ᠲᠦᠴᠢᠦᠸᠠᠨ ᠰᠢᠶᠠᠨ ᠪᠦᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠲᠦᠴᠢᠦᠸᠠᠨ ᠰᠢᠶᠠᠨ ᠤ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠢ ᠲᠤᠬᠢᠷᠠᠭᠤᠯᠬᠤ ᠲᠤᠬᠠᠢ ᠲᠣᠭᠲᠠᠭᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2021/9/22
       9 ᠰᠠᠷ᠎ᠠ ᠶᠢᠨ 22 ᠤᠨ ᠡᠳᠦᠷ᠂ ᠲᠦᠴᠢᠦᠸᠠᠨ ᠰᠢᠶᠠᠨ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠲᠤ ᠲᠣᠬᠢᠷᠠᠭᠤᠯᠤᠯᠲᠠ ᠬᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠯ ᠢ ᠨᠡᠶᠢᠲᠡᠯᠡᠪᠡ᠄ ᠵᠠᠩ ᠱᠤᠸᠠᠩ ᠴᠧᠩ ᠨᠥᠬᠦᠷ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠭᠡᠰᠢᠭᠦᠨ᠂ ᠱᠦᠵᠢ ᠶᠢᠨ ᠲᠤᠰᠢᠶᠠᠯ ᠢ ᠡᠭᠦᠷᠭᠡᠯᠡᠵᠦ᠂ ᠴᠢᠦᠶ ᠵᠧᠨ ᠨᠢᠶᠠᠨ ᠨᠥᠬᠦᠷ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠭᠡᠰᠢᠭᠦᠨ᠂ ᠭᠡᠰᠢᠭᠦᠨ ᠤ ᠲᠤᠰᠢᠶᠠᠯ ᠢ ᠡᠭᠦᠷᠭᠡᠯᠡᠬᠦ ᠪᠠᠨ ᠪᠤᠯᠢᠨ᠎ᠠ᠃
       ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠠᠵᠠᠷ ᠤᠨ ᠲᠡᠰ ᠤᠨ ᠵᠣᠬᠢᠶᠠᠨ ᠪᠠᠶᠢᠭᠤᠯᠤᠭᠴᠢ ᠸᠠᠩ ᠳ᠋ᠠ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠢᠴᠢᠭ ᠮᠠᠲ᠋ᠧᠷᠢᠶᠠᠯ ᠢ ᠤᠩᠰᠢᠨ ᠨᠡᠶᠢᠲᠡᠯᠡᠪᠡ᠃ ᠴᠢᠦᠶ ᠵᠧᠨ ᠨᠢᠶᠠᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠵᠠᠩ ᠱᠤᠸᠠᠩ ᠴᠧᠩ ᠣᠪᠣᠷ ᠢᠶᠠᠨ ᠢᠯᠡᠳᠬᠡᠬᠦ ᠦᠭᠡ ᠬᠡᠯᠡᠪᠡ᠃
        ᠳ᠋ᠦᠩ ᠰᠢᠨ ᠶᠤᠸᠠᠢ᠂ ᠡᠨᠡ ᠤᠳᠠᠭ᠎ᠠ ᠶᠢᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠭᠤᠣᠯ ᠤᠳᠤᠷᠢᠳᠤᠯᠭ᠎ᠠ ᠳᠤ ᠬᠢᠭᠰᠡᠨ ᠲᠤᠬᠢᠷᠠᠭᠤᠯᠤᠯᠳᠠ ᠪᠣᠯ ᠲᠦᠴᠢᠦᠸᠠᠨ ᠰᠢᠶᠠᠨ ᠤ ᠠᠵᠢᠯ ᠦᠢᠯᠡᠰ ᠤᠨ ᠬᠥᠭᠵᠢᠯᠲᠡ ᠪᠣᠯᠤᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠵᠦ᠂ ᠪᠦᠬᠦ ᠲᠠᠯ᠎ᠠ ᠪᠠᠷ ᠪᠣᠳᠣᠯᠬᠢᠯᠠᠵᠤ᠂ ᠲᠠᠬᠢᠨ ᠳᠠᠪᠲᠠᠨ ᠪᠣᠳᠣᠯᠬᠢᠯᠠᠵᠤ᠂ ᠪᠣᠯᠭᠤᠮᠵᠢᠲᠠᠢ ᠰᠤᠳᠤᠯᠵᠤ ᠪᠠᠶᠢᠭᠠᠳ ᠭᠠᠷᠭᠠᠭᠰᠠᠨ ᠲᠣᠭᠲᠠᠭᠠᠯ ᠪᠣᠯᠤᠨ᠎ᠠ᠃ ᠲᠦᠴᠢᠦᠸᠠᠨ ᠰᠢᠶᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠲᠣᠭᠲᠠᠭᠠᠯ ᠢ ᠡᠷᠡᠰ ᠬᠦᠷᠢᠶᠡᠯᠡᠵᠦ᠂ ᠤᠯᠤᠰ ᠲᠥᠷᠥ ᠶᠢ ᠡᠷᠬᠢᠮᠯᠡᠨ᠂ ᠰᠠᠬᠢᠯᠭ᠎ᠠ ᠪᠠᠲᠤ ᠶᠢ ᠰᠠᠬᠢᠵᠤ᠂ ᠶᠡᠭᠡ ᠲᠠᠯ᠎ᠠ ᠶᠢ ᠬᠠᠷᠠᠭᠠᠯᠵᠠᠨ᠂ ᠡᠭᠦᠷᠭᠡ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠭᠦᠢᠴᠡᠳᠭᠡᠵᠦ᠂ ᠪᠦᠯᠬᠦᠮᠳᠡᠨ ᠬᠠᠮᠵᠢᠯᠴᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠤᠳᠤᠷᠢᠳᠬᠤ ᠪᠠᠭ ᠤᠨ ᠡᠩᠨᠡᠭᠡ ᠪᠠᠨ ᠰᠠᠶᠢᠲᠤᠷ ᠳᠠᠭᠠᠭᠤᠯᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠵᠤ᠂ ᠲᠦᠴᠢᠦᠸᠠᠨ ᠰᠢᠶᠠᠨ ᠤ ᠡᠯ᠎ᠡ ᠵᠦᠢᠯ ᠤᠨ ᠠᠵᠢᠯ ᠦᠶ᠋ᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
       ᠴᠢᠦᠶ ᠵᠧᠨ ᠨᠢᠶᠠᠨ ᠶᠠᠷᠢᠶᠠᠨ ᠳᠠᠭᠠᠨ ᠲᠦᠴᠢᠦᠸᠠᠨ ᠰᠢᠶᠠᠨ ᠳᠤ 30 ᠭᠠᠷᠤᠶ ᠵᠢᠯ ᠠᠵᠢᠯᠯᠠᠭᠰᠠᠨ ᠮᠠᠷᠲᠠᠭᠳᠠᠰᠢ ᠥᠬᠡᠶ ᠥᠩᠭᠡᠷᠡᠯᠲᠡ ᠪᠠᠨ ᠡᠷᠭᠢᠴᠡᠭᠦᠯᠵᠦ᠂ ᠲᠦᠴᠢᠦᠸᠠᠨ ᠰᠢᠶᠠᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠪᠠᠨ ᠢᠯᠡᠳᠬᠡᠪᠡ᠃ ᠲᠡᠷᠡ᠂ ᠡᠨᠡ ᠤᠳᠠᠭ᠎ᠠ ᠶᠢᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠭᠤᠣᠯ ᠤᠳᠤᠷᠢᠳᠬᠤ ᠲᠤᠰᠢᠶᠠᠯ ᠳᠤ ᠲᠤᠬᠢᠷᠠᠭᠤᠯᠤᠯᠳᠠ ᠬᠢᠭᠰᠡᠨ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠪᠣᠯᠤᠨ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠲᠦᠴᠢᠦᠸᠠᠨ ᠰᠢᠶᠠᠨ ᠤ ᠬᠥᠭᠵᠢᠯᠲᠡ ᠶᠢ ᠳᠡᠭᠡᠳᠦ ᠬᠡᠮᠵᠢ᠊ ᠡᠶ᠎ᠡ ᠪᠠᠷ ᠮᠡᠳᠡᠷᠡᠵᠦ ᠪᠠᠶᠢᠬᠤ ᠶᠢ ᠭᠦᠢᠴᠡᠳ ᠬᠠᠷᠠᠭᠤᠯᠵᠤ᠂ ᠲᠦᠴᠢᠦᠸᠠᠨ ᠰᠢᠶᠠᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠳᠡᠭᠡᠳᠦ ᠬᠡᠮᠵᠢ᠊ ᠡᠶ᠎ᠡ ᠪᠠᠷ ᠴᠢᠬᠤᠯᠠᠴᠢᠯᠠᠵᠤ᠂ ᠪᠦᠷᠢᠮᠦᠰᠦᠨ ᠬᠦᠷᠢᠶᠡᠯᠡᠵᠦ᠂ ᠡᠷᠡᠰ ᠢᠶᠠᠷ ᠲᠠᠭᠠᠵᠥ ᠪᠠᠶᠢᠨ᠎ᠠ᠃ ᠪᠦᠬᠦ ᠰᠢᠶᠠᠨ ᠤ ᠥᠷᠭᠡᠨ ᠤᠯᠠᠨ ᠤᠳᠤᠷᠢᠳᠬᠤ ᠺᠠᠳ᠋ᠷ ᠰᠢᠨ᠎ᠡ ᠨᠢᠭᠡ ᠬᠤᠭᠤᠴᠠᠭᠠᠨ ᠤ ᠰᠢᠶᠠᠨ ᠤ ᠨᠠᠮ ᠤᠨ ᠬᠤᠷᠢᠶᠠᠨ ᠤ ᠪᠠᠭ ᠤᠨ ᠪᠦᠯᠬᠦᠮᠳᠡᠯ ᠲᠠᠶᠢᠴᠢᠯᠠᠯ ᠳᠣᠣᠷ᠎ᠠ᠂ ᠨᠢᠭᠡ ᠰᠡᠳᠬᠢᠯ ᠨᠢᠭᠡ ᠵᠣᠷᠢᠭ ᠢᠶᠠᠷ᠂ ᠨᠢᠭᠡ ᠰᠡᠳᠬᠢᠯ ᠨᠢᠭᠡ ᠴᠢᠭᠯᠡᠯ ᠢᠶᠠᠷ᠂ ᠨᠢᠭᠡ ᠰᠡᠳᠬᠢᠯ ᠨᠢᠭᠡ ᠵᠣᠷᠢᠭ ᠢᠶᠠᠷ ᠠᠵᠢᠯᠯᠠᠵᠤ᠂ ᠬᠥᠭᠵᠢᠯᠲᠡ ᠪᠠᠷ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠴᠢᠩ ᠦᠨᠡᠨᠴᠢ ᠪᠠᠷ ᠢᠲᠡᠭᠡᠯ ᠢ ᠣᠯᠵᠤ ᠂ ᠲᠦᠷᠢᠮ ᠢᠶᠠᠷ ᠠᠵᠢᠯᠯᠠᠭ᠎ᠠ ᠪᠠᠨ ᠵᠢᠷᠤᠮᠵᠢᠭᠤᠯᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠦᠴᠢᠦᠸᠠᠨ ᠤ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠲᠦᠴᠢᠦᠸᠠᠨ ᠤ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠵᠦ᠂ ᠲᠦᠴᠢᠦᠸᠠᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠬᠢᠨ ᠡᠭᠦᠳᠬᠦ ᠶᠢ ᠬᠦᠰᠡᠵᠦ ᠪᠠᠶᠢᠨ᠎ᠠ᠃
      ᠵᠠᠩ ᠱᠤᠸᠠᠩ ᠴᠧᠩ ᠶᠠᠷᠢᠶᠠᠨ ᠳᠠᠭᠠᠨ᠂ ᠵᠣᠬᠢᠶᠠᠨ ᠪᠠᠶᠢᠭᠤᠯᠤᠯᠲᠠ ᠶᠢᠨ ᠬᠥᠮᠦᠵᠢᠭᠦᠯᠦᠯ ᠪᠠ ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠶᠠᠭᠠᠬᠢᠭᠰᠠᠨ ᠴᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠲᠦᠴᠢᠦᠸᠠᠨ ᠳᠤ ᠲᠦᠷᠭᠡᠨ ᠠᠭᠤᠰᠤᠯᠴᠠᠵᠤ᠂ ᠲᠦᠴᠢᠦᠸᠠᠨ ᠢ ᠬᠠᠶᠢᠷᠠᠯᠠᠵᠤ᠂ ᠲᠦᠴᠢᠦᠸᠠᠨ ᠢ ᠪᠦᠲᠦᠭᠡᠨ ᠪᠠᠶᠢᠭᠤᠯᠵᠤ᠂ ᠲᠦᠴᠢᠦᠸᠠᠨ ᠢ ᠡᠷᠭᠦᠵᠦ᠂ ᠲᠦᠴᠢᠦᠸᠠᠨ ᠰᠢᠶᠠᠨ ᠤ ᠥᠷᠭᠡᠨ ᠤᠯᠠᠨ ᠺᠠᠳ᠋ᠷ ᠤᠯᠠᠨ ᠲᠦᠮᠡᠨ ᠲᠠᠢ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠮᠥᠷᠥ ᠵᠡᠷᠭᠡᠴᠡᠨ ᠲᠡᠮᠡᠴᠡᠪᠡ᠃ ᠬᠤᠶᠢᠰᠢᠳᠠ ᠶᠢᠨ ᠠᠵᠢᠯ ᠳᠠᠭᠠᠨ ︽ᠬᠥᠮᠦᠨ︾ ᠢ ᠵᠥᠪ ᠪᠢᠴᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤ ᠡᠵᠡᠮᠳᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠡᠷᠬᠡ ︾ ᠶᠢ ᠲᠣᠳᠣᠷᠬᠠᠢ ᠲᠠᠨᠢᠵᠤ᠂ ︽ᠠᠷᠠᠳ ᠲᠦᠮᠡᠨ ᠢ ᠳᠡᠭᠡᠳᠦᠯᠡᠬᠦ︾ ᠤᠢᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠷᠠᠳ ᠲᠦᠮᠡᠨ ᠠᠴᠠ ᠣᠯᠭᠤᠭᠰᠠᠨ ᠡᠷᠬᠡ ᠪᠠᠷ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠪᠤᠶᠠᠨ ᠦᠢᠯᠡᠳᠴᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ︽ᠪᠢ︾ ᠭᠡᠳᠡᠭ ᠢ ᠪᠠᠰᠤᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠬᠡᠷᠡᠭᠵᠢᠭᠦᠯᠦᠨ᠂ ᠪᠠᠭ ᠢᠶᠠᠨ ᠰᠠᠶᠢᠲᠤᠷ ᠳᠠᠭᠠᠭᠤᠯᠵᠤ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ᠃ ︽ᠰᠤᠷᠤᠯᠴᠠᠬᠤ︾ ᠶᠢ ᠠᠮᠢᠳᠤᠯᠢᠭ ᠬᠡᠷᠡᠭᠯᠡᠵᠦ᠂ ᠰᠤᠷᠤᠯᠴᠠᠯᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ︽ᠠᠷᠢᠭᠤᠨ ᠴᠢᠬᠡᠴᠢ︾ ᠪᠠᠶᠢᠬᠤ ᠶᠢ ᠪᠠᠲᠤ ᠴᠡᠭᠡᠵᠢᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠲᠦᠷᠦᠭᠦᠯᠡᠨ ᠬᠡᠷᠡᠭᠵᠢᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ ᠰᠤᠷᠲᠠᠯ ᠴᠢᠬᠡᠴᠢ ᠣᠪᠣᠷ ᠲᠥᠪ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︽ᠠᠵᠢᠯᠯᠠᠬᠤ︾ ᠶᠢ ᠨᠠᠶᠢᠳᠠᠪᠤᠷᠢᠵᠢᠭᠤᠯᠵᠤ᠂ ︽ᠨᠠᠷᠢᠯᠢᠭ ᠲᠠᠷᠢᠵᠤ ᠨᠢᠮᠪᠠᠢ ᠠᠷᠠᠴᠢᠯᠠᠬᠤ᠂ ᠬᠦᠴᠢᠷ ᠢᠶᠠᠷ ᠵᠢᠷᠭᠠᠯ ᠪᠣᠯᠭᠠᠬᠤ᠂ ᠡᠭᠡᠯ ᠶᠡᠷᠦᠮᠳᠡᠭ ᠢ ᠦᠯᠦ ᠪᠤᠳᠤᠬᠤ᠂ ᠳᠣᠲᠣᠨᠣᠰᠤᠭ ᠪᠠ ᠨᠥᠬᠦᠷᠰᠡᠭ ᠪᠠᠶᠢᠬᠤ︾ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠦᠴᠢᠦᠸᠠᠨ ᠰᠢᠶᠠᠨ ᠤ ᠠᠵᠤ ᠠᠬᠤᠢ ᠨᠡᠶᠢᠭᠡᠮ ᠤᠨ ᠰᠢᠨ᠎ᠡ ᠨᠢᠭᠡ ᠡᠭᠡᠯᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃        ᠲᠦᠴᠢᠦᠸᠠᠨ ᠰᠢᠶᠠᠨ ᠤ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠵᠢᠩᠬᠢᠨᠢ ᠲᠤᠰᠢᠶᠠᠯ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号