ᠵᠠᠩ ᠱᠤᠸᠠᠩ ᠴᠧᠩ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠰᠢᠶᠠᠨ ᠭᠠᠵᠠᠷ ᠤᠨ ᠲᠠᠰ ᠤᠨ ᠬᠡᠰᠡᠭ ᠺᠠᠳ᠋ᠷ ᠢ ᠪᠣᠯᠭᠤᠭᠠᠨ ᠲᠣᠬᠤᠨᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠬᠢᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/9/24
      9 ᠰᠠᠷ᠎ᠠ ᠶᠢᠨ 23 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠱᠢ ᠴᠢᠩ ᠰᠢ᠂ ᠵᠠᠩ ᠰᠢᠤ ᠯᠠᠨ᠂ ᠳ᠋ᠢᠩ ᠱᠠᠨ ᡁᠢ᠂ ᠴᠢᠨ ᠷᠦᠩ ᠵᠡᠷᠭᠡ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠰᠢᠶᠠᠨ ᠤ ᠭᠠᠵᠠᠷ ᠤᠨ ᠲᠠᠰ ᠤᠨ ᠺᠠᠳ᠋ᠷᠴᠤᠳ ᠢ ᠪᠣᠯᠭᠤᠭᠠᠨ ᠲᠣᠬᠤᠨᠢᠭᠤᠯᠪᠠ᠃
      ᠵᠠᠩ ᠱᠤᠸᠠᠩ ᠴᠧᠩ ᠬᠦᠷᠦᠭᠰᠡᠨ ᠭᠠᠵᠠᠷ ᠪᠣᠯᠭᠠᠨ ᠳᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠰᠢᠶᠠᠨ ᠭᠠᠵᠠᠷ ᠤᠨ ᠲᠡᠰ ᠤᠨ ᠺᠠᠳ᠋ᠷ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠲᠦᠴᠢᠦᠸᠠᠨ ᠤ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃ ᠲᠡᠳᠡᠨ ᠤ ᠪᠡᠶ᠎ᠡ ᠪᠠᠨ ᠰᠠᠶᠢᠲᠤᠷ ᠭᠠᠮᠨᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠢᠯᠡᠭᠦᠬᠡᠨ ᠳᠤᠷᠠᠳᠴᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠰᠢᠶᠠᠨ ᠭᠠᠵᠠᠷ ᠤᠨ ᠲᠠᠰ ᠤᠨ ᠺᠠᠳ᠋ᠷᠴᠤᠳ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠪᠥᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠶᠡᠭᠡ ᠲᠠᠯ᠎ᠠ ᠶᠢ ᠦᠷᠭᠦᠯᠵᠢᠯᠡᠨ ᠠᠩᠬᠠᠷᠴᠤ᠂ ᠰᠢᠶᠠᠨ ᠤ ᠬᠡᠪᠴᠢᠶᠡᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠬᠡᠵᠡᠭᠡᠪᠡ᠃
       ᠵᠠᠩ ᠱᠤᠸᠠᠩ ᠴᠧᠩ ᠪᠠᠰᠠ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠤ ᠸᠠᠺᠼᠢᠨ ᠤ ᠲᠠᠷᠢᠯᠭ᠎ᠠ ᠬᠢᠬᠦ ᠴᠡᠭ ᠲᠤ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠬᠢᠬᠦ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠲᠡᠷᠡ᠂ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠠᠶᠢᠪᠤᠰᠢᠷᠠᠬᠤ ᠪᠤᠳᠤᠯ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠡᠭᠡᠯᠢᠯᠡᠭᠡ ᠶᠢᠨ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠨᠢᠩ ᠬᠠᠢ ᠶᠠᠨ᠂ ᠯᠢᠦ ᡁᠢ ᠹᠧᠩ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号