ᠳᠥᠷᠪᠡᠲᠡᠬᠢ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ | ᠢᠷᠡᠬᠦ ᠲᠠᠰᠢᠷᠠᠮ ᠳᠤ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠨᠠᠮ ᠤᠨ ᠲᠥᠪ ᠬᠤᠷᠢᠶᠠᠨ ᠤ ᠡᠮᠦᠨ᠎ᠡ ᠠᠴᠠ᠂ | ᠪᠥᠬᠦ ᠤᠯᠤᠰ ᠤᠨ ᠥᠷᠭᠡᠨ ᠣᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠶ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠳᠡᠪᠰᠢᠭᠦᠯᠪᠡ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ᠂ ᠦᠶᠡᠷ ᠤᠰᠤᠲᠤᠯ ᠪᠠᠶᠢᠭᠠᠯᠢ ᠶᠢᠨ ᠭᠠᠮᠰᠢᠭ ᠵᠡᠷᠭᠡ ᠬᠦᠴᠢᠷᠳᠡᠯ ᠢ ᠢᠯᠠᠨ ᠳᠠᠪᠠᠵᠤ᠂ ᠠᠮᠤ | ᠪᠤᠳᠠᠭ᠎ᠠ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ | ᠵᠣᠬᠢᠴᠠᠩᠭᠤᠢ ᠲᠣᠭᠲᠠᠭᠤᠨ᠂ ᠲᠠᠷᠢᠶᠠᠴᠢᠳ ᠵᠣᠯ ᠵᠢᠷᠭᠠᠯ ᠲᠠᠢ ᠠᠮᠤᠷ ᠠᠮᠤᠭᠤᠯᠠᠩ ᠠᠮᠢᠲᠤᠷᠠᠵᠦ᠂ ᠰᠢᠨ᠎ᠡ ᠪᠠᠶᠢᠳᠠᠯ ᠢ | ᠡᠭᠦᠳᠬᠦ᠂ ᠬᠤᠪᠢᠷᠠᠯᠲᠠ ᠶᠢ ᠠᠷᠭᠠᠴᠠᠭᠠᠬᠤ᠂ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ | ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ ᠬᠥᠳᠡᠭᠡ ᠲᠣᠰᠬᠤᠨ ᠢ ᠵᠠᠪᠠᠯ | ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠰᠢᠨ᠎ᠡ ᠠᠶᠠᠨ ᠳᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ | ᠭᠤᠣᠯᠳᠠᠯᠭ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ | ᠲᠡᠦᠬᠡᠲᠦ ᠴᠢᠨᠠᠷᠲᠠᠢ ᠪᠠᠷ ᠰᠢᠯᠵᠢᠪᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ | ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠵᠦ᠂ ᠥᠷᠭᠡᠨ ᠤᠯᠠᠨ ᠲᠠᠷᠢᠶᠠᠴᠢᠨ ᠤ ᠠᠮᠢᠳᠤᠷᠠᠯ ᠢ | ᠡᠳᠦᠷ ᠠᠴᠠ ᠡᠳᠦᠷ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |