ᠰᠦᠬᠡ ᠪᠦᠬᠦ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/24
      9 ᠰᠠᠷ᠎ᠠ ᠶᠢᠨ 16 ᠤ ᠡᠳᠦᠷ᠂ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠲᠥᠪ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠶᠣᠰᠣᠭᠠᠷ ᠣᠷᠣᠨ ᠢᠶᠠᠨ ᠵᠠᠰᠠᠬᠤ ᠠᠵᠢᠯ ᠤᠨ ᠬᠤᠷᠠᠯ ᠪᠠ ᠠᠶᠢᠮᠠᠭ ᠤᠨ ᠨᠠᠮ ᠤᠨ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠠᠶᠢᠮᠠᠭ ᠢᠶᠠᠨ ᠵᠠᠰᠠᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠬᠤᠯᠢᠵᠢᠯ ᠤᠨ ᠵᠠᠰᠠᠭ ᠤᠨ ᠣᠷᠳᠣᠨ ᠤ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠂ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠼᠤᠤ ᠺᠠᠶ ᠬᠤᠩ ᠠᠵᠢᠯ ᠢ ᠪᠠᠶᠢᠷᠢᠯᠠᠭᠤᠯᠪᠠ᠃       ᠬᠤᠷᠠᠯ ᠠᠴᠠ ︽ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠲᠦᠢᠮᠣ︾ ᠶᠢᠨ ᠬᠠᠮᠢᠶ᠎ᠠ ᠪᠦᠬᠦᠢ ᠠᠭᠤᠯᠭ᠎ᠠ ᠪᠣᠯᠤᠨ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ︽︿ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025︶﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠬᠦᠨ ᠨᠢᠭᠡᠴᠢ ᠶᠢᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃       ᠬᠤᠷᠠᠯ ᠠᠴᠠ ᠵᠢᠭᠠᠵᠦ ᠭᠠᠷᠭᠠᠭᠰᠠᠨ ᠨᠢ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ᠂ ᠦᠨᠳᠦᠰᠦᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢ ᠪᠠᠲᠤ ᠪᠤᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠤᠯᠤᠰ ᠶᠡᠭᠡ ᠬᠡᠮᠡᠭᠴᠢ︾ ᠶᠢ ᠪᠠᠲᠤ ᠴᠡᠭᠡᠵᠢᠯᠡᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠡᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠬᠠᠤᠯᠢᠵᠢᠯ ᠤᠨ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠵᠤ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠭᠤᠣᠯᠳᠠᠯᠭ᠎ᠠ ᠶᠢ ᠲᠤᠪᠤᠶᠢᠯᠭᠠᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠤ ᠠᠬᠤᠶ ᠶᠢᠨ ᠲᠤᠬᠢᠷᠠᠭᠤᠯᠤᠯᠳᠠ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠡᠭᠦᠷᠭᠡ ᠴᠢᠳᠠᠪᠤᠷᠢ ᠶᠢ ᠴᠢᠩᠭᠠᠳᠬᠠᠨ ᠲᠡᠭᠦᠯᠳᠡᠷᠵᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠬᠠᠤᠯᠢ ᠶᠣᠰᠣᠭᠠᠷ ᠰᠢᠢᠳᠪᠦᠷᠢᠳᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠰᠢᠢᠳᠪᠦᠷᠢᠳᠦ ᠪᠤᠳᠤᠯᠭ᠎ᠠ ᠲᠣᠭᠲᠠᠭᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠲᠥᠪ ᠤᠨ ᠬᠠᠤᠯᠢ ᠶᠣᠰᠣᠭᠠᠷ ᠤᠯᠤᠰ ᠢᠶᠠᠨ ᠵᠠᠰᠠᠬᠤ ᠠᠯᠪᠠᠨ ᠭᠡᠷ ᠤᠨ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠢ᠃ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠰᠢᠮᠳᠠᠭᠤᠯᠤᠨ ᠵᠢᠯᠣᠭᠤᠳᠬᠤ ᠦᠢᠯᠡᠳᠦᠯ ᠢᠶᠠᠨ ᠪᠠᠳᠠᠷᠠᠭᠤᠯᠵᠤ ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢᠨ ᠡᠭᠦᠷᠭᠡ ᠬᠠᠷᠠᠯᠲᠠ ᠶᠢ ᠬᠡᠮᠵᠢᠶᠡᠵᠢᠭᠦᠯᠦᠨ ᠪᠣᠳᠠᠲᠠᠶᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠨᠢᠭᠲᠠ ᠠᠪᠴᠠᠯᠳᠤᠭᠤᠯᠤᠨ᠂ ᠵᠠᠪᠰᠠᠷ ᠥᠬᠡᠶ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠪᠦᠷᠢᠯᠳᠦᠬᠦᠨ ᠨᠢᠭᠡᠴᠢ ᠶᠢᠨ ᠬᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠰᠢᠨ᠎ᠡ ᠴᠠᠭ ᠦᠶ᠎ᠡ ᠶᠢᠨ ᠪᠦᠬᠦ ᠠᠶᠢᠮᠠᠭ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠭᠡᠪᠡ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号