ᠵᠠᠩ ᠱᠤᠸᠠᠩ ᠴᠧᠩ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/25
      9 ᠰᠠᠷ᠎ᠠ ᠶᠢᠨ 24 ᠤ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠰᠢᠶᠠᠨ ᠤ ᠣᠷᠴᠢᠯ ᠠᠵᠤ ᠠᠬᠤᠶ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠪᠦᠦ ᠬᠥᠭᠵᠢᠯᠲᠦ᠂ ᠯᠢᠦ ᡁᠢ ᠹᠧᠩ᠂ ᠵᠢᠶᠠ ᠭᠦᠸᠧ ᠬᠠᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
       ᠪᠠᠶᠢᠴᠠᠭᠠᠨ ᠰᠤᠳᠤᠯᠤᠯᠲᠠ ᠶᠢᠨ ᠳᠤᠮᠳᠠ᠂ ᠵᠠᠩ ᠱᠤᠸᠠᠩ ᠴᠧᠩ ᠯᠢᠦᠶ ᠹᠧᠩ ᠴᠢᠤᠸᠠᠨ ᠦᠬᠡᠷ ᠬᠤᠨᠢᠨ ᠤ  ᠬᠦᠢᠳᠡᠨ ᠬᠡᠯᠬᠢᠶᠡᠲᠦ ᠡᠳ᠋ᠰᠢᠭᠦᠯᠦᠨ ᠪᠣᠯᠪᠠᠰᠤᠷᠠᠭᠤᠯᠬᠤ ᠲᠥᠪ᠂ ᠺᠠᠶ ᠴᠧᠩ ᠮᠠᠭᠨᠢ ᠶᠢᠨ ᠦᠢᠯᠡᠰ᠂ ᠬᠠᠨ ᠵᠢᠶᠠᠨ ᠬᠠᠮᠢᠶᠠᠷᠤᠯᠲᠠ ᠶᠢᠨ ᠦᠢᠯᠡᠰ᠂ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠵᠢᠶ ᠵᠦ ᠠᠵᠤ ᠦᠢᠯᠡᠰ ᠵᠡᠷᠭᠡ ᠲᠥᠷᠥᠯ ᠵᠦᠢᠯ ᠤᠨ ᠠᠵᠤ ᠠᠬᠤᠶᠢᠯᠠᠯ ᠳᠤ ᠬᠦᠷᠴᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠢᠷᠡᠭᠡᠳᠦᠶ ᠵᠢᠴᠢ ᠠᠵᠤ ᠠᠬᠤᠶᠢᠯᠠᠯ ᠤᠨ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
       ᠵᠠᠩ ᠱᠤᠸᠠᠩ ᠴᠧᠩ᠂ ᠠᠵᠤ ᠦᠢᠯᠡᠳᠪᠦᠷᠢ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠣᠯ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ᠂ ᠰᠢᠶᠠᠨ ᠤ ᠣᠷᠴᠢᠯ ᠠᠵᠤ ᠠᠬᠤᠶ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠢᠨ ᠠᠵᠢᠯ ᠤᠨ ᠰᠡᠳᠬᠢᠴᠡ ᠪᠠᠨ ᠰᠢᠯᠤᠭᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠵᠣᠯᠭᠠᠭᠤᠯᠵᠤ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠤᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠦᠷᠭᠡᠬᠡᠨ ᠠᠰᠢᠭᠯᠠᠯᠲᠠ ᠳᠤ ᠣᠷᠣᠭᠤᠯᠤᠨ ᠦᠷ᠎ᠡ ᠠᠰᠢᠭ ᠣᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠲᠤᠬᠢᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ ᠲᠡᠷᠢᠭᠦᠨ ᠤ ᠦᠵᠡᠯ ᠰᠠᠨᠠᠭ᠎ᠠ ᠪᠠ ᠮᠡᠷᠭᠡᠵᠢᠯ ᠢ ᠰᠤᠷᠤᠯᠴᠠᠵᠤ᠂ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠥᠳᠡᠯᠭᠡᠬᠦ ᠬᠦᠴᠦᠨ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠵᠠᠯᠭᠠᠮᠵᠢ ᠬᠥᠭᠵᠢᠯᠲᠡ ᠳᠤ ᠬᠥᠳᠡᠯᠭᠡᠭᠴᠢ ᠡᠨᠧᠷᠭᠢ ᠬᠤᠷᠠᠮᠳᠤᠭᠤᠯᠵᠤ ᠥᠭᠬᠦ ᠬᠡᠷᠡᠭᠲᠡᠢ᠃       ᠵᠠᠩ ᠱᠤᠸᠠᠩ ᠴᠧᠩ ᠪᠠᠰᠠ ᠡᠪᠦᠯ ᠤᠨ ᠤᠯᠠᠷᠢᠯ ᠤᠨ ᠪᠦᠬᠦ ᠰᠢᠶᠠᠨ ᠤ ᠳᠤᠯᠠᠭᠠᠯᠠᠭ᠎ᠠ ᠶᠢᠨ ᠠᠵᠢᠯ ᠤᠨ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠳᠤᠯᠠᠭᠠᠯᠠᠭ᠎ᠠ ᠬᠠᠩᠭᠠᠬᠤ ᠠᠵᠢᠯ ᠥᠷᠭᠡᠨ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠣᠯᠤᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠢᠷᠠᠭᠤᠯᠤᠯᠳᠠ ᠪᠠᠨ ᠴᠢᠩᠭᠠᠳᠬᠠᠨ᠂ ᠰᠢᠲᠠᠭᠠᠯᠭ᠎ᠠ ᠶᠢᠨ ᠨᠡᠭᠦᠷᠡᠰᠦ ᠶᠢ ᠨᠥᠭᠡᠴᠡᠯᠡᠬᠦ᠂ ᠲᠤᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠤᠯᠠᠭᠠᠯᠠᠭ᠎ᠠ ᠬᠠᠩᠭᠠᠬᠤ ᠲᠤᠨᠤᠭ ᠲᠥᠬᠦᠭᠡᠷᠦᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠂ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号