9 ᠰᠠᠷ᠎ᠠ ᠶᠢᠨ 23 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ | ᠴᠧᠩ ᠶᠦᠩ ᠠᠨ ᠪᠠᠯᠭᠠᠰᠤ ᠶᠢᠨ ᠰᠧ ᠵᠢᠶᠠ ᠽᠢ ᠲᠣᠰᠬᠤᠨ᠂ ᠺᠤᠤ ᠱᠠᠨ ᠲᠣᠰᠬᠤᠨ ᠪᠣᠯᠤᠨ ᠯᠢᠦ ᠬᠤ᠋ | ᠪᠠᠯᠭᠠᠰᠤ ᠶᠢᠨ ᠵᠢᠤᠢ ᠰᠢᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠪᠠᠶᠢᠴᠠᠭᠠᠨ ᠰᠤᠳᠤᠯᠤᠭᠰᠠᠨ ᠪᠥᠭᠡᠳ ᠯᠢᠦ ᠬᠤ᠋ ᠪᠠᠯᠭᠠᠰᠤ ᠶᠢᠨ ᠵᠠᠰᠠᠭ ᠤᠨ ᠣᠷᠳᠣᠨ ᠶᠠᠷᠢᠯᠴᠠᠬᠤ ᠬᠤᠷᠠᠯ ᠡᠷᠬᠢᠯᠡᠨ | ᠬᠤᠷᠠᠯᠳᠤᠭᠤᠯᠵᠤ᠂ ᠯᠢᠦ ᠬᠤ᠋ ᠪᠠᠯᠭᠠᠰᠤ ᠪᠣᠯᠤᠨ ᠶᠦᠩ ᠠᠨ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠣᠳᠠᠲᠠᠢ ᠠᠵᠢᠯ ᠪᠣᠯᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ | ᠤᠳᠤᠷᠢᠳᠤᠯᠭ᠎ᠠ ᠸᠠᠩ ᠶᠦᠩ ᠵᠢᠶᠠ᠂ ᠪᠦᠦ ᠬᠥᠭᠵᠢᠯᠲᠦ᠂ ᠯᠢᠦ ᡁᠢ ᠹᠧᠩ᠂ ᠴᠢᠦᠢ ᠲᠦᠩ ᠨᠢᠶᠠᠨ ᠣᠷᠣᠯᠴᠠᠪᠠ᠃ | | | | | | | | | | ᠵᠠᠩ ᠱᠤᠸᠠᠩ ᠴᠧᠩ᠂ ᠲᠦᠴᠢᠦᠸᠠᠨ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠰᠠᠭᠤᠷᠢ ᠮᠠᠰᠢ ᠰᠠᠶᠢᠨ᠂ ᠺᠠᠳ᠋ᠷ ᠤᠨ ᠡᠩᠨᠡᠭᠡ ᠶᠢᠨ ᠤᠶᠤᠨ ᠰᠠᠨᠠᠭᠠᠨ ᠤ ᠪᠠᠶᠢᠳᠠᠯ ᠮᠠᠰᠢ ᠰᠠᠶᠢᠨ᠂ | ᠺᠠᠳ᠋ᠷ ᠤᠨ ᠰᠡᠳᠬᠢᠴᠡ ᠮᠠᠰᠢ ᠲᠣᠳᠣᠷᠬᠠᠢ ᠪᠠᠶᠢᠨ᠎ᠠ᠃ ᠣᠳᠣᠬᠠᠨ ᠳᠤ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ | ᠪᠣᠯ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠪᠡᠯᠡᠳᠬᠡᠵᠦ᠂ ︽ᠬᠤᠶᠠᠷ ᠬᠤᠷᠠᠯ︾ ᠢ ᠰᠠᠶᠢᠲᠤᠷ | ᠪᠡᠯᠡᠳᠬᠡᠬᠦ ᠶᠠᠪᠤᠳᠠᠯ ᠪᠣᠯᠤᠨ᠎ᠠ᠃ ᠬᠤᠶᠠᠷ ᠬᠥᠯ ᠢᠶᠠᠷ ᠶᠠᠪᠤᠵᠤ ᠢᠷᠡᠬᠦ ᠵᠢᠯ ᠤᠨ ᠭᠤᠤᠯᠳᠠᠯᠭ᠎ᠠ ᠲᠠᠢ ᠠᠵᠢᠯ ᠢ | ᠢᠳᠡᠪᠬᠢᠲᠡᠶ ᠲᠥᠯᠥᠪᠵᠢᠭᠦᠯᠬᠦ ᠬᠡᠷᠡᠭᠲᠡᠶ᠃ ᠲᠦᠴᠢᠦᠸᠠᠨ ᠰᠢᠶᠠᠨ ᠤ ᠬᠡᠳᠦᠨ ᠬᠤᠭᠤᠴᠠᠭᠠᠨ ᠤ ᠤᠳᠤᠷᠢᠳᠬᠤ ᠪᠠᠭ᠂ | ᠮᠠᠰᠢ ᠤᠯᠠᠨ ᠰᠠᠶᠢᠨ ᠠᠵᠢᠯ ᠤᠨ ᠰᠡᠳᠬᠢᠴᠡ ᠶᠢ ᠳᠤᠷᠠᠳᠴᠠᠢ᠂ ᠢᠯᠠᠩᠭᠤᠶ᠎ᠠ ᠬᠥᠳᠡᠭᠡ ᠠᠵᠤ ᠠᠬᠤᠢ ᠬᠥᠳᠡᠭᠡ | ᠲᠣᠰᠬᠤᠨ ᠤ ᠠᠵᠢᠯ ᠤᠨ ᠰᠡᠳᠬᠢᠴᠡ ᠮᠠᠰᠢ ᠲᠣᠳᠣᠷᠬᠠᠢ ᠪᠠᠶᠢᠨ᠎ᠠ᠃ ᠡᠳᠡᠭᠡᠷ ᠰᠡᠳᠬᠢᠴᠡ ᠪᠣᠯ ᠪᠦᠷᠢᠮᠦᠰᠦᠨ ᠵᠥᠪ | ᠭᠡᠳᠡᠭ ᠢ ᠣᠷᠴᠢᠮ ᠤᠨ ᠬᠡᠳᠦᠨ ᠵᠢᠯ ᠤᠨ ᠬᠥᠭᠵᠢᠯᠲᠡ ᠪᠠᠷ ᠭᠡᠷᠡᠴᠢᠯᠡᠭᠰᠡᠨ ᠪᠠᠶᠢᠨ᠎ᠠ᠃ ᠡᠲᠡᠭᠡᠷ ᠰᠡᠳᠬᠢᠴᠡ ᠨᠢ | ᠬᠤᠪᠢᠷᠬᠠᠤ ᠥᠬᠡᠶ ᠶᠤᠮ᠂ ᠪᠦᠬᠦ᠋ᠢᠯᠡ ᠠᠵᠤ ᠦᠢᠯᠡᠰ ᠨᠢ ᠳᠠᠷᠤᠶ ᠮᠠᠯᠵᠢᠬᠤ ᠲᠠᠷᠢᠶᠠᠯᠠᠬᠤ ᠶᠢᠨ ᠲᠣᠭᠤᠷᠢᠨ ᠳᠤ | ᠠᠷᠭ᠎ᠠ ᠤᠬᠠᠭᠠᠨ ᠭᠠᠷᠭᠠᠵᠤ᠂ ᠮᠠᠯ ᠠᠵᠤ ᠠᠬᠤᠶ ᠳᠤ ᠪᠠᠰᠠ ᠨᠢᠭᠡ ᠲᠣᠪᠤᠶᠢᠮ᠎ᠠ ᠲᠦᠴᠢᠦᠸᠠᠨ ᠪᠣᠶ ᠪᠣᠯᠭᠠᠬᠤ | ᠶᠠᠪᠤᠳᠠᠯ ᠪᠣᠯᠤᠨ᠎ᠠ᠃ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠪᠣᠣᠬᠢᠶ᠎ᠠ ᠶᠢ | ᠦᠷᠭᠦᠯᠵᠢᠯᠡᠨ ᠰᠠᠶᠢᠲᠤᠷ ᠵᠠᠯᠭᠠᠵᠤ᠂ ᠰᠠᠶᠢᠲᠤᠷ ᠵᠠᠮᠨᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ | | | | | ᠣᠳᠣᠬᠠᠨ ᠤ ᠪᠣᠳᠠᠲᠠᠶ ᠠᠵᠢᠯ ᠤᠨ ᠲᠤᠬᠠᠶ ᠵᠠᠩ ᠱᠤᠸᠠᠩ ᠴᠧᠩ ᠴᠢᠬᠤᠯᠠᠴᠢᠯᠠᠭᠰᠠᠨ ᠨᠢ᠂ ᠨᠢᠭᠡ ᠳᠤ | ᠲᠥᠷᠥᠯ ᠵᠦᠢᠯ ᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ | ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ ᠡᠯ᠎ᠡ ᠲᠢᠩᠬᠢᠮ ᠲᠣᠪᠴᠢᠶ᠎ᠠ ᠶᠢᠨ ᠬᠡᠷᠡᠭᠵᠢᠭᠦᠯᠬᠦ | ᠰᠠᠨᠠᠯ ᠤᠨ ᠲᠣᠭᠤᠷᠢᠨ ᠳᠤ᠂ ᠬᠠᠮᠢᠶ᠎ᠠ ᠪᠥᠬᠦᠶ ᠲᠥᠷᠥᠯ ᠵᠦᠢᠯ ᠢ ᠰᠠᠶᠢᠲᠤᠷ ᠨᠠᠶᠢᠷᠠᠭᠤᠯᠤᠨ ᠵᠣᠬᠢᠶᠠᠵᠤ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠬᠡᠷᠡᠭᠲᠡᠶ᠃ | ᠬᠦᠨᠳᠦ ᠬᠥᠩᠭᠡᠨ ᠠᠯᠭᠤᠷ ᠪᠠᠴᠢᠮ ᠢ ᠲᠣᠳᠣᠷᠬᠠᠶᠢᠯᠠᠵᠤ᠂ ᠣᠨ ᠢᠶᠠᠷ ᠲᠥᠷᠥᠯ ᠵᠦᠢᠯ ᠢ ᠰᠠᠶᠢᠲᠤᠷ ᠵᠢᠭᠰᠠᠭᠠᠵᠤ᠂ | ᠢᠷᠡᠬᠦ ᠵᠢᠯ ᠴᠢᠨᠠᠭᠰᠢᠯᠠᠪᠠᠯ ᠬᠤᠶᠢᠰᠢᠳᠠ ᠶᠢᠨ ᠭᠤᠷᠪᠠ ᠳᠥᠷᠪᠡᠨ ᠵᠢᠯ ᠳᠤ ᠬᠡᠷᠡᠭᠵᠢᠭᠦᠯᠬᠦ ᠲᠥᠷᠥᠯ ᠵᠦᠢᠯ ᠢ | ᠲᠣᠳᠣᠷᠬᠠᠶᠢᠯᠠᠵᠤ᠂ ᠴᠠᠭ ᠢᠮᠠᠭᠲᠠ ᠪᠡᠯᠡᠳᠬᠡᠯ ᠬᠢᠵᠦ᠂ ᠴᠠᠭ ᠢᠮᠠᠭᠲᠠ ᠬᠡᠷᠡᠭᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠶ | ᠃ ᠬᠤᠶᠠᠷ ᠲᠤ ᠢᠷᠡᠬᠦ ᠵᠢᠯ ᠤᠨ ᠠᠵᠢᠯ ᠢ ᠭᠤᠣᠯᠳᠠᠯᠭ᠎ᠠ ᠲᠠᠢ ᠲᠥᠯᠥᠪᠯᠡᠬᠦ ᠬᠡᠷᠡᠭᠲᠡᠢ᠃ ᠢᠷᠡᠬᠦ ᠵᠢᠯ ᠤᠨ | ᠭᠤᠣᠯᠳᠠᠯᠭ᠎ᠠ ᠲᠠᠢ ᠠᠳᠬᠤᠬᠤ ᠠᠵᠢᠯ ᠢ ᠤᠷᠢᠳᠴᠢᠯᠠᠨ ᠰᠠᠶᠢᠲᠤᠷ ᠲᠥᠯᠥᠪᠯᠡᠵᠦ᠂ ᠨᠢᠭᠡ ᠨᠢᠭᠡ ᠶᠠᠪᠤᠳᠠᠯ ᠢᠶᠠᠷ | ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠷᠢᠭ ᠰᠢᠭᠤᠳᠤᠨ ᠬᠢᠬᠦ ᠶᠠᠪᠤᠳᠠᠯ᠂ ᠡᠮᠦᠨᠡᠬᠢ ᠬᠤᠭᠤᠴᠠᠭᠠᠨ ᠤ | ᠲᠥᠯᠥᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠵᠦ᠂ ᠢᠷᠡᠬᠦ ᠵᠢᠯ ᠤᠨ ᠬᠠᠪᠤᠷ ᠠᠴᠠ ᠡᠬᠢᠯᠡᠵᠦ ᠬᠡᠷᠡᠭᠵᠢᠭᠦᠯᠦᠨ᠎ᠡ᠃ | ᠭᠤᠷᠪᠠ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ | ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠣᠨᠴᠠᠭᠠᠶᠢᠯᠠᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠬᠤᠪᠢ ᠣᠷᠣᠭᠤᠯᠵᠤ ᠠᠰᠢᠭ ᠬᠤᠪᠢᠶᠠᠬᠤ ᠪᠡᠯᠡ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠥᠨᠳᠥᠷ | ᠪᠦᠲᠦᠮᠵᠢᠲᠡᠢ ᠠᠮᠤᠷ ᠲᠦᠪᠰᠢᠨ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠦᠨᠡᠨᠬᠦ ᠶᠠᠪᠤᠭᠳᠠᠭᠤᠰᠢᠲᠠᠶ᠂ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠰᠡᠷᠡᠮᠵᠢᠯᠡᠭᠦᠯᠬᠦ ᠲᠣᠭᠲᠠᠴᠠ ᠶᠢ | ᠪᠠᠶᠢᠭᠤᠯᠤᠨ᠂ ᠪᠡᠯᠡ ᠮᠥᠩᠭᠦ ᠳᠤ ᠠᠰᠠᠭᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠵᠠᠩ ᠱᠤᠸᠠᠩ ᠴᠧᠩ᠂ | ᠲᠦᠴᠢᠦᠸᠠᠨ ᠪᠣᠯ ᠲᠠᠷᠢᠶᠠᠯᠠᠩ ᠤᠨ ᠲᠤᠮᠤ ᠰᠢᠶᠠᠨ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠬᠤᠭᠤᠴᠠᠭᠠᠨ ᠳᠤ ᠡᠯ᠎ᠡ ᠱᠠᠳᠤ ᠡᠯ᠎ᠡ ᠲᠠᠯ᠎ᠠ ᠶᠢᠨ ᠬᠢᠨ ᠶᠡᠭᠡ ᠬᠡᠮᠵᠢᠶᠡᠨ ᠤ ᠠᠵᠢᠯ ᠬᠢᠵᠦ᠂ ᠢᠯᠡᠳᠲᠡ | ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠨᠡ ᠬᠦ ᠶᠡᠭᠡ ᠶᠠᠪᠤᠳᠠᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ | ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠤᠨ᠎ᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ | ᠃ ︽ᠲᠠᠪᠤᠨ ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ | ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠯᠡᠨ ᠠᠳᠬᠤᠬᠤ ᠬᠡᠷᠡᠭᠲᠡᠶ᠃ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ | ᠤᠳᠤᠷᠢᠳᠬᠤ ᠳᠤᠭᠤᠶᠢᠯᠠᠩ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠳᠤᠤᠷ᠎ᠠ ᠨᠢ ᠬᠠᠮᠢᠶ᠎ᠠ ᠪᠥᠬᠦᠶ ᠬᠡᠷᠡᠭ ᠡᠷᠭᠢᠯᠡᠬᠦ | ᠪᠠᠶᠢᠭᠤᠯᠤᠮᠵᠢ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ | ᠬᠤᠶᠠᠷ ᠲᠤ ᠲᠥᠯᠥᠪᠵᠢᠭᠦᠯᠭᠡ ᠶᠢ ᠤᠷᠢᠳᠠᠪᠠᠷ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠣᠷᠣᠯᠴᠠᠵᠤ᠂ | ᠭᠤᠤᠯᠳᠠᠭᠤ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢᠨ ᠲᠣᠭᠤᠷᠢᠨ ᠳᠤ᠂ ᠪᠥᠬᠦ ᠰᠢᠶᠠᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠳᠠᠬᠤᠨ ᠤ ᠴᠢᠨᠠᠷᠲᠠᠶ ᠲᠥᠯᠥᠪᠵᠢᠭᠦᠯᠭᠡ ᠪᠠ ᠵᠢᠱᠢᠶ᠎ᠡ ᠦᠵᠡᠭᠦᠯᠬᠦ | ᠲᠣᠰᠬᠤᠨ᠂ ᠵᠢᠱᠢᠶ᠎ᠡ ᠦᠵᠡᠭᠦᠯᠬᠦ ᠪᠦᠰᠡ᠂ ᠵᠢᠱᠢᠶ᠎ᠡ ᠦᠵᠡᠭᠦᠯᠬᠦ ᠲᠣᠭᠤᠷᠢᠭ ᠤᠨ ᠨᠠᠷᠢᠨ ᠲᠥᠯᠥᠪᠵᠢᠭᠦᠯᠭᠡ ᠶᠢ | ᠱᠠᠯᠠᠪᠳᠠᠨ ᠨᠠᠶᠢᠷᠠᠭᠤᠯᠤᠨ ᠵᠣᠬᠢᠶᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ ᠵᠢᠴᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠰᠢᠶᠠᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠠᠴᠠ ᠪᠠᠲᠤᠯᠠᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠢᠯᠠᠩᠭᠤᠶ᠎ᠠ ᠵᠢᠱᠢᠶ᠎ᠡ ᠦᠵᠡᠭᠦᠯᠬᠦ | ᠲᠣᠰᠬᠤᠨ ᠤ ᠨᠠᠷᠢᠨ ᠲᠥᠯᠥᠪᠵᠢᠭᠦᠯᠭᠡ ᠶᠢ 2022 ᠣᠨ ᠤ 3 ᠰᠠᠷ᠎ᠠ ᠠᠴᠠ ᠡᠮᠦᠨ᠎ᠡ ᠨᠠᠶᠢᠷᠠᠭᠤᠯᠤᠨ ᠳᠠᠭᠤᠰᠬᠠᠵᠤ᠂ | ᠢᠷᠡᠬᠦ ᠵᠢᠯ ᠳᠤ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ | ᠭᠤᠷᠪᠠ ᠳᠤ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠲᠥᠪ᠂ ᠲᠣᠭᠤᠷᠢᠭ᠂ ᠠᠶᠢᠮᠠᠭ ᠤᠨ | ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠤ | ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ ᠪᠠ ᠣᠷᠣᠰᠢᠨ ᠠᠮᠢᠳᠤᠷᠠᠬᠤ ᠣᠷᠴᠢᠨ ᠲᠣᠭᠤᠷᠢᠨ ᠵᠡᠷᠭᠡ | ᠲᠠᠯ᠎ᠠ ᠪᠠᠷ ᠭᠤᠤᠯᠳᠠᠯᠭ᠎ᠠ ᠲᠠᠢ ᠭᠤᠤᠯᠳᠠᠭᠤᠯᠵᠤ᠂ ᠪᠣᠳᠠᠲᠠᠶ ᠲᠥᠷᠥᠯ ᠵᠦᠢᠯ ᠢ ᠵᠦᠶ ᠵᠣᠬᠢᠰᠲᠠᠶ ᠪᠠᠶᠢᠷᠢᠰᠢᠭᠤᠯᠤᠨ᠂ | ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠠᠳᠬᠤᠬᠤ ᠳᠤ ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠲᠦᠷᠢ ᠲᠥᠷᠬᠦ ᠶᠢᠨ | ᠢᠨᠵᠧᠨᠧᠷᠢᠩ᠂ ᠨᠢᠭᠤᠷ ᠲᠠᠯ᠎ᠠ ᠶᠢᠨ ᠢᠨᠵᠧᠨᠧᠷᠢᠩ ᠢ ᠬᠢᠵᠦ ᠪᠣᠯᠬᠤ ᠦᠭᠡᠢ᠃ ᠳᠥᠷᠪᠡ ᠳᠤ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | 309 ᠵᠠᠰᠠᠮᠠᠯ ᠵᠠᠮ᠂ ᠶᠡᠭᠡ ᠵᠠᠮ ᠤᠨ ᠬᠤᠶᠠᠷ ᠲᠠᠯ᠎ᠠ ᠪᠠ ᠲᠠᠢ ᠫᠢᠩ ᠰᠢᠶᠠᠩ ᠢᠶᠠᠷ ᠭᠤᠤᠯ ᠨᠥᠯᠥᠭᠡᠯᠡᠨ | ᠳᠠᠶᠢᠴᠢᠯᠠᠬᠤ ᠣᠷᠣᠨ ᠪᠦᠰᠡ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ | ᠲᠣᠰᠬᠤᠨ ᠢ ᠬᠦᠴᠦᠯᠡᠨ ᠪᠤᠶᠢᠵᠢᠭᠤᠯᠵᠤ᠂ ᠴᠡᠭ ᠢᠶᠠᠷ ᠱᠤᠭᠤᠮ ᠢ ᠳᠠᠶᠢᠴᠢᠯᠠᠨ ᠵᠠᠯᠭᠠᠯᠳᠤᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ | ᠪᠣᠳᠠᠲᠠᠶ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ︽ | ᠨᠢᠭᠤᠷ ᠲᠠᠯ᠎ᠠ︾ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠵᠤ᠂ ︽ᠳᠣᠲᠣᠷ ᠲᠠᠯ᠎ᠠ︾ ᠶᠢ ᠨᠠᠩ ᠴᠢᠨᠠᠷ | ᠴᠢᠨᠰᠠᠭ᠎ᠠ ᠲᠠᠢ ᠪᠣᠯᠭᠠᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ | ᠲᠥᠷᠥᠭᠳᠡᠯ ᠣᠯᠭᠤᠬᠤ ᠬᠡᠷᠡᠭᠲᠡᠶ᠃ ᠲᠠᠪᠤ ᠳᠤ ᠣᠯᠠᠨ ᠲᠦᠮᠡᠨ ᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ | ᠣᠷᠣᠯᠴᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ | ᠴᠣᠭᠴᠠ ᠪᠣᠯ ᠲᠠᠷᠢᠶᠠᠴᠢᠨ ᠲᠦᠮᠡᠨ ᠮᠥᠨ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠤᠨ ᠬᠥᠲᠥᠯᠥᠨ | ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠭᠤᠯᠵᠤ᠂ | ᠣᠯᠠᠨ ᠲᠦᠮᠡᠨ ᠢ ︽ᠭᠤᠤᠯ ᠳᠦᠷᠢ︾ ᠪᠠᠷ ᠲᠣᠭᠯᠠᠭᠤᠯᠵᠤ᠂ ᠲᠠᠷᠢᠶᠠᠴᠢᠨ ᠲᠦᠮᠡᠨ ᠤ ᠳᠣᠲᠣᠭᠠᠳᠤ ᠬᠥᠳᠡᠯᠭᠡᠬᠦ | ᠬᠦᠴᠦᠨ ᠢ ᠬᠥᠭᠵᠢᠭᠡᠵᠦ᠂ ᠥᠪᠡᠷ ᠤᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ | ᠬᠡᠷᠡᠭᠲᠡᠶ᠃ ᠵᠢᠷᠭᠤᠭ᠎ᠠ ᠳᠤ ᠪᠦᠲᠦᠮᠵᠢᠲᠡᠢ ᠠᠵᠢᠯ ᠤᠨ ᠲᠣᠭᠲᠠᠴᠠ ᠶᠢ ᠪᠤᠢ ᠪᠣᠯᠭᠠᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠪᠣᠯ ᠨᠢᠭᠡᠳᠦᠯᠲᠡᠶ ᠲᠥᠯᠥᠪᠵᠢᠭᠦᠯᠬᠦ ᠰᠠᠯᠠᠭ᠎ᠠ ᠮᠥᠴᠢᠷ ᠮᠥᠨ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠪᠣᠯ ᠡᠭᠦᠷᠭᠡ ᠴᠢᠳᠠᠪᠬᠢᠲᠤ ᠰᠠᠯᠠᠭ᠎ᠠ ᠮᠥᠴᠢᠷ ᠮᠥᠨ᠂ ᠰᠢᠶᠠᠩ ᠪᠠᠯᠭᠠᠰᠤ | ᠪᠠ ᠲᠣᠰᠬᠤᠨ ᠪᠣᠯ ᠪᠣᠳᠠᠲᠠᠶ ᠬᠡᠷᠡᠭᠵᠢᠭᠦᠯᠬᠦ ᠰᠠᠯᠠᠭ᠎ᠠ ᠮᠥᠴᠢᠷ ᠮᠥᠨ᠂ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | ᠰᠠᠮᠠᠭᠤᠨ ᠲᠡᠶᠢᠨ ᠬᠢᠵᠦ ᠪᠣᠯᠬᠤ ᠥᠬᠡᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ᠂ ᠠᠵᠢᠯ ᠤᠨ ᠬᠤᠪᠢᠶᠠᠷᠢᠯᠠᠯ | ᠲᠣᠳᠣᠷᠬᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠣᠯ ᠨᠢᠭᠡ ᠵᠦᠢᠯ ᠤᠨ ᠣᠷᠳᠣ ᠬᠤᠭᠤᠴᠠᠭᠠᠨ ᠤ ᠰᠢᠰᠲ᠋ᠧᠮᠲᠦ ᠢᠨᠵᠧᠨᠧᠷᠢᠩ ᠮᠥᠨ᠂ ᠱᠠᠲᠤᠴᠢ | ᠴᠢᠨᠠᠷᠲᠠᠶ ᠬᠥᠳᠡᠯᠭᠡᠭᠡᠨ ᠬᠢᠵᠦ ᠪᠣᠯᠬᠤ ᠥᠬᠡᠶ᠂ ᠨᠠᠩ ᠴᠤ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠥᠬᠡᠶ᠂ | ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠶ | ᠪᠥᠭᠡᠳ ᠭᠦᠨᠵᠡᠭᠡᠶ ᠠᠬᠢᠭᠤᠯᠬᠤ ᠶᠢ ᠴᠥᠬᠦᠷᠡᠰᠢ ᠥᠬᠡᠶ ᠠᠬᠢᠭᠤᠯᠬᠤ ᠬᠡᠷᠡᠭᠲᠡᠶ᠃ |