯᠠᠬᠤ ᠲᠠᠯᠠᠪᠠᠢ ᠨᠢ ᠯᠣᠤ ᠱᠠᠨ ᠠᠭᠤᠯᠠᠨ ᠤ ᠬᠤᠷᠮᠣᠶ ᠳᠤ ᠪᠠᠶᠢᠷᠢᠯᠠᠵᠤ᠂ ᠱᠤᠸᠠᠩ ᠴᠧᠩ ᠨᠠᠭᠤᠷ ᠲᠠᠢ ᠬᠥᠷᠰᠢᠯᠡᠵᠦ᠂  ᠷᠠᠰᠢᠶᠠᠨ — ᠬᠠᠶᠢᠯᠠᠷ — ᠮᠠᠨᠵᠤᠤᠷ ᠤᠨ ᠵᠤᠭᠠᠴᠠᠯ  ᠤᠨ ᠶᠡᠭᠡ ᠲᠣᠭᠤᠷᠢᠭ ᠱᠤᠭᠤᠮ ᠤᠨ ᠴᠢᠬᠤᠯᠠ ᠵᠠᠩᠭᠢᠯᠠᠭ᠎ᠠ ᠶᠢᠨ ᠴᠡᠭ ᠪᠣᠯᠵᠤ᠂ 66 . 6 ᠲᠦᠮᠡᠨ ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠂ ᠴᠠᠰᠤᠨ ᠬᠡᠷᠡᠭᠰᠡᠯ ᠤᠨ ᠶᠡᠭᠡ ᠲᠢᠩᠬᠢᠮ᠂ ᠴᠠᠰᠤᠨ ᠴᠠᠭᠠᠷᠢᠭ ᠴᠠᠰᠤᠨ ᠵᠠᠮ᠂ ᠴᠠᠰᠤᠨ ᠳᠡᠭᠡᠷᠡᠬᠢ ᠮᠣᠲ᠋ᠣᠷ ᠤᠨ ᠵᠠᠮ ᠲᠤᠰ ᠪᠦᠷᠢ 1 ᠵᠤᠷᠪᠤᠰ᠂ ᠴᠠᠰᠤᠨ ᠳᠡᠭᠡᠷᠡᠬᠢ ᠬᠦᠯ ᠪᠥᠮᠪᠦᠭᠡ ᠶᠢᠨ ᠲᠠᠯᠠᠪᠤᠷ᠂ ᠲᠠᠲᠠᠭᠤᠷ ᠲᠡᠷᠭᠡᠨ ᠤ ᠨᠢᠭᠡ ᠬᠡᠰᠡᠭ ᠢ ᠪᠠᠶᠢᠭᠤᠯᠵᠤ᠂ 300 ᠬᠥᠮᠦᠨ ᠤ ᠮᠥᠰᠥ ᠴᠠᠰᠤᠨ ᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠬᠠᠮᠲᠤ ᠳᠤᠨᠢ ᠬᠠᠩᠭᠠᠵᠤ ᠪᠣᠯᠤᠨ᠎ᠠ᠃ ᠵᠢᠭᠠᠰᠤ ᠭᠥᠬᠢᠳᠡᠬᠦ᠂ ᠣᠩᠭᠤᠴᠠ᠂ ᠳᠣᠯᠭᠢᠶᠠᠨ ᠪᠥᠮᠪᠦᠭᠡ᠂ ᠮᠥᠷᠭᠦᠯᠳᠦᠬᠦ ᠲᠡᠷᠭᠡ᠂ ᠮᠥᠰᠥᠨ ᠴᠢᠷᠭ᠎ᠠ᠂ ᠮᠥᠰᠥᠨ ᠲᠡᠷᠭᠡ ᠵᠡᠷᠭᠡ ᠵᠤᠭ᠎ᠠ ᠴᠡᠩᠭᠡᠯ ᠤᠨ ᠲᠥᠬᠦᠭᠡᠷᠦᠮᠵᠢ ᠨᠢ ᠠᠳᠠᠯᠢ ᠪᠤᠰᠤ ᠨᠠᠰᠤᠨ ᠤ ᠵᠢᠭᠤᠯᠴᠢᠳ ᠤᠨ ᠣᠶᠢᠯᠠᠭᠠᠯᠲᠠ ᠶᠢ ᠬᠠᠩᠭᠠᠨ᠎ᠠ᠃ 2019 ᠣᠨ ᠳᠤ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠡᠷᠬᠢᠨ ᠲᠣᠭᠤᠷᠢᠨ ᠤ ᠭᠠᠵᠠᠷ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ ᠪᠣᠯᠵᠠᠶ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号