9 ᠰᠠᠷ᠎ᠠ ᠶᠢᠨ 23 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ | ᠴᠧᠩ ᠱᠢ ᠴᠢᠩ ᠰᠢ᠂ ᠵᠠᠩ ᠰᠢᠤ ᠯᠠᠨ᠂ ᠳ᠋ᠢᠩ ᠱᠠᠨ ᡁᠢ᠂ ᠴᠢᠨ ᠷᠦᠩ ᠵᠡᠷᠭᠡ ᠠᠵᠢᠯ ᠠᠴᠠ ᠪᠠᠨ | ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠰᠢᠶᠠᠨ ᠤ ᠭᠠᠵᠠᠷ ᠤᠨ ᠲᠠᠰ ᠤᠨ ᠺᠠᠳ᠋ᠷᠴᠤᠳ ᠢ ᠪᠣᠯᠭᠤᠭᠠᠨ | ᠲᠣᠬᠤᠨᠢᠭᠤᠯᠪᠠ᠃ | | | | | | | | | | | | | | ᠵᠠᠩ ᠱᠤᠸᠠᠩ ᠴᠧᠩ ᠬᠦᠷᠦᠭᠰᠡᠨ ᠭᠠᠵᠠᠷ ᠪᠣᠯᠭᠠᠨ ᠳᠤ ᠠᠵᠢᠯ ᠠᠴᠠ ᠪᠠᠨ ᠳᠠᠷᠬᠠᠯᠠᠭᠳᠠᠭᠰᠠᠨ | ᠠᠵᠢᠯ ᠠᠴᠠ ᠪᠠᠨ ᠠᠮᠠᠷᠠᠭᠰᠠᠨ ᠰᠢᠶᠠᠨ ᠭᠠᠵᠠᠷ ᠤᠨ ᠲᠡᠰ ᠤᠨ ᠺᠠᠳ᠋ᠷ ᠲᠠᠢ ᠰᠡᠳᠬᠢᠯ ᠤᠨ ᠦᠭᠡ ᠪᠠᠨ ᠶᠠᠷᠢᠯᠴᠠᠵᠤ᠂ | ᠲᠡᠳᠡᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠲᠦᠴᠢᠦᠸᠠᠨ ᠤ | ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃ ᠲᠡᠳᠡᠨ ᠤ ᠪᠡᠶ᠎ᠡ ᠪᠠᠨ | ᠰᠠᠶᠢᠲᠤᠷ ᠭᠠᠮᠨᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠴᠤ᠂ ᠰᠢᠶᠠᠨ ᠤ | ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ | ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ | ᠰᠢᠶᠠᠨ ᠭᠠᠵᠠᠷ ᠤᠨ ᠲᠠᠰ ᠤᠨ ᠺᠠᠳ᠋ᠷᠴᠤᠳ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠳᠤ | ᠴᠢᠩ ᠰᠡᠳᠬᠢᠯ ᠠᠴᠠ ᠪᠠᠨ ᠲᠠᠯᠠᠷᠬᠠᠵᠤ᠂ ᠪᠥᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠶᠢ | ᠦᠷᠭᠦᠯᠵᠢᠯᠡᠨ ᠠᠩᠬᠠᠷᠴᠤ᠂ ᠰᠢᠶᠠᠨ ᠤ ᠬᠡᠪᠴᠢᠶᠡᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠬᠡᠵᠡᠭᠡᠪᠡ᠃ | | | | | ᠵᠠᠩ ᠱᠤᠸᠠᠩ ᠴᠧᠩ ᠪᠠᠰᠠ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠤ ᠸᠠᠺᠼᠢᠨ ᠤ ᠲᠠᠷᠢᠯᠭ᠎ᠠ ᠬᠢᠬᠦ | ᠴᠡᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠬᠢᠬᠦ ᠠᠵᠢᠯ ᠢ | ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠡᠷᠡ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠠᠶᠢᠪᠤᠰᠢᠷᠠᠬᠤ | ᠪᠤᠳᠤᠯ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠩ ᠶᠡᠭᠡ ᠡᠷᠴᠢᠮ᠂ ᠨᠠᠩ ᠪᠣᠳᠠᠲᠠᠶ | ᠠᠷᠭ᠎ᠠ ᠬᠡᠮᠵᠢᠶ᠎ᠡ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ | ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠡᠭᠡᠯᠢᠯᠡᠭᠡ ᠶᠢᠨ ᠬᠠᠯᠬᠠᠪᠴᠢ ᠶᠢ ᠪᠥᠬᠦ ᠬᠦᠴᠦᠨ ᠢᠶᠠᠷ ᠢᠶᠠᠨ | ᠴᠣᠭᠴᠠᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠨᠢᠩ ᠬᠠᠢ ᠶᠠᠨ᠂ ᠯᠢᠦ ᡁᠢ ᠹᠧᠩ ᠲᠤᠰ | ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ |