ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ | ᠴᠢᠨᠠᠷᠲᠠᠢ ᠰᠦᠷᠳᠡᠭᠦᠯᠦᠯ ᠪᠣᠯᠤᠨ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ ᠬᠥᠮᠦᠨ ᠲᠥᠷᠥᠯᠬᠢᠲᠡᠨ ᠤ | ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ | ᠤᠯᠤᠰ ᠤᠨ ᠲᠡᠷᠢᠭᠦᠯᠡᠭᠴᠢ ᠰᠢ ᠶᠢᠨ ᠫᠢᠩ 21 ᠤ ᠡᠳᠦᠷ ᠪᠡᠭᠡᠵᠢᠩ ᠳᠤ ᠸᠢᠳᠢᠣ᠋ ᠬᠡᠯᠪᠡᠷᠢ ᠪᠠᠷ ᠳᠠᠯᠠᠨ | ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠤᠨ ᠡᠩ ᠤᠨ | ᠮᠠᠷᠭᠤᠯᠳᠤᠭᠠᠨ ᠳᠤ ᠣᠷᠣᠯᠴᠠᠭᠰᠠᠨ ᠪᠥᠭᠡᠳ ︽ᠢᠲᠡᠭᠡᠯ ᠵᠣᠷᠢᠭ ᠢᠶᠠᠨ ᠪᠠᠲᠤᠳᠬᠠᠵᠤ ᠴᠠᠭ ᠤᠨ ᠪᠡᠷᠬᠡ ᠶᠢ | ᠬᠠᠮᠲᠤ ᠪᠠᠷ ᠲᠤᠭᠤᠯᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ︾ ᠭᠡᠬᠦ | ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | | | | | | 9 ᠰᠠᠷ᠎ᠠ ᠶᠢᠨ 21 ᠤ ᠡᠳᠤᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ ᠸᠢᠳᠢᠣ᠋ | ᠬᠡᠯᠪᠡᠷᠢ ᠪᠠᠷ ᠳᠠᠯᠠᠨ ᠵᠢᠷᠭᠤᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ | ᠬᠤᠷᠠᠯ ᠤᠨ ᠡᠩ ᠤᠨ ᠮᠠᠷᠭᠤᠯᠳᠤᠭᠠᠨ ᠳᠤ ᠣᠷᠣᠯᠴᠠᠭᠰᠠᠨ ᠪᠥᠭᠡᠳ ︽ᠢᠲᠡᠭᠡᠯ ᠵᠣᠷᠢᠭ ᠢᠶᠠᠨ ᠪᠠᠲᠤᠳᠬᠠᠵᠤ | ᠴᠠᠭ ᠤᠨ ᠪᠡᠷᠬᠡ ᠶᠢ ᠬᠠᠮᠲᠤ ᠪᠠᠷ ᠲᠤᠭᠤᠯᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ | ᠪᠠᠶᠢᠭᠤᠯᠤᠶ᠎ᠠ︾ ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠬᠤᠸᠠᠩ ᠵᠢᠩ ᠸᠧᠨ ᠰᠡᠬᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 | ᠵᠢᠯ ᠤᠨ ᠤᠢ᠂ ᠮᠦᠠ ᠴᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠣᠯᠤᠨ᠎ᠠ᠂ | ᠳᠤᠮᠳᠠᠳᠤ ᠤᠯᠤᠰ ᠡᠨᠡ ᠬᠦ ᠲᠡᠦᠬᠡᠲᠦ ᠴᠢᠨᠠᠷᠲᠠᠢ ᠬᠡᠷᠡᠭ ᠶᠠᠪᠤᠳᠠᠯ ᠢ ᠦᠪᠡᠳᠡᠭᠰᠢ ᠶᠡᠭᠡ ᠪᠠᠷ ᠳᠤᠷᠠᠰᠬᠠᠬᠤ ᠪᠣᠯᠤᠨ᠎ᠠ᠃ | ᠪᠢᠳᠡ ᠳᠤᠮᠳᠠᠳᠤ ᠤᠯᠤᠰ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠮᠲᠤᠷᠠᠯᠴᠠᠭ᠎ᠠ ᠶᠢᠨ | ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠢᠳᠡᠪᠬᠢᠲᠡᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠡᠷᠬᠢᠮ ᠳᠡᠭᠡᠳᠦ ᠦᠢᠯᠡᠰ ᠲᠤ ᠲᠠᠰᠤᠷᠠᠯᠳᠠ ᠦᠭᠡᠢ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠦᠨ᠎ᠡ ᠬᠡᠵᠥ ᠵᠢᠭᠠᠵᠥ ᠭᠠᠷᠭᠠᠪᠠ᠃ | ᠰᠢ ᠶᠢᠨ ᠫᠢᠩ᠂ ᠨᠢᠭᠡ ᠵᠢᠯ ᠤᠨ ᠡᠮᠦᠨ᠎ᠡ᠂ ᠡᠯ᠎ᠡ ᠤᠯᠤᠰ ᠤᠨ ᠤᠳᠤᠷᠢᠳᠬᠤ ᠬᠥᠮᠦᠰ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 75 ᠵᠢᠯ ᠤᠨ ᠤᠢ ᠶᠢᠨ ᠰᠢᠷᠢᠰ ᠲᠦᠷᠦᠭᠦᠴᠦᠳ ᠤᠨ ᠬᠤᠷᠠᠯ ᠳᠤ | ᠣᠷᠣᠯᠴᠠᠵᠤ᠂ ᠬᠠᠮᠲᠤᠷᠠᠯᠴᠠᠵᠤ ᠪᠠᠶᠢᠭᠠᠳ ᠬᠢᠵᠢᠭ ᠲᠠᠢ ᠲᠡᠮᠡᠴᠡᠵᠦ᠂ ᠭᠠᠷ ᠬᠤᠯᠪᠣᠯᠴᠠᠨ ᠥᠷᠢᠰᠥᠯᠳᠦᠭᠡᠨ ᠢ | ᠠᠷᠭᠠᠴᠠᠭᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠢᠯᠡᠳᠦᠯ ᠢ ᠴᠢᠩᠭᠠᠳᠬᠠᠵᠤ᠂ ᠤᠳᠤ ᠦᠶ᠎ᠡ ᠪᠠ ᠬᠤᠶᠢᠰᠢᠳᠠ ᠶᠢᠨ ᠦᠶ᠎ᠡ ᠶᠢᠨ ᠬᠠᠮᠲᠤ ᠶᠢᠨ ᠢᠷᠡᠭᠡᠳᠦᠢ ᠶᠢ | ᠴᠣᠭᠴᠠᠯᠠᠨ ᠪᠠᠶᠢᠭᠤᠯᠤᠨ᠎ᠠ ᠭᠡᠵᠦ ᠠᠮᠠᠯᠳᠠᠪᠠ᠃ ᠨᠢᠭᠡ ᠵᠢᠯ ᠤᠨ ᠲᠤᠷᠰᠢ᠂ ᠳᠡᠯᠡᠬᠡᠢ ᠳ᠋ᠠᠬᠢᠨ ᠳᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠳᠡᠯᠭᠡᠷᠡᠭᠰᠡᠨ ᠨᠥᠯᠥᠭᠡ ᠰᠣᠯᠪᠢᠴᠠᠪᠠ᠃ ᠡᠯ᠎ᠡ ᠤᠯᠤᠰ ᠤᠨ ᠠᠷᠠᠳ | ᠲᠦᠮᠡᠨ ᠤ ᠡᠩᠬᠡ ᠲᠠᠶᠢᠪᠤᠩ ᠬᠥᠭᠵᠢᠯᠲᠡ ᠶᠢᠨ ᠲᠤᠬᠠᠢ ᠬᠦᠰᠡᠯ ᠡᠷᠡᠮᠡᠯᠵᠡᠯ ᠨᠡᠩ ᠴᠢᠩᠭᠠᠷᠠᠵᠥ᠂ ᠲᠥᠪ ᠭᠤᠣᠯᠴᠢ | ᠰᠢᠳᠤᠷᠭᠤ ᠶᠣᠰᠣᠨ ᠤ ᠲᠤᠬᠠᠢ ᠬᠦᠰᠡᠯ ᠱᠠᠭᠠᠷᠳᠠᠯᠭ᠎ᠠ ᠨᠡᠩ ᠴᠢᠩᠭᠠᠷᠠᠵᠥ᠂ ᠬᠠᠮᠲᠤᠷᠠᠯᠴᠠᠵᠥ ᠬᠠᠮᠲᠤ ᠪᠠᠷ ᠠᠰᠢᠭ | ᠬᠦᠷᠲᠡᠬᠦ ᠲᠤᠬᠠᠢ ᠬᠥᠭᠡᠭᠡᠴᠡᠯᠳᠦᠯ ᠨᠡᠩ ᠪᠠᠲᠤ ᠴᠢᠩᠭ᠎ᠠ ᠪᠤᠯᠵᠠᠢ ᠬᠡᠵᠥ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ᠂ ᠬᠢᠵᠢᠭ ᠤᠨ ᠪᠠᠶᠢᠳᠠᠯ ᠮᠥᠨ ᠬᠦ ᠪᠦᠬᠦ ᠪᠥᠮᠪᠥᠷᠴᠡᠭ ᠲᠤ ᠦᠷᠪᠢᠰᠦᠨ | ᠳᠡᠯᠭᠡᠷᠡᠵᠦ᠂ ᠬᠥᠮᠦᠨ ᠲᠥᠷᠥᠯᠬᠢᠲᠡᠨ ᠤ ᠨᠡᠶᠢᠭᠡᠮ ᠳᠤ ᠨᠢᠭᠡᠨᠲᠡ ᠭᠦᠨᠵᠡᠭᠡᠢ ᠬᠤᠪᠢᠷᠠᠯᠳᠡ ᠡᠬᠦᠰᠬᠡᠵᠡᠢ᠃ ᠳᠡᠯᠡᠬᠡᠢ | ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠬᠠᠷᠢᠭᠤᠴᠠᠯᠭ᠎ᠠ ᠲᠠᠢ | ᠤᠯᠤᠰ ᠲᠦᠷᠦᠴᠢᠨ ᠨᠢᠭᠡᠪᠦᠷᠢ ᠡᠷᠬᠡᠪᠰᠢ ᠢᠲᠡᠭᠡᠯ ᠵᠣᠷᠢᠭ᠂ ᠰᠥᠰᠥ ᠵᠣᠷᠢᠭ᠂ ᠡᠭᠦᠷᠭᠡᠯᠡᠯ ᠢᠶᠠᠷ ᠴᠠᠭ ᠦᠶ᠎ᠡ ᠶᠢᠨ | ᠰᠡᠳᠦᠪ ᠢ ᠬᠠᠷᠢᠭᠤᠯᠵᠤ᠂ ᠲᠡᠦᠬᠡ ᠶᠢᠨ ᠰᠣᠩᠭᠤᠯᠲᠠ ᠬᠢᠬᠦ ᠬᠡᠷᠡᠭᠲᠡᠢ᠃ | ᠨᠢᠭᠡᠳᠦᠭᠡᠷ ᠲᠤ᠂ ᠪᠢᠳᠡ ᠡᠷᠬᠡᠪᠰᠢ ᠬᠢᠵᠢᠭ ᠤᠨ ᠪᠠᠶᠢᠳᠠᠯ ᠢ ᠢᠯᠠᠨ ᠳᠠᠪᠠᠵᠤ᠂ ᠬᠥᠮᠦᠨ ᠲᠥᠷᠥᠯᠬᠢᠲᠡᠨ ᠤ | ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠡᠨᠡ ᠬᠦ ᠴᠢᠬᠤᠯᠠ ᠶᠡᠭᠡ ᠲᠡᠮᠡᠴᠡᠯ ᠳᠤ ᠢᠯᠠᠯᠳᠠ ᠤᠯᠬᠤ ᠬᠡᠷᠡᠭᠲᠡᠢ᠃ | ᠬᠥᠮᠦᠨ ᠲᠥᠷᠥᠯᠬᠢᠲᠡᠨ ᠶᠡᠷᠦ ᠨᠢ ᠥᠷᠢᠰᠥᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠭ᠋ᠤ ᠳᠤᠮᠳᠠ ᠨᠠᠩ ᠶᠡᠭᠡ | ᠬᠥᠭᠵᠢᠯᠲᠡ ᠪᠠ ᠳᠠᠪᠰᠢᠯᠲᠠ ᠶᠢ ᠪᠡᠶᠡᠯᠡᠭᠦᠯᠳᠡᠭ᠃ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨᠴᠢ | ᠣᠪᠣᠷ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠢᠮ᠎ᠡ ᠶᠣᠰᠣ ᠶᠢ ᠵᠢᠷᠤᠮᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠤᠯᠠᠨ ᠤᠯᠤᠰ ᠤᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠸᠠᠺᠼᠢᠨ ᠢ ᠪᠥᠬᠦ | ᠪᠥᠮᠪᠥᠷᠴᠡᠭ ᠤᠨ ᠣᠯᠠᠨ ᠨᠡᠶᠢᠲᠡ ᠶᠢᠨ ᠦᠢᠯᠡᠳᠬᠦᠨ ᠪᠣᠯᠭᠠᠵᠤ᠂ ᠬᠥᠭᠵᠢᠵᠦ ᠪᠠᠶᠢᠭ᠎ᠠ ᠤᠯᠤᠰ ᠤᠳ ᠤᠨ ᠭᠥᠷᠳᠡᠵᠦ | ᠪᠣᠯᠬᠤᠶᠢᠴᠠ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠬᠤ ᠳᠤ ᠪᠥᠬᠦ ᠳᠡᠯᠡᠬᠡᠶ ᠶᠢᠨ | ᠬᠡᠪᠴᠢᠶᠡᠨ ᠳᠤ ᠸᠠᠺᠼᠢᠨ ᠢ ᠲᠥᠪ ᠭᠤᠤᠯᠴᠢ ᠵᠦᠶ ᠵᠣᠬᠢᠰᠲᠠᠶ ᠪᠠᠷ ᠬᠤᠪᠢᠶᠠᠷᠢᠯᠠᠬᠤ ᠪᠣᠯ ᠣᠳᠣᠬᠠᠨ ᠤ ᠪᠠᠴᠢᠮ | ᠡᠭᠦᠷᠭᠡ ᠪᠣᠯᠤᠨ᠎ᠠ᠃ ᠳᠤᠮᠳᠠᠳᠤ ᠤᠯᠤᠰ ᠪᠥᠬᠦ ᠵᠢᠯ ᠳᠤ ᠭᠠᠳᠠᠭᠠᠳᠤ ᠳᠤ 20 ᠳ᠋ᠦᠩᠰᠢᠭᠤᠷ ᠸᠠᠺᠼᠢᠨ ᠬᠠᠩᠭᠠᠵᠤ᠂ | ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠬᠦ ᠸᠠᠺᠼᠢᠨ ᠤ ᠬᠡᠷᠡᠭᠵᠢᠭᠦᠯᠬᠦ ᠲᠥᠯᠥᠪᠯᠡᠭᠡ︾ ᠳᠤ 1 | ᠳ᠋ᠦᠩᠰᠢᠭᠤᠷ ᠳ᠋ᠣᠯᠯᠠᠷ ᠬᠠᠨᠳᠢᠪᠯᠠᠭᠰᠠᠨ ᠰᠠᠭᠤᠷᠢᠨ ᠳᠡᠭᠡᠷ᠎ᠡ᠂ ᠡᠨᠡ ᠵᠢᠯ ᠬᠥᠭᠵᠢᠵᠦ ᠪᠠᠶᠢᠭ᠎ᠠ ᠤᠯᠤᠰ ᠲᠤ ᠳᠠᠬᠢᠨ 1 | ᠳ᠋ᠦᠩᠰᠢᠭᠤᠷ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠬᠠᠨᠳᠢᠪᠯᠠᠬᠤ ᠪᠤᠯᠤᠨ᠎ᠠ᠃ ᠳᠤᠮᠳᠠᠳᠤ ᠤᠯᠤᠰ ᠪᠦᠬᠦ | ᠪᠥᠮᠪᠥᠷᠴᠡᠭ ᠤᠨ ᠰᠢᠨᠵᠢᠯᠡᠬᠦ ᠤᠬᠠᠭᠠᠨᠴᠢ ᠪᠠᠷ ᠡᠬᠢ ᠡᠬᠦᠰᠦᠯ ᠤᠨ ᠮᠦᠷᠳᠡᠯᠳᠡ ᠬᠢᠬᠦ ᠶᠢ ᠦᠷᠭᠦᠯᠵᠢᠯᠡᠨ ᠳᠡᠮᠵᠢᠬᠦ | ᠪᠥᠭᠡᠳ ᠣᠷᠣᠯᠴᠠᠵᠤ᠂ ᠶᠠᠮᠠᠷᠪᠠ ᠬᠡᠯᠪᠡᠷᠢ ᠶᠢᠨ ᠤᠯᠤᠰ ᠲᠦᠷᠦ ᠶᠢᠨ ᠥᠳᠥᠭᠡᠯᠭᠡ ᠶᠢ ᠡᠷᠡᠰ ᠡᠰᠡᠷᠭᠦᠴᠡᠨ᠎ᠡ᠃ | ᠬᠤᠶᠠᠳᠤᠭᠠᠷ ᠲᠤ᠂ ᠪᠢᠳᠡ ᠡᠷᠬᠡᠪᠰᠢ ᠠᠵᠤ ᠠᠬᠤᠢ ᠪᠠᠨ ᠰᠡᠷᠭᠦᠭᠡᠵᠦ᠂ ᠨᠡᠩ ᠬᠦᠴᠦᠲᠡᠢ᠂ ᠪᠣᠬᠢᠷᠲᠤᠯ | ᠦᠭᠡᠢ᠂ ᠡᠷᠡᠭᠦᠯ ᠪᠦᠬᠦᠢ ᠪᠦᠬᠦ ᠪᠥᠮᠪᠥᠷᠴᠡᠭ ᠤᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ ᠪᠦᠬᠦ | ᠪᠥᠮᠪᠥᠷᠴᠡᠭ ᠤᠨ ᠬᠥᠭᠵᠢᠯᠲᠡ ᠶᠢᠨ ᠲᠡᠩᠴᠡᠭᠦᠷᠢᠲᠡᠢ ᠵᠣᠬᠢᠴᠠᠩᠭᠤᠢ ᠪᠠᠭᠲᠠᠭᠠᠮᠵᠢᠲᠠᠢ ᠰᠢᠨ᠎ᠡ ᠱᠠᠲᠤᠨ ᠳᠤ | ᠣᠷᠣᠬᠤ ᠶᠢ ᠬᠠᠮᠲᠤ ᠪᠠᠷ ᠠᠬᠢᠭᠤᠯᠬᠤ ᠭᠡᠷᠡᠭᠳᠠᠢ᠃ | ᠰᠢ ᠶᠢᠨ ᠫᠢᠩ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠪᠠ᠄ | ᠨᠢᠭᠡ ᠳᠤ᠂ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠶ᠎ᠡ᠃ ᠬᠥᠭᠵᠢᠯᠲᠡ ᠶᠢ ᠪᠦᠬᠦ | ᠪᠥᠮᠪᠥᠷᠴᠡᠭ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠪᠣᠷᠣ ᠲᠥᠯᠥᠪ ᠤᠨ ᠲᠤᠪᠤᠶᠢᠮ᠎ᠠ ᠪᠠᠶᠢᠷᠢᠨ ᠳᠤ ᠲᠠᠯᠪᠢᠵᠤ᠂ | ᠭᠤᠣᠯ ᠪᠣᠯᠬᠤ ᠠᠵᠤ ᠠᠬᠤᠢ ᠶᠢᠨ ᠴᠣᠭᠴᠠ ᠶᠢᠨ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ | ᠦᠷᠬᠦᠯᠵᠢᠯᠡᠬᠦ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ᠋ᠢᠴᠡ ᠴᠢᠨᠠᠷ ᠢ ᠪᠠᠲᠤᠯᠠᠵᠤ᠂ ᠨᠡᠩ ᠡᠷᠬᠡ ᠲᠡᠭᠰᠢ | ᠲᠡᠩᠴᠡᠭᠦᠷᠢᠲᠡᠢ ᠪᠦᠬᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠤᠯᠠᠨ | ᠲᠠᠯᠠᠲᠤ ᠬᠥᠭᠵᠢᠯᠲᠡ ᠶᠢᠨ ᠬᠠᠮᠲᠤᠷᠠᠯᠴᠠᠭᠠᠨ ᠤ ᠠᠬᠢᠴᠠ ᠶᠢᠨ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠤᠶ᠎ᠡ᠃ | ᠬᠤᠶᠠᠷ ᠲᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠶ᠎ᠡ᠃ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠮᠦᠨ ᠤ ᠡᠷᠬᠡ ᠶᠢ ᠬᠠᠮᠠᠭᠠᠯᠠᠨ ᠠᠬᠢᠭᠤᠯᠵᠤ᠂ ᠠᠷᠠᠳ | ᠲᠦᠮᠡᠨ ᠤ ᠲᠥᠯᠥᠭᠡ ᠬᠥᠭᠵᠢᠭᠦᠯᠬᠦ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ᠂ ᠬᠥᠭᠵᠢᠯᠲᠡ ᠶᠢᠨ ᠦᠷ᠎ᠡ | ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠬᠦ ᠶᠢ ᠪᠡᠶᠡᠯᠡᠭᠦᠯᠵᠦ᠂ ᠠᠷᠠᠳ ᠤᠯᠠᠨ ᠤ ᠵᠢᠷᠭᠠᠯᠲᠤ | ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ | ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠦᠶ᠎ᠡ᠃ | ᠭᠤᠷᠪᠠ ᠳᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠶ᠎ᠡ᠃ ᠬᠥᠭᠵᠢᠵᠦ ᠪᠠᠶᠢᠭ᠎ᠠ | ᠤᠯᠤᠰ ᠤᠳ ᠤᠨ ᠣᠨᠴᠠᠭᠠᠢ ᠬᠡᠷᠡᠭᠴᠡᠭᠡ ᠶᠢ ᠠᠩᠬᠠᠷᠴᠤ᠂ ᠥᠷᠢ ᠥᠭᠴᠡᠭᠡ ᠶᠢ ᠬᠤᠶᠢᠰᠢᠯᠠᠭᠤᠯᠬᠤ᠂ | ᠬᠥᠭᠵᠢᠯᠲᠡ ᠶᠢᠨ ᠲᠤᠰᠠᠯᠠᠮᠵᠢ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠥᠭᠵᠢᠵᠦ ᠪᠠᠶᠢᠭ᠎ᠠ ᠤᠯᠤᠰ | ᠢᠯᠠᠩᠭᠤᠶ᠎ᠠ ᠣᠨᠴᠠᠭᠠᠢ ᠶᠡᠭᠡ ᠬᠦᠴᠢᠷᠳᠡᠯᠲᠡᠶ ᠪᠠᠭᠤᠷᠠᠢ ᠤᠯᠤᠰ ᠢ ᠲᠡᠮᠵᠢᠵᠤ᠂ ᠤᠯᠤᠰ ᠤᠨ ᠬᠤᠭᠤᠷᠣᠨᠳᠣᠬᠢ ᠪᠠ | ᠡᠯ᠎ᠡ ᠤᠯᠤᠰ ᠤᠨ ᠳᠣᠲᠣᠭᠠᠳᠤ ᠶᠢᠨ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠦᠭᠡᠢ ᠪᠠᠶᠢᠬᠤ ᠠᠰᠠᠭᠤᠳᠠᠯ ᠢ | ᠬᠦᠴᠦᠯᠡᠨ ᠰᠢᠢᠳᠪᠦᠷᠢᠯᠡᠶ᠎ᠡ᠃ | ᠳᠥᠷᠪᠡ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠶ᠎ᠡ᠃ ᠰᠢᠨ᠎ᠡ ᠨᠢᠭᠡ | ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ | ᠬᠤᠪᠢᠰᠤᠯᠲᠠ ᠶᠢᠨ ᠲᠡᠦᠬᠡᠲᠦ ᠴᠢᠨᠠᠷᠲᠠᠢ ᠠᠵᠠ ᠲᠣᠬᠢᠶᠠᠯ ᠢ ᠠᠮᠵᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠤᠨᠳᠤᠤᠰᠢᠭᠤᠯᠬᠤ ᠶᠢ | ᠲᠦᠷᠭᠡᠳᠬᠡᠵᠦ᠂ ᠨᠡᠭᠡᠭᠡᠯᠲᠡᠲᠦ᠂ ᠡᠷᠬᠡ ᠲᠡᠭᠰᠢ᠂ ᠲᠥᠪ ᠭᠤᠣᠯᠴᠢ᠂ ᠭᠠᠳᠠᠭᠤᠷᠴᠢᠯᠠᠯ ᠤᠨ ᠪᠤᠰᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠬᠢᠵᠢᠭ ᠤᠨ ᠳᠠᠷᠠᠭᠠᠬᠢ | ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠠᠭᠤᠳᠠᠯᠵᠤ᠂ ᠳᠠᠪᠠᠯᠳᠠᠳᠤ ᠬᠥᠭᠵᠢᠯᠲᠡ ᠶᠢ ᠭᠠᠷ | ᠬᠤᠯᠪᠣᠨ ᠪᠡᠶᠡᠯᠡᠭᠦᠯᠦᠶ᠎ᠡ᠃ | ᠲᠠᠪᠤ ᠳᠤ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠶᠢ ᠪᠠᠷᠢᠮᠲᠠᠯᠠᠶ᠎ᠡ᠃ ᠪᠦᠬᠦ | ᠪᠥᠮᠪᠥᠷᠴᠡᠭ ᠤᠨ ᠣᠷᠴᠢᠨ ᠲᠤᠭᠤᠷᠢᠨ ᠤ ᠵᠠᠰᠠᠯᠲᠠ ᠶᠢ ᠲᠡᠭᠦᠯᠳᠡᠷᠵᠢᠭᠦᠯᠵᠦ᠂ ᠠᠭᠤᠷ ᠠᠮᠢᠰᠬᠤᠯ ᠤᠨ | ᠬᠤᠪᠢᠷᠠᠯᠲᠠ ᠶᠢ ᠢᠳᠡᠪᠬᠢᠲᠡᠢ ᠠᠷᠭᠠᠴᠠᠭᠠᠵᠤ᠂ ᠬᠥᠮᠦᠨ ᠪᠠᠶᠢᠭᠠᠯᠢ ᠶᠢᠨ ᠠᠮᠢ ᠨᠠᠰᠤᠨ ᠤ ᠬᠠᠮᠲᠤ ᠴᠣᠭᠴᠠ ᠶᠢ | ᠪᠠᠶᠢᠭᠤᠯᠤᠶ᠎ᠡ᠃ ᠪᠣᠬᠢᠷᠲᠤᠯ ᠦᠭᠡᠢ ᠲᠤᠤᠷ᠎ᠡ ᠨᠡᠭᠦᠷᠡᠰᠦᠲᠥ᠋ᠷᠥᠭᠴᠢᠳᠤ ᠬᠡᠯᠪᠡᠷᠢ ᠶᠢᠨ ᠬᠤᠪᠢᠷᠠᠭᠤᠯᠤᠯᠲᠠ ᠶᠢ | ᠲᠦᠷᠭᠡᠳᠬᠡᠵᠦ᠂ ᠪᠣᠬᠢᠷᠲᠤᠯ ᠦᠭᠡᠢ ᠰᠡᠷᠭᠦᠯᠲᠡ ᠬᠥᠭᠵᠢᠯᠲᠡ ᠶᠢ ᠪᠡᠶᠡᠯᠡᠭᠦᠯᠦᠶ᠎ᠡ᠃ ᠳᠤᠮᠳᠠᠳᠤ ᠤᠯᠤᠰ 2030 | ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠵᠦ᠂ | 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠂ | ᠡᠭᠦᠨ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ᠂ ᠭᠡᠪᠡᠴᠦ ᠪᠢᠳᠡ ᠪᠦᠬᠦ ᠬᠦᠴᠦᠨ ᠢᠶᠠᠷ ᠢᠶᠠᠨ | ᠴᠢᠷᠮᠠᠶᠢᠬᠤ ᠪᠤᠯᠤᠨ᠎ᠠ᠃ ᠳᠤᠮᠳᠠᠳᠤ ᠤᠯᠤᠰ ᠬᠥᠭᠵᠢᠵᠦ ᠪᠠᠶᠢᠭ᠎ᠠ ᠤᠯᠤᠰ ᠤᠳ ᠤᠨ ᠡᠨᠧᠷᠭᠢ ᠶᠢᠨ ᠪᠣᠬᠢᠷᠲᠤᠯ ᠦᠭᠡᠢ | ᠲᠤᠤᠷ᠎ᠡ ᠨᠡᠭᠦᠷᠡᠰᠦᠲᠥ᠋ᠷᠥᠭᠴᠢᠳᠤ ᠬᠥᠭᠵᠢᠯᠲᠡ ᠶᠢ ᠶᠡᠭᠡ ᠪᠠᠷ ᠳᠡᠮᠵᠢᠵᠦ᠂ ᠬᠢᠯᠢ ᠶᠢᠨ ᠭᠠᠳᠠᠨᠠᠬᠢ ᠨᠡᠭᠦᠷᠡᠰᠦ | ᠴᠠᠬᠢᠯᠭᠠᠨ ᠤ ᠲᠦᠷᠦᠯ ᠵᠦᠢᠯ ᠢ ᠲᠠᠬᠢᠨ ᠰᠢᠨ᠎ᠡ ᠪᠠᠷ ᠪᠦᠳᠦᠭᠡᠨ ᠪᠠᠶᠢᠭᠤᠯᠬᠤ ᠦᠭᠡᠢ᠃ | ᠵᠢᠷᠭᠤᠭ᠎ᠠ ᠳᠤ᠂ ᠠᠵᠢᠯᠯᠠᠭᠠᠨ ᠤ ᠤᠳᠤᠷᠢᠳᠤᠮᠵᠢ ᠶᠢ ᠪᠠᠷᠢᠮᠲᠠᠯᠠᠶ᠎ᠡ᠃ ᠬᠥᠭᠵᠢᠯᠲᠡ ᠶᠢᠨ ᠡᠬᠢ ᠪᠠᠶᠠᠯᠢᠭ ᠤᠨ | ᠣᠷᠣᠭᠤᠯᠤᠯᠲᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠬᠦᠮᠦᠨ ᠠᠮᠠ ᠶᠢ ᠴᠦᠭᠡᠳᠭᠡᠬᠦ᠂ ᠠᠮᠤ ᠪᠤᠳᠠᠭᠠᠨ ᠤ | ᠠᠮᠤᠷ ᠲᠦᠪᠰᠢᠨ᠂ ᠬᠢᠵᠢᠭ ᠲᠠᠢ ᠲᠡᠮᠡᠴᠡᠬᠦ ᠪᠠ ᠸᠠᠺᠼᠢᠨ᠂ ᠬᠦᠭᠵᠢᠯᠳᠡ ᠳᠤ ᠪᠡᠯᠡ ᠮᠥᠩᠭᠦ ᠴᠤᠭᠯᠠᠭᠤᠯᠬᠤ᠂ | ᠠᠭᠤᠷ ᠠᠮᠢᠰᠬᠤᠯ ᠤᠨ ᠬᠤᠪᠢᠷᠠᠯᠲᠠ ᠪᠠ ᠪᠣᠬᠢᠷᠲᠤᠯ ᠦᠭᠡᠢ ᠬᠥᠭᠵᠢᠯᠲᠡ᠂ ᠠᠵᠤ ᠦᠢᠯᠡᠳᠪᠦᠷᠢᠵᠢᠯᠲᠡ᠂ | ᠲᠣᠭᠠᠴᠢᠯᠠᠭᠰᠠᠨ ᠠᠵᠤ ᠠᠬᠤᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠭᠤᠣᠯᠳᠠᠯᠭ᠎ᠠ ᠲᠠᠢ ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠵᠠᠶᠠᠭᠠᠨ ᠤ ᠬᠠᠮᠲᠤ | ᠴᠣᠭᠴᠠ ᠶᠢ ᠪᠠᠶᠢᠭᠤᠯᠤᠶ᠎ᠡ᠃ | ᠭᠤᠷᠪᠠᠳᠤᠭᠠᠷ ᠲᠤ᠂ ᠪᠢᠳᠡ ᠡᠷᠬᠡᠪᠰᠢ ᠪᠦᠯᠬᠦᠮᠳᠡᠯ ᠢᠶᠠᠨ ᠴᠢᠩᠭᠠᠳᠬᠠᠵᠤ᠂ ᠬᠠᠷᠢᠯᠴᠠᠨ ᠬᠦᠨᠳᠦᠳᠬᠡᠬᠦ᠂ | ᠬᠠᠮᠲᠤᠷᠠᠯᠴᠠᠵᠥ ᠬᠠᠮᠲᠤ ᠪᠠᠷ ᠠᠰᠢᠭ ᠬᠥᠷᠳᠡᠬᠦ ᠤᠯᠠᠨ ᠤᠯᠤᠰ ᠤᠨ ᠬᠠᠷᠢᠯᠴᠠᠭᠠᠨ ᠤ ᠣᠶᠢᠯᠠᠭᠠᠭᠳᠠᠬᠤᠨ ᠢ | ᠦᠢᠯᠡᠳᠦᠯᠭᠡᠵᠢᠭᠦᠯᠬᠦ ᠬᠡᠷᠡᠭᠳᠡᠢ᠃ ᠨᠢᠭᠡᠨ ᠡᠩᠬᠡ ᠲᠠᠶᠢᠪᠤᠩ ᠬᠥᠭᠵᠢᠯᠳᠡ ᠶᠢᠨ ᠳᠡᠯᠡᠬᠡᠢ ᠶᠢᠷᠲᠢᠨᠴᠦ ᠨᠢ ᠠᠳᠠᠯᠢ ᠪᠤᠰᠤ | ᠬᠡᠯᠪᠡᠷᠢ ᠶᠢᠨ ᠪᠣᠯᠪᠠᠰᠤᠨ ᠢ ᠠᠴᠢᠶᠠᠯᠠᠵᠤ᠂ ᠡᠷᠬᠡᠪᠰᠢ ᠣᠳᠣᠬᠢᠴᠢᠯᠠᠯᠲᠠ ᠲᠡᠶᠢᠰᠢ ᠤᠷᠤᠭᠰᠢᠯᠠᠬᠤ ᠤᠯᠠᠨ | ᠶᠠᠩᠵᠤ ᠶᠢᠨ ᠵᠠᠮ ᠢ ᠪᠠᠭᠲᠠᠭᠠᠬᠤ ᠬᠡᠷᠡᠭᠲᠡᠢ᠃ ᠠᠷᠠᠳᠴᠢᠯᠠᠯ ᠨᠢ ᠠᠯᠢ ᠤᠯᠤᠰ ᠤᠨ ᠲᠤᠰᠬᠠᠢ ᠠᠰᠢᠭ ᠪᠢᠰᠢ᠂ ᠬᠠᠷᠢᠨ | ᠡᠯ᠎ᠡ ᠤᠯᠤᠰ ᠤᠨ ᠠᠷᠠᠳ ᠲᠦᠮᠡᠨ ᠤ ᠡᠷᠬᠡ ᠮᠥᠨ᠃ ᠭᠠᠳᠠᠭᠠᠳᠤ ᠶᠢᠨ ᠴᠡᠷᠢᠭ ᠤᠨ ᠬᠠᠯᠳᠠᠯᠭ᠎ᠠ ᠪᠠ | ᠠᠷᠠᠳᠴᠢᠯᠠᠭᠰᠠᠨ ᠥᠭᠡᠷᠡᠴᠢᠯᠡᠯᠲᠡ ᠭᠡᠳᠡᠭ ᠨᠢ ᠮᠠᠰᠢ ᠶᠡᠭᠡ ᠬᠤᠣᠷ ᠬᠥᠨᠥᠭᠡᠯ ᠲᠠᠢ ᠶᠤᠮ᠃ ᠡᠩᠬᠡ ᠲᠠᠶᠢᠪᠤᠩ᠂ | ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ ᠬᠥᠮᠦᠨ | ᠲᠥᠷᠥᠯᠬᠢᠲᠡᠨ ᠤ ᠬᠠᠮᠲᠤ ᠶᠢᠨ ᠦᠷᠳᠡᠭ ᠢ ᠶᠡᠭᠡ ᠪᠠᠷ ᠪᠠᠳᠠᠷᠠᠭᠤᠯᠵᠤ᠂ ᠵᠢᠵᠢᠭ ᠪᠦᠯᠬᠦᠮ ᠪᠠ ᠤᠭᠳᠤ ᠡᠪᠰᠡᠬᠦ ᠦᠭᠡᠢ | ᠲᠡᠮᠡᠴᠡᠭᠡᠨ ᠢ ᠲᠠᠶᠠᠭᠳᠠᠬᠤ ᠬᠡᠷᠡᠭᠲᠡᠢ᠃ ᠨᠢᠭᠡ ᠤᠯᠤᠰ ᠤᠨ ᠠᠮᠵᠢᠯᠲᠠ ᠨᠢ ᠨᠦᠭᠦᠭᠡ ᠨᠢᠭᠡ ᠤᠯᠤᠰ ᠤᠨ ᠵᠠᠶᠢᠯᠠᠰᠢ | ᠦᠭᠡᠢ ᠢᠯᠠᠭᠳᠠᠯ ᠢ ᠬᠠᠷᠠᠭᠤᠯᠵᠤ ᠪᠠᠶᠢᠬᠤ ᠪᠢᠰᠢ᠂ ᠡᠨᠡ ᠬᠦ ᠳᠡᠯᠡᠬᠡᠢ ᠶᠢᠷᠲᠢᠨᠴᠦ ᠨᠢ ᠡᠯ᠎ᠡ ᠤᠯᠤᠰ ᠤᠨ ᠬᠠᠮᠲᠤ ᠶᠢᠨ | ᠪᠤᠶᠢᠵᠢᠯᠲᠠ ᠪᠠ ᠳᠠᠪᠰᠢᠯᠲᠠ ᠶᠢ ᠪᠦᠷᠢᠮᠦᠰᠦᠨ ᠪᠠᠭᠲᠠᠭᠠᠵᠤ ᠴᠢᠳᠠᠨ᠎ᠠ᠃ ᠶᠠᠷᠢᠯᠴᠠᠭ᠎ᠠ ᠬᠢᠬᠦ ᠠᠴᠠ ᠪᠢᠰᠢ | ᠡᠰᠡᠷᠭᠦᠴᠡᠯᠳᠦᠬᠦ ᠦᠭᠡᠢ᠂ ᠪᠠᠭᠲᠠᠭᠠᠮᠵᠢᠲᠠᠢ ᠠᠴᠠ ᠪᠢᠰᠢ ᠪᠤᠰᠤᠳ ᠢ ᠭᠠᠳᠠᠭᠤᠷᠴᠢᠯᠠᠬᠤ ᠦᠭᠡᠢ ᠪᠠᠶᠢᠬᠤ ᠶᠢ | ᠪᠠᠷᠢᠮᠲᠠᠯᠠᠵᠤ᠂ ᠬᠠᠷᠢᠯᠴᠠᠨ ᠬᠦᠨᠳᠦᠳᠬᠡᠬᠦ᠂ ᠲᠥᠪ ᠭᠤᠣᠯᠴᠢ ᠰᠢᠳᠤᠷᠭᠤ ᠶᠣᠰᠣ ᠶᠢ ᠡᠷᠬᠢᠮᠯᠡᠬᠦ᠂ ᠬᠠᠮᠲᠤᠷᠠᠯᠴᠠᠵᠥ | ᠬᠠᠮᠲᠤ ᠪᠠᠷ ᠠᠰᠢᠭ ᠬᠦᠷᠳᠡᠬᠦ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠵᠤ᠂ ᠠᠰᠢᠭ | ᠲᠤᠰᠠ ᠶᠢᠨ ᠨᠡᠶᠢᠯᠡᠯ ᠴᠡᠭ ᠢ ᠥᠷᠭᠡᠳᠬᠡᠵᠦ᠂ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ ᠵᠢᠷᠤᠭᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠨ ᠬᠥᠭᠡᠭᠡᠴᠡᠯᠳᠦᠵᠥ ᠪᠠᠶᠢᠭ᠎ᠠ ᠪᠤᠯ ᠡᠩᠬᠡ ᠲᠠᠶᠢᠪᠤᠩ ᠡᠪ | ᠨᠠᠶᠢᠷᠠᠮᠳᠠᠭᠤ ᠡᠶ᠎ᠡ ᠵᠣᠬᠢᠴᠠᠩᠭᠤᠢ ᠪᠠᠶᠢᠬᠤ ᠣᠶᠢᠯᠠᠭᠠᠭᠳᠠᠬᠤᠨ ᠪᠣᠯᠤᠨ᠎ᠠ᠃ ᠪᠢᠳᠠ ᠥᠩᠭᠡᠷᠡᠭᠰᠡᠨ ᠳᠤ ᠪᠤᠰᠤᠳ ᠢ | ᠲᠦᠷᠢᠮᠡᠬᠡᠶᠢᠯᠡᠭᠰᠡᠨ ᠤᠢᠭᠡᠢ᠂ ᠬᠤᠶᠢᠰᠢᠳᠠ ᠴᠤ ᠲᠦᠷᠢᠮᠡᠬᠡᠶᠢᠯᠡᠬᠦ ᠤᠢᠭᠡᠢ᠂ ᠳᠠᠷᠤᠯᠠᠵᠥ ᠡᠵᠡᠷᠬᠡᠭᠯᠡᠬᠦ ᠤᠢᠭᠡᠢ ᠶᠤᠮ᠃ | ᠳᠤᠮᠳᠠᠳᠤ ᠤᠯᠤᠰ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ | ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ | ᠬᠠᠮᠠᠭᠠᠯᠠᠭᠴᠢ᠂ ᠤᠯᠠᠨ ᠨᠡᠶᠢᠲᠡ ᠶᠢᠨ ᠦᠢᠯᠡᠳᠬᠦᠨ ᠤ ᠬᠠᠩᠭᠠᠭᠴᠢ ᠪᠠᠶᠢᠵᠤ᠂ ᠦᠷᠭᠦᠯᠵᠢᠯᠡᠨ ᠳᠤᠮᠳᠠᠳᠤ | ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠰᠢᠨ᠎ᠡ ᠠᠵᠠ ᠲᠣᠬᠢᠶᠠᠯ ᠬᠠᠩᠭᠠᠨ᠎ᠠ᠃ | ᠳᠥᠷᠪᠡᠳᠦᠭᠡᠷ ᠲᠤ᠂ ᠪᠢᠳᠡ ᠡᠷᠬᠡᠪᠰᠢ ᠪᠦᠬᠦ ᠪᠥᠮᠪᠥᠷᠴᠡᠭ ᠤᠨ ᠵᠠᠰᠠᠯᠲᠠ ᠶᠢ ᠲᠡᠭᠦᠯᠳᠡᠷᠵᠢᠭᠦᠯᠵᠦ᠂ ᠵᠢᠩᠬᠢᠨᠢ | ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠳᠡᠢ᠃ ᠳᠡᠯᠡᠬᠡᠢ ᠲᠡᠭᠡᠷ᠎ᠡ ᠭᠠᠭᠴᠠᠬᠠᠨ ᠰᠢᠰᠲ᠋ᠧᠮ ᠪᠤᠢ᠂ ᠳᠠᠷᠤᠢ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ᠎ᠠ᠃ | | ᠭᠠᠭᠴᠠᠬᠠᠨ ᠡᠮᠬᠢ ᠲᠢᠭᠯᠢᠮ ᠪᠤᠢ᠂ ᠳᠠᠷᠤᠢ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠡᠮᠬᠢ ᠲᠢᠭᠯᠢᠮ ᠪᠣᠯᠤᠨ᠎ᠠ᠃ ᠭᠠᠭᠴᠠᠬᠠᠨ ᠲᠦᠷᠢᠮ ᠲᠠᠢ᠂ ᠳᠠᠷᠤᠢ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠲᠦᠷᠢᠮ ᠤᠨ ᠵᠣᠷᠢᠯᠲᠠ ᠪᠣᠯᠤᠨ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ | ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ | ᠵᠢᠩᠬᠢᠨᠢ ᠤᠯᠠᠨ ᠲᠠᠯᠠᠲᠤ ᠦᠵᠡᠯ ᠤᠨ ᠲᠤᠭ ᠢ ᠥᠨᠳᠥᠷ ᠮᠠᠨᠳᠤᠭᠤᠯᠵᠤ᠂ ᠡᠯ᠎ᠡ ᠤᠯᠤᠰ ᠤᠨ ᠨᠡᠶᠢᠳᠡᠮ ᠤᠨ ᠠᠮᠤᠷ | ᠲᠦᠪᠰᠢᠨ ᠢ ᠬᠠᠮᠲᠤ ᠪᠠᠷ ᠬᠠᠮᠠᠭᠠᠯᠠᠬᠤ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ᠂ ᠳᠡᠯᠡᠬᠡᠢ ᠶᠢᠨ | ᠬᠤᠪᠢ ᠵᠠᠶᠠᠭ᠎ᠠ ᠶᠢ ᠬᠠᠮᠲᠤ ᠪᠠᠷ ᠡᠵᠡᠮᠳᠡᠬᠦ ᠭᠤᠣᠯ ᠲᠠᠪᠴᠠᠩ ᠪᠣᠯᠪᠠᠯ ᠵᠣᠬᠢᠨ᠎ᠠ᠃ ᠤᠯᠠᠨ ᠤᠯᠤᠰ ᠤᠨ ᠡᠮᠬᠢ | ᠲᠢᠭᠯᠢᠮ ᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ | ᠤᠯᠠᠨ ᠤᠯᠤᠰ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ᠂ | ᠤᠯᠠᠨ ᠤᠯᠤᠰ ᠤᠨ ᠬᠠᠷᠢᠴᠠᠭᠠᠨ ᠤ ᠠᠷᠠᠳᠴᠢᠯᠠᠯᠲᠠ ᠪᠠ ᠬᠠᠤᠯᠢᠵᠢᠯᠳᠡ ᠶᠢ ᠠᠬᠢᠭᠤᠯᠬᠤ ᠲᠠᠯ᠎ᠠ ᠪᠠᠷ ᠡᠮᠦᠨ᠎ᠡ | ᠡᠩᠨᠡᠭᠡᠨ ᠳᠤ ᠶᠠᠪᠤᠬᠤ ᠬᠡᠷᠡᠭᠲᠡᠢ᠃ ᠠᠮᠤᠷ ᠲᠦᠪᠰᠢᠨ᠂ ᠬᠥᠭᠵᠢᠯᠲᠡ᠂ ᠬᠥᠮᠦᠨ ᠤ ᠡᠷᠬᠡ ᠵᠡᠷᠭᠡ ᠭᠤᠷᠪᠠᠨ ᠶᠡᠭᠡ | ᠬᠦᠷᠢᠶᠡᠨ ᠤ ᠠᠵᠢᠯ ᠢ ᠲᠡᠩᠴᠡᠭᠦᠷᠢᠲᠡᠢ ᠠᠬᠢᠭᠤᠯᠵᠤ᠂ ᠡᠯ᠎ᠡ ᠲᠠᠯ᠎ᠠ ᠶᠢᠨ ᠬᠢᠨ ᠤ ᠤᠯᠠᠨ ᠲᠠᠯᠠᠲᠤ ᠦᠵᠡᠯ ᠤᠨ | ᠲᠤᠬᠠᠢ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠶ᠎ᠠ ᠬᠡᠵᠥ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠡᠴᠦᠰ ᠲᠤ᠂ ᠳᠡᠯᠡᠬᠡᠢ ᠳ᠋ᠠᠬᠢᠨ ᠲᠠᠬᠢᠨᠳᠠ ᠲᠡᠦᠬᠡ ᠶᠢᠨ ᠠᠭᠤᠯᠵᠠᠷ ᠲᠤ | ᠵᠣᠭᠰᠣᠪᠠ᠃ ᠬᠥᠮᠦᠨ ᠲᠥᠷᠥᠯᠬᠢᠲᠡᠨ ᠤ ᠡᠩᠬᠡ ᠲᠠᠶᠢᠪᠤᠩ ᠬᠥᠭᠵᠢᠯᠲᠡ ᠳᠠᠪᠰᠢᠯᠲᠠ ᠶᠢᠨ ᠤᠷᠤᠰᠬᠠᠯ | ᠬᠤᠷᠢᠭᠯᠠᠭᠳᠠᠰᠢ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ | ᠪᠦᠬᠦ ᠪᠥᠮᠪᠥᠷᠴᠡᠭ ᠤᠨ ᠴᠢᠨᠠᠷᠲᠠᠢ ᠰᠦᠷᠳᠡᠭᠦᠯᠦᠯ ᠪᠣᠯᠤᠨ ᠥᠷᠢᠰᠥᠯᠳᠦᠭᠡᠨ ᠢ ᠭᠠᠷ ᠬᠤᠯᠪᠣᠨ ᠠᠷᠭᠠᠴᠠᠭᠠᠵᠤ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ | ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠠᠶᠢᠭᠤᠯᠤᠶ᠎ᠠ ᠭᠡᠵᠦ ᠴᠢᠬᠤᠯᠠᠴᠢᠯᠠᠪᠠ︕ |