9 ᠰᠠᠷ᠎ᠠ ᠶᠢᠨ 24 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ | ᠴᠧᠩ ᠰᠢᠶᠠᠨ ᠤ ᠣᠷᠴᠢᠯ ᠠᠵᠤ ᠠᠬᠤᠶ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠠᠵᠤ | ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ | ᠤᠳᠤᠷᠢᠳᠤᠯᠭ᠎ᠠ ᠪᠦᠦ ᠬᠥᠭᠵᠢᠯᠲᠦ᠂ ᠯᠢᠦ ᡁᠢ ᠹᠧᠩ᠂ ᠵᠢᠶᠠ ᠭᠦᠸᠧ ᠬᠠᠢ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | | | | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠱᠤᠸᠠᠩ ᠴᠧᠩ ᠯᠢᠦᠶ ᠹᠧᠩ ᠴᠢᠤᠸᠠᠨ ᠦᠬᠡᠷ | ᠬᠤᠨᠢᠨ ᠤ ᠬᠦᠢᠳᠡᠨ ᠬᠡᠯᠬᠢᠶᠡᠲᠦ ᠡᠳ᠋ᠰᠢᠭᠦᠯᠦᠨ ᠪᠣᠯᠪᠠᠰᠤᠷᠠᠭᠤᠯᠬᠤ ᠲᠥᠪ᠂ ᠺᠠᠶ ᠴᠧᠩ ᠮᠠᠭᠨᠢ ᠶᠢᠨ ᠦᠢᠯᠡᠰ᠂ | ᠬᠠᠨ ᠵᠢᠶᠠᠨ ᠬᠠᠮᠢᠶᠠᠷᠤᠯᠲᠠ ᠶᠢᠨ ᠦᠢᠯᠡᠰ᠂ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠵᠢᠶ ᠵᠦ ᠠᠵᠤ | ᠦᠢᠯᠡᠰ ᠵᠡᠷᠭᠡ ᠲᠥᠷᠥᠯ ᠵᠦᠢᠯ ᠤᠨ ᠠᠵᠤ ᠠᠬᠤᠶᠢᠯᠠᠯ ᠳᠤ ᠬᠦᠷᠴᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠢᠷᠡᠭᠡᠳᠦᠶ | ᠵᠢᠴᠢ ᠠᠵᠤ ᠠᠬᠤᠶᠢᠯᠠᠯ ᠤᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | | | | | | | | ᠵᠠᠩ ᠱᠤᠸᠠᠩ ᠴᠧᠩ ᠵᠢᠭᠠᠭᠰᠠᠨ ᠨᠢ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠪᠣᠯ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠰᠢᠶᠠᠨ ᠤ ᠣᠷᠴᠢᠯ ᠠᠵᠤ ᠠᠬᠤᠶ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠵᠢᠴᠢ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠬᠢᠴᠡ ᠪᠠᠨ | ᠰᠢᠯᠤᠭᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠠᠵᠤ ᠠᠬᠤᠶᠢᠯᠠᠯ ᠢ ᠦᠨᠡᠨ | ᠬᠦ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ | ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ | ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠦᠷᠭᠡᠬᠡᠨ ᠠᠰᠢᠭᠯᠠᠯᠲᠠ ᠳᠤ | ᠣᠷᠣᠭᠤᠯᠤᠨ ᠦᠷ᠎ᠡ ᠠᠰᠢᠭ ᠣᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ | ᠲᠤᠬᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠶᠠᠰᠤ | ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ | ᠲᠡᠷᠢᠭᠦᠨ ᠤ ᠦᠵᠡᠯ ᠰᠠᠨᠠᠭ᠎ᠠ ᠪᠠ ᠮᠡᠷᠭᠡᠵᠢᠯ ᠢ ᠰᠤᠷᠤᠯᠴᠠᠵᠤ᠂ ᠡᠵᠡᠩᠨᠡᠨ ᠪᠣᠷᠣᠯᠠᠭᠤᠯᠬᠤ ᠡᠷᠴᠢᠮ ᠢᠶᠠᠨ | ᠴᠢᠩᠭᠠᠷᠠᠭᠤᠯᠤᠨ᠂ ᠳᠣᠲᠣᠭᠠᠳᠤ ᠬᠥᠳᠡᠯᠭᠡᠬᠦ ᠬᠦᠴᠦᠨ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠵᠠᠯᠭᠠᠮᠵᠢ | ᠬᠥᠭᠵᠢᠯᠲᠡ ᠳᠤ ᠬᠥᠳᠡᠯᠭᠡᠭᠴᠢ ᠡᠨᠧᠷᠭᠢ ᠬᠤᠷᠠᠮᠳᠤᠭᠤᠯᠵᠤ ᠥᠭᠬᠦ ᠬᠡᠷᠡᠭᠲᠡᠢ᠃ | ᠵᠠᠩ ᠱᠤᠸᠠᠩ ᠴᠧᠩ ᠪᠠᠰᠠ ᠡᠪᠦᠯ ᠤᠨ ᠤᠯᠠᠷᠢᠯ ᠤᠨ ᠪᠦᠬᠦ ᠰᠢᠶᠠᠨ ᠤ ᠳᠤᠯᠠᠭᠠᠯᠠᠭ᠎ᠠ ᠶᠢᠨ ᠠᠵᠢᠯ ᠤᠨ | ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠤᠯᠠᠭᠠᠯᠠᠭ᠎ᠠ ᠬᠠᠩᠭᠠᠬᠤ ᠠᠵᠢᠯ ᠥᠷᠭᠡᠨ ᠤᠯᠠᠨ | ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ | ᠢᠨᠵᠧᠨᠧᠷᠢᠩ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠲᠤᠬᠢᠷᠠᠭᠤᠯᠤᠯᠳᠠ ᠪᠠᠨ ᠴᠢᠩᠭᠠᠳᠬᠠᠨ᠂ ᠰᠢᠲᠠᠭᠠᠯᠭ᠎ᠠ ᠶᠢᠨ ᠨᠡᠭᠦᠷᠡᠰᠦ ᠶᠢ | ᠨᠥᠭᠡᠴᠡᠯᠡᠬᠦ᠂ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠬᠤ ᠲᠤᠨᠤᠭ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠨ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |