ᠵᠠᠩ ᠰᠢᠶᠤᠤ ᠪᠢᠩ ᠰᠦᠬᠡ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠮᠠᠨ ᠤ ᠠᠶᠢᠮᠠᠭ ᠲᠤ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/9/24
      9 ᠰᠠᠷ᠎ᠠ ᠶᠢᠨ 15 ᠤ ᠡᠳᠦᠷ ᠠᠴᠠ 17 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠠᠶᠢᠮᠠᠭ ᠲᠤ ᠢᠷᠡᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠰᠢᠨᠵᠢᠯᠡᠨ ᠪᠠᠶᠢᠴᠠᠭᠠᠵᠤ ᠵᠣᠯᠭᠠᠭᠤᠯᠪᠠ᠃ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ ᠯᠢᠶᠣᠤ ᠰᠢᠶᠠᠩ ᠵᠦᠩ᠂ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠵᠦᠩ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠵᠢᠯᠯᠠᠭ᠎ᠠ ᠳᠤ ᠣᠷᠣᠯᠴᠠᠪᠠ᠃       ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠤᠯᠠᠭᠠᠨᠬᠤᠲᠠ ᠶᠢᠨ ᠢᠯᠡᠯᠳᠡ ᠪᠠᠯᠭᠠᠰᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠠᠮᠤ ᠪᠤᠳᠠᠭᠠᠨ ᠤ ᠦᠢᠯᠡᠰ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠭᠠᠵᠠᠷ ᠲᠤ ᠬᠦᠷᠴᠦ᠂ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠪᠣᠯᠪᠠᠰᠤᠷᠠᠭᠤᠯᠬᠤ ᠵᠢᠴᠢ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠪᠠ᠃ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠯᠠᠭᠠᠢ ᠳᠤᠮᠳᠠᠳᠤ ᠰᠤᠷᠭᠠᠭᠤᠯᠢ ᠳᠤ ᠨᠣᠮ ᠪᠢᠴᠢᠭ᠂ ᠰᠤᠷᠭᠠᠭᠤᠯᠢ ᠶᠢᠨ ᠬᠤᠪᠴᠠᠰᠤ᠂ ᠰᠣᠶᠣᠯ ᠲᠠᠮᠢᠷ ᠤᠨ ᠬᠡᠷᠡᠭᠰᠡᠯ ᠵᠢᠴᠢ ᠰᠤᠷᠤᠯᠭ᠎ᠠ ᠶᠢᠨ ᠱᠠᠩᠨᠠᠯ ᠤᠨ ᠮᠥᠩᠭᠦ ᠬᠠᠨᠳᠢᠪᠯᠠᠵᠤ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠰᠤᠷᠭᠠᠭᠤᠯᠢ ᠶᠢᠨ ᠵᠠᠬᠢᠷᠤᠯ ᠯᠢᠶᠣᠤ ᠰᠢᠶᠠᠩ ᠵᠥᠩ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠤ ᠪᠠᠷ ︽ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ MBA ᠨᠡᠶᠢᠲᠡ ᠶᠢᠨ ᠠᠰᠠᠷᠠᠮᠵᠢ ᠶᠢᠨ ᠳᠤᠮᠳᠠᠳᠤ ᠰᠤᠷᠭᠠᠭᠤᠯᠢ︾ ᠶᠢᠨ ᠫᠠᠶᠢᠰᠠ ᠶᠢ ᠰᠡᠬᠦᠪᠡ᠃       15 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠰᠤᠷᠭᠠᠭᠤᠯᠢ ᠪᠣᠯᠤᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠶᠠᠷᠢᠯᠴᠠᠨ ᠰᠠᠨᠠᠯ ᠢᠶᠠᠨ ᠰᠣᠯᠢᠯᠴᠠᠵᠤ᠂ ᠨᠠᠮᠴᠢ ᠴᠢᠨᠠᠷ ᠪᠣᠯᠤᠨ ᠤᠯᠤᠰ ᠤᠨ ᠪᠠᠶᠢᠳᠠᠯ ᠤᠨ ᠬᠥᠮᠦᠵᠢᠯ ᠤᠨ ᠰᠠᠭᠤᠷᠢᠨ ᠢ ᠬᠠᠮᠲᠤᠪᠠᠷ ᠪᠠᠶᠢᠭᠤᠯᠬᠤ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠢ ᠪᠠᠶᠢᠭᠤᠯᠬᠤ᠂ ᠬᠢᠩᠭᠠᠨ ᠠᠶᠢᠮᠠᠭ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠣᠯᠤᠨ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠶᠢ ᠳᠡᠮᠵᠢᠬᠦ᠂ ᠬᠢᠩᠭᠠᠨ ᠠᠶᠢᠮᠠᠭ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠤ ᠰᠣᠶᠣᠯ ᠤᠨ ᠬᠥᠭᠵᠢᠯᠲᠡ ᠶᠢ ᠳᠡᠮᠵᠢᠬᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠬᠢᠴᠢᠶᠡᠯ ᠤᠨ ᠲᠠᠩᠬᠢᠮ ᠡᠷᠬᠢᠯᠡᠬᠦ ᠶᠢ ᠳᠡᠮᠵᠢᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃       ᠰᠠᠭᠤᠳᠠᠯ ᠤᠨ ᠬᠤᠷᠠᠯ ᠳᠡᠭᠡᠷ᠎ᠡ᠂ ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠳᠤ ᠦᠵᠡᠭᠦᠯᠦᠭᠰᠡᠨ ᠬᠠᠪᠰᠤᠷᠤᠯᠭ᠎ᠠ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠪᠡᠶᠡᠯᠡᠭᠦᠯᠦᠭᠰᠡᠨ ᠤ ᠳᠠᠷᠠᠭᠠᠬᠢ ᠮᠠᠨ ᠤ ᠠᠶᠢᠮᠠᠭ ᠲᠤ ᠵᠣᠯᠭᠠᠭᠤᠯᠬᠤ ᠠᠵᠢᠯ ᠳᠤ ᠢᠷᠡᠭᠰᠡᠨ ᠠᠩᠬᠠᠳᠠᠭᠴᠢ ᠲᠥᠪ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠪᠣᠯᠤᠨ᠎ᠠ᠂ ᠡᠨᠡ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠬᠢᠩᠭᠠᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠠᠷᠠᠳ ᠲᠦᠮᠡᠨ ᠳᠤ ᠭᠦᠨ ᠵᠤᠵᠠᠭᠠᠨ ᠨᠥᠬᠦᠷᠯᠡᠯ ᠲᠠᠢ ᠪᠠᠶᠢᠬᠤ ᠶᠢ ᠢᠯᠡᠷᠡᠭᠦᠯᠵᠡᠢ ᠃ ᠣᠳᠣᠬᠠᠨ ᠳᠤ᠂ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠣᠯᠳᠠᠯᠭ᠎ᠠ ᠨᠢ ᠨᠢᠭᠡᠨᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠰᠢᠯᠵᠢᠵᠦ ᠂ ᠬᠢᠩᠭᠠᠨ ᠠᠶᠢᠮᠠᠭ ᠤᠨ ᠬᠢᠨ ᠶᠠᠭ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠠᠮᠢ ᠠᠬᠤᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠦᠨ︾ ᠭᠡᠬᠦ ᠤᠨᠤᠯ ᠦᠢᠯᠡᠳᠦᠯᠭᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠴᠡᠪᠡᠷ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠠᠭᠪᠤᠷ ᠢ ᠰᠦᠪᠡᠭᠴᠢᠯᠡᠵᠦ᠂ ᠴᠢᠨᠠᠷ ᠰᠠᠶᠢᠲᠠᠢ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠪᠣᠯᠤᠨ ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠬᠠᠷᠠᠯᠲᠠ ᠶᠢᠨ ᠣᠷᠣᠨ ᠢ ᠲᠦᠷᠭᠡᠨ ᠪᠦᠳᠦᠭᠡᠨ ᠪᠠᠶᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠬᠢᠨ ᠲᠤᠰ ᠪᠡᠶ᠎ᠡ ᠶᠢᠨ ᠲᠤᠰᠬᠠᠢ ᠮᠡᠷᠭᠡᠵᠢᠯ ᠤᠨ ᠳᠠᠪᠠᠭᠤᠯᠢᠭ᠂ ᠠᠵᠢᠯ ᠲᠦᠷᠦᠯ ᠤᠨ ᠳᠠᠪᠠᠭᠤᠯᠢᠭ᠂ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠤᠭᠠᠴᠠᠯ ᠤᠨ ᠤᠬᠠᠭᠤᠯᠭ᠎ᠠ ᠪᠣᠷᠣᠯᠠᠭᠤᠯᠭ᠎ᠠ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠷᠡᠭᠦᠯᠬᠦ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠬᠦ᠂ ᠰᠣᠶᠣᠯ ᠤᠨ ᠠᠵᠤ ᠦᠢᠯᠡᠰ ᠤᠨ ᠬᠠᠮᠲᠤᠷᠠᠯᠴᠠᠭ᠎ᠠ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠬᠠᠮ ᠵᠠᠭᠤᠴᠢᠯᠠᠭᠤᠷ ᠤᠨ ᠲᠥᠪ ᠤᠨ ᠪᠠᠶᠢᠭᠤᠯᠤᠯᠲᠠ ᠵᠡᠷᠭᠡ ᠲᠠᠯ᠎ᠠ ᠪᠠᠷ ᠤᠯᠠᠮ ᠴᠢᠨᠠᠭᠰᠢᠳᠠ ᠬᠦᠴᠦᠲᠡᠢ ᠳᠡᠮᠵᠢᠯᠭᠡ ᠦᠵᠡᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃       ᠯᠢᠶᠣᠤ ᠰᠢᠶᠠᠩ ᠵᠦᠩ᠂ ᠡᠨᠡ ᠤᠳᠠᠭ᠎ᠠ ᠬᠢᠩᠭᠠᠨ ᠠᠶᠢᠮᠠᠭ ᠲᠤ ᠰᠢᠨᠵᠢᠯᠡᠨ ᠪᠠᠶᠢᠴᠠᠭᠠᠵᠤ ᠰᠠᠨᠠᠯ ᠵᠶᠠ᠊ ᠰᠤᠯᠢᠯᠴᠠᠭᠰᠠᠨ ᠳᠤ ᠮᠠᠰᠢ ᠭᠦᠨ ᠲᠦᠷᠦᠭᠳᠡᠯ ᠲᠠᠢ᠂ ᠮᠠᠰᠢ ᠶᠡᠭᠡ ᠣᠯᠤᠯᠲᠠ ᠲᠠᠢ ᠶᠤᠮ᠂ ᠢᠯᠠᠩᠭᠤᠶ᠎ᠠ ᠬᠢᠩᠭᠠᠨ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠤᠭᠰᠠᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠣᠯᠤᠭᠰᠠᠨ ᠠᠮᠵᠢᠯᠲᠠ ᠪᠦᠲᠦᠮᠵᠢ ᠨᠢ ᠬᠥᠮᠦᠰ ᠢ ᠵᠣᠷᠢᠭᠵᠢᠭᠤᠯᠤᠨ᠎ᠠ ᠭᠡᠵᠦ ᠬᠡᠯᠡᠪᠡ᠃ ᠳᠠᠷᠠᠭᠠᠴᠢ ᠶᠢᠨ ᠠᠯᠬᠤᠮ ᠳᠤ᠂ ᠵᠠᠭᠤᠴᠢᠯᠠᠭᠤᠷ ᠤᠨ ᠶᠡᠭᠡ ᠰᠤᠷᠭᠠᠭᠤᠯᠢ ᠦᠷᠭᠦᠯᠵᠢᠯᠡᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠶᠠᠪᠤᠳᠠᠯ ᠢ ᠤᠯᠤᠰ ᠲᠥᠷᠥ ᠶᠢᠨ ᠡᠭᠦᠷᠭᠡ ᠪᠠ ᠥᠪᠡᠷ ᠤᠨ ᠬᠢᠪᠡᠰᠦ ᠵᠣᠬᠢᠬᠤ ᠠᠵᠢᠯ ᠢᠶᠠᠨ ᠪᠣᠯᠭᠠᠵᠤ᠂ ᠲᠤᠰᠬᠠᠶ ᠮᠡᠷᠭᠡᠵᠢᠯ ᠤᠨ ᠪᠠ ᠴᠢᠳᠠᠪᠤᠷᠢᠲᠠᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ︽ᠪᠦᠬᠦ ᠤᠯᠤᠰ ᠲᠤ ᠬᠢᠩᠭᠠᠨ ᠠᠶᠢᠮᠠᠭ ᠢ ᠣᠶᠢᠯᠠᠭᠠᠭᠤᠯᠬᠤ︾ ᠡᠨᠡᠬᠦ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠬᠢᠩᠭᠠᠨ ᠠᠶᠢᠮᠠᠭ ᠯᠤᠭ᠎ᠠ ᠵᠣᠯᠭᠠᠯᠴᠠᠨ ᠰᠣᠯᠢᠯᠴᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠤᠭᠠᠴᠠᠯ ᠤᠨ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠰ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠴᠢᠳᠠᠪᠤᠷᠢᠲᠠᠨ ᠢ ᠰᠣᠯᠢᠯᠴᠠᠨ ᠬᠥᠮᠦᠵᠢᠭᠦᠯᠬᠦ ᠵᠡᠷᠭᠡ ᠲᠠᠯ᠎ᠠ ᠪᠠᠷ ᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠥᠷᠭᠡᠳᠬᠡᠵᠦ᠂ ᠨᠡᠩ ᠤᠯᠠᠨ ᠰᠤᠷᠭᠠᠭᠤᠯᠢ ᠣᠷᠣᠨ ᠨᠤᠲᠤᠭ ᠤᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠣᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠪᠡ᠃ ᠠᠶᠢᠮᠠᠭ ᠤᠨ ᠤᠳᠤᠷᠢᠳᠤᠯᠭ᠎ᠠ ᠰᠢᠤᠢ ᠪᠦᠦ ᠴᠢᠤᠸᠠᠨ᠂ ᠬᠤᠩ ᠭᠤᠸᠠᠨ᠂ ᠶᠠᠩ ᠵᠢᠶ ᠫᠧᠩ᠂ ᠴᠢᠨ ᠬᠤᠸᠠ ᠵᠧᠨ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ ᠶᠢᠨ ᠭᠤᠤᠯ ᠬᠠᠷᠢᠭᠤᠴᠠᠯᠭᠠᠲᠠᠨ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号