ᠯᠢ ᠵᠢᠶᠦ᠋ᠨ— ᠦᠨᠳᠦᠰᠦᠨ ᠱᠠᠲᠤᠨ ᠤ ᠣᠯᠠᠨ ᠲᠦᠮᠡᠨ ᠤ ᠣᠷᠣᠯᠠᠨ ᠥᠭᠦᠯᠡᠭᠴᠢ
ᠨᠡᠶᠢᠲᠡᠯᠡᠭᠰᠡᠨ ᠴᠠᠭ᠄
2021/9/26
    ᠯᠢ ᠵᠢᠶᠦ᠋ᠨ᠂ ᠡᠮᠡᠭᠲᠡᠢ᠂ 1975 ᠣᠨ ᠤ 12 ᠰᠠᠷ᠎ᠠ ᠳᠤ ᠲᠦᠷᠦᠵᠡᠢ᠂ 1996 ᠣᠨ ᠤ 8 ᠰᠠᠷ᠎ᠠ ᠳᠤ ᠠᠵᠢᠯ ᠳᠤ ᠣᠷᠣᠵᠤ᠂ ᠤᠳᠤ ᠲᠠᠢ ᠫᠢᠩ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠲᠠᠢ ᠫᠢᠩ ᠰᠢᠶᠠᠩ ᠤᠨ ᠲᠠᠯᠠᠨ ᠬᠠᠷ᠎ᠠ ᠠᠭᠤᠯᠠ ᠶᠢᠨ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ  ᠃    ᠡᠳᠦᠷ ᠪᠦᠷᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠳᠦᠷ  ᠃ 《 ᠪᠢ ᠪᠣᠯ ᠦᠨᠳᠦᠰᠦᠨ ᠱᠠᠲᠤᠨ ᠠᠴᠠ ᠢᠷᠡᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠨ᠂ ᠬᠠᠮᠤᠭ ᠤᠨ ᠶᠡᠭᠡ ᠳᠠᠪᠠᠭᠤᠯᠢᠭ ᠲᠠᠯ᠎ᠠ ᠪᠣᠯ ᠳᠠᠷᠤᠶ ᠡᠳᠦᠷ ᠪᠦᠷᠢ ᠠᠷᠠᠳ ᠣᠯᠠᠨ ᠲᠠᠢ ᠬᠠᠷᠢᠯᠴᠠᠵᠤ᠂ ᠲᠡᠳᠡᠨ ᠤ ᠪᠤᠳᠤᠵᠤ ᠰᠠᠨᠠᠵᠤ ᠬᠦᠰᠡᠵᠦ ᠪᠠᠶᠢᠬᠤ ᠶᠢ ᠮᠡᠳᠡᠨ᠎ᠡ᠂ ᠡᠩ ᠤᠨ ᠦᠶ᠎ᠡ ᠳᠤ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠶᠢ ᠨᠢᠭᠡ ᠵᠦᠶᠯ ᠤᠨ ᠠᠵᠢᠯ ᠦᠶᠯᠡᠰ ᠪᠣᠯᠭᠠᠨ ᠬᠢᠳᠡᠭ ᠂ ᠨᠠᠳᠠ ᠳᠤ ᠠᠪᠴᠤ ᠬᠡᠯᠡᠪᠡᠯ᠂ ᠨᠢᠭᠡ ᠵᠢᠯ ᠤᠨ 365 ᠡᠳᠦᠷ ᠪᠣᠯ ᠴᠥᠮ ᠡᠭᠦᠷᠭᠡ ᠲᠤᠰᠢᠶᠠᠯ ᠢᠶᠠᠨ ᠭᠦᠶᠴᠡᠳᠬᠡᠬᠦ ᠡᠳᠦᠷ ᠪᠣᠯᠤᠨ᠎ᠠ  ᠃ 》 ᠭᠡᠵᠦ ᠥᠪᠡᠷ ᠤᠨ ᠲᠤᠰᠢᠶᠠᠯ ᠢᠶᠠᠨ ᠭᠦᠢᠴᠡᠳᠬᠡᠭᠰᠡᠨ ᠥᠩᠭᠡᠷᠡᠯᠲᠡ ᠪᠠᠨ ᠡᠷᠭᠢᠴᠡᠭᠦᠯᠵᠦ ᠯᠢ ᠵᠢᠶᠦ᠋ᠨ ᠬᠡᠯᠡᠪᠡ  ᠃ 2020 ᠣᠨ ᠤ 4 ᠰᠠᠷ᠎ᠠ ᠳᠤ᠂ ᠯᠢ ᠵᠢᠶᠦ᠋ᠨ ᠰᠢᠶᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ ᠢᠶᠠᠷ ᠰᠣᠩᠭᠤᠭᠳᠠᠪᠠ᠂ ᠲᠡᠭᠦᠨ ᠤ ᠮᠥᠷᠥᠨ ᠳᠡᠭᠡᠷᠡᠬᠢ ᠡᠭᠦᠷᠭᠡ ᠨᠡᠩ ᠬᠦᠨᠳᠦ ᠪᠣᠯᠤᠭᠰᠠᠨ ᠰᠢᠭ ᠰᠠᠨᠠᠭᠳᠠᠪᠠ᠂ ᠨᠢᠭᠡ ᠵᠢᠯ ᠤᠨ ᠲᠤᠷᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠤ 4 ᠤᠳᠠᠭ᠎ᠠ ᠣᠷᠣᠯᠴᠠᠵᠤ᠂ 5 ᠤᠳᠠᠭ᠎ᠠ ᠪᠠᠶᠢᠴᠠᠭᠠᠨ ᠰᠤᠳᠤᠯᠤᠯᠲᠠ ᠬᠢᠪᠡ  ᠃ ᠰᠣᠩᠭᠤᠭᠤᠯᠢ ᠶᠢᠨ ᠠᠷᠠᠳ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠬᠤ ᠶᠢᠨ ᠲᠥᠯᠥᠭᠡ᠂ ᠲᠡᠷᠡ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠤᠪᠢᠳᠠᠨ ᠬᠠᠮᠢᠶᠠᠷᠬᠤ ᠳᠠᠪᠠᠭᠤᠯᠢᠭ ᠢᠶᠠᠨ ᠠᠰᠢᠭᠯᠠᠨ᠂ ᠪᠦᠬᠦ ᠰᠢᠶᠠᠩ ᠤᠨ 21 ᠲᠣᠰᠬᠤᠨ ᠤ ᠵᠢᠷᠭᠢᠶ᠎ᠡ ᠶᠢᠨ ᠬᠤᠯᠪᠣᠭ᠎ᠠ ᠳᠤ ᠣᠷᠣᠵᠤ᠂ ᠥᠪᠡᠷ ᠤᠨ ᠤᠲᠠᠰᠤ ᠪᠠ ᠵᠢᠷᠭᠢᠶ᠎ᠡ ᠶᠢᠨ ᠨᠣᠮᠧᠷ ᠢᠶᠠᠨ ᠨᠡᠶᠢᠲᠡᠯᠡᠵᠦ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ  ᠶᠢ ᠥᠷᠭᠡᠨ ᠢᠶᠠᠷ ᠰᠣᠨᠣᠰᠴᠤ᠂ ᠨᠢᠭᠡ ᠭᠠᠷᠠᠭ ᠪᠣᠯᠤᠯ ᠦᠭᠡᠢ ᠪᠠᠷ ᠲᠡᠭᠦᠨ ᠤ ᠵᠢᠷᠭᠢᠶ᠎ᠡ ᠶᠢᠨ ᠰᠠᠶᠢᠨ ᠨᠠᠶᠢᠵᠠ 600 ᠭᠠᠷᠤᠢ ᠨᠡᠮᠡᠭᠳᠡᠵᠡᠢ  ᠃ 《 ᠮᠡᠳᠡᠭᠡ ᠵᠠᠩᠭᠢ ᠶᠢ ᠢᠯᠡᠭᠦᠬᠡᠨ ᠭᠦᠶᠦᠯᠭᠡᠬᠦ ᠬᠡᠷᠡᠭᠲᠡᠶ 》᠂ ᠤᠲᠠᠰᠤ ᠴᠤ ᠲᠡᠷᠡ ᠸᠢᠴᠠᠲ ᠴᠤ ᠲᠡᠷᠡ ᠴᠥᠮ ᠠᠰᠠᠭᠤᠪᠠᠯ ᠬᠠᠷᠢᠭᠤᠯᠵᠤ᠂ ᠰᠤᠷᠪᠤᠯᠵᠢᠯᠠᠪᠠᠯ ᠬᠠᠷᠢᠭᠤᠯᠬᠤ ᠬᠡᠷᠡᠭᠲᠡᠶ᠂ ᠴᠢᠨᠠᠭᠰᠢᠯᠠᠪᠠᠯ ᠡᠷ᠎ᠡ ᠡᠮ᠎ᠡ ᠬᠤᠶᠠᠭᠤᠯᠠ ᠬᠡᠷᠡᠯᠳᠦᠪᠡᠯ ᠦᠷ᠎ᠡ ᠬᠡᠦᠬᠡᠳ ᠨᠢ ᠰᠤᠷᠤᠯᠭ᠎ᠠ ᠪᠠᠨ ᠳᠣᠷᠭᠤᠨ ᠵᠣᠭᠰᠣᠭᠰᠠᠨ ᠴᠤ ᠲᠡᠭᠦᠨ  ᠳᠤ ᠬᠡᠯᠡᠵᠦ᠂ ᠲᠡᠭᠦᠨ ᠢᠶᠠᠷ ᠠᠷᠭ᠎ᠠ ᠤᠬᠠᠭᠠᠨ ᠭᠠᠷᠭᠠᠭᠤᠯᠬᠤ ᠬᠡᠷᠡᠭᠲᠡᠶ  ᠃ ᠲᠡᠷᠡ ᠢᠮᠠᠭᠲᠠ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠯᠠᠮᠵᠢᠯᠠᠵᠤ᠂ ᠡᠳᠦᠷ ᠪᠦᠷᠢ ᠬᠤᠶᠠᠷ ᠴᠠᠭ ᠠᠴᠠ ᠳᠡᠭᠡᠭᠰᠢ ᠴᠠᠭ ᠢᠶᠠᠷ ᠤᠯᠠᠨ ᠲᠦᠮᠡᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠪᠦᠬᠦ ᠰᠢᠶᠠᠩ ᠤᠨ ᠤᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠰᠢᠢᠳᠪᠦᠷᠢᠯᠡᠵᠦ ᠪᠠᠶᠢᠪᠠ  ᠃《 ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠮᠢᠨᠦ ᠰᠢᠶᠳᠪᠦᠷᠢᠯᠡᠵᠦ ᠳᠡᠶᠢᠯᠬᠦ ᠪᠦᠬᠦᠨ ᠢ ᠶᠡᠷᠦ ᠠᠴᠠ ᠲᠦᠯᠬᠢᠯᠴᠡᠬᠦ ᠥᠬᠡᠶ᠂ ᠪᠥᠬᠦ ᠰᠡᠳᠬᠢᠯ ᠪᠥᠬᠦ ᠴᠢᠳᠠᠯ ᠢᠶᠠᠷ ᠢᠶᠠᠨ ᠵᠣᠬᠢᠴᠠᠭᠤᠯᠤᠨ ᠰᠠᠶᠢᠲᠤᠷ ᠰᠢᠶᠳᠪᠦᠷᠢᠯᠡᠵᠦ᠂ ᠠᠯᠢ ᠴᠢᠳᠠᠬᠤ ᠪᠠᠷ ᠡᠯ᠎ᠡ ᠵᠦᠶᠯ  ᠤᠨ ᠵᠥᠷᠢᠴᠡᠯ ᠢ ᠮᠢᠨᠦ ᠠᠳᠡ ᠬᠦᠷᠲᠡᠯ᠎ᠡ ᠰᠢᠶᠳᠪᠦᠷᠢᠯᠡᠪᠡ  ᠃ ᠡᠨᠡ ᠬᠦ ᠡᠷᠴᠢ ᠵᠣᠷᠢᠭ ᠢᠶᠠᠷ ᠲᠡᠷᠡ ᠠᠷᠠᠳ ᠤᠯᠠᠨ  ᠤ ᠵᠥᠪᠰᠢᠶᠡᠷᠡᠯ ᠪᠠ ᠮᠠᠭᠲᠠᠭᠠᠯ ᠢ ᠣᠯᠵᠤ᠂ ᠤᠷᠢᠳ ᠬᠤᠵᠢᠳ《 ᠬᠢᠩᠭᠠᠨ ᠠᠶᠢᠮᠠᠭ ᠤᠨ ᠲᠡᠷᠢᠭᠦᠨ ᠤ ᠠᠵᠢᠯᠳᠠᠨ 》᠂《 ᠬᠢᠩᠭᠠᠨ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ 》᠂ 《 ᠥᠪᠥᠷ ᠮᠣᠩᠭᠤᠯ ᠤᠨ ᠵᠠᠯᠠᠭᠤᠴᠤᠳ ᠤᠨ ᠰᠢᠨ᠎ᠡ ᠶᠢ ᠡᠭᠦᠳᠴᠦ ᠦᠢᠯᠡᠰ ᠪᠤᠰᠬᠠᠵᠤ ᠰᠢᠯᠢᠳᠡᠭ ᠢ ᠡᠭᠦᠳᠦᠭᠰᠡᠨ ᠵᠢᠱᠢᠶᠡᠴᠢ 》᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ 》 ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《 ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠳᠠᠨ 》ᠵᠡᠷᠭᠡ ᠢᠷᠠᠭᠤ ᠠᠯᠳᠠᠷ ᠤᠨ ᠴᠣᠯᠠ ᠶᠢ ᠬᠦᠷᠳᠡᠵᠠᠢ  ᠃    ᠨᠢᠭᠡ ᠰᠡᠳᠬᠢᠯ ᠢᠶᠠᠷ ᠠᠷᠠᠳ ᠤᠨ ᠲᠥᠯᠥᠭᠡ ᠵᠢᠳᠬᠦᠨ᠎ᠡ  ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ᠂ ᠲᠡᠷᠡ《 ᠶᠠᠳᠠᠭᠤ ᠶᠢ ᠲᠡᠳᠬᠦᠬᠦ ᠡᠵᠢ 》 ᠠᠴᠠ《 ᠲᠠᠯᠠᠨ ᠬᠠᠷ᠎ᠠ ᠠᠭᠤᠯᠠ ᠶᠢᠨ ᠥᠬᠢᠨ 》ᠬᠦᠷᠲᠡᠯ᠎ᠡ᠂ ᠠᠷᠠᠳ ᠤᠨ ᠲᠥᠯᠥᠭᠡᠯᠡᠭᠴᠢ ᠠᠷᠠᠳ ᠲᠦᠮᠡᠨ ᠤ ᠲᠥᠯᠥᠭᠡ ᠢᠯᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠲᠡᠭᠦᠨ ᠢ ᠮᠠᠭᠲᠠᠨ ᠰᠠᠶᠢᠰᠢᠶᠠᠭᠰᠠᠨ ᠪᠠᠶᠢᠨ᠎ᠠ  ᠃ ᠲᠡᠷᠡ ᠢᠮᠠᠭᠲᠠ ᠦᠨᠡᠨᠴᠢ ᠰᠡᠳᠬᠢᠯ ᠢᠶᠠᠷ ᠦᠨᠡᠨ ᠰᠡᠳᠬᠢᠯ ᠢᠶᠠᠨ ᠰᠣᠯᠢᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠪᠠᠶᠢᠷᠢᠨ ᠳᠤ ᠬᠤᠷᠠᠮᠳᠤᠭᠤᠯᠤᠭᠰᠠᠨ ᠲᠤᠷᠰᠢᠯᠭ᠎ᠠ ᠳᠠᠭᠠᠨ ᠲᠦᠰᠢᠭᠯᠡᠨ᠂ ᠡᠮᠡᠭᠲᠡᠶᠢᠴᠦᠳ ᠤᠨ ᠠᠵᠢᠯᠯᠠᠭ᠎ᠠ ᠪᠠᠷ ᠭᠠᠷᠳᠠᠬᠤ ᠴᠡᠭ ᠪᠣᠯᠭᠠᠵᠤ᠂ ᠵᠢᠷᠭᠢᠶ᠎ᠡ ᠶᠢᠨ ᠴᠤᠭᠯᠠᠷᠠᠯ ᠢ ᠵᠣᠬᠢᠶᠠᠨ ᠪᠠᠶᠢᠭᠤᠯᠵᠤ᠂ ᠡᠳᠦᠷ ᠪᠦᠷᠢ ᠤᠯᠠᠨ ᠲᠦᠮᠡᠨ ᠤ ᠲᠤᠰ ᠪᠡᠶ᠎ᠡ  ᠶᠢᠨ ᠠᠰᠢᠭ ᠲᠤᠰᠠ ᠲᠠᠢ ᠬᠤᠯᠪᠣᠭᠳᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠤᠯᠠᠨ ᠲᠦᠮᠡᠨ ᠤ ᠠᠰᠠᠭᠤᠳᠠᠯ ᠳᠤ ᠬᠠᠷᠢᠭᠤᠯᠲᠠ ᠥᠭᠴᠦ᠂ ᠠᠷᠠᠳ ᠤᠨ ᠰᠠᠨᠠᠭ᠎ᠠ ᠬᠦᠰᠡᠯ ᠱᠠᠭᠠᠷᠳᠠᠯᠭ᠎ᠠ ᠶᠢ ᠴᠤᠭᠯᠠᠭᠤᠯᠵᠤ᠂ ᠮᠠᠰᠢ ᠲᠦᠷᠭᠡᠨ ᠢᠶᠠᠷ ᠤᠯᠠᠨ ᠲᠦᠮᠡᠨ ᠲᠡᠭᠦᠨ ᠢ ᠣᠶᠢᠯᠠᠭᠠᠬᠤ ᠶᠢᠨ ᠬᠠᠮᠲᠤ ᠬᠠᠯᠠᠭᠤᠮᠰᠤᠭ ᠢᠶᠠᠷ ᠬᠠᠨᠳᠤᠳᠠᠭ  ᠃ ᠲᠠᠷᠢᠶᠠᠴᠢᠨ ᠳ᠋ᠢᠩ ᠴᠠᠩ ᠾᠤᠢ ᠨᠡᠷᠡᠨ ᠬᠤᠸᠠᠷ ᠢᠶᠠᠨ ᠬᠢᠮᠳᠠ ᠦᠨ᠎ᠡ ᠪᠠᠷ ᠬᠤᠳᠠᠯᠳᠤᠭᠰᠠᠨ ᠴᠢᠮᠡᠭᠡ ᠶᠢ ᠰᠣᠨᠣᠰᠤᠭᠠᠳ᠂ ᠲᠡᠷᠡ ᠭᠠᠵᠠᠷ ᠪᠣᠯᠭᠠᠨ ᠳᠤ ᠬᠠᠪᠰᠤᠷᠤᠨ ᠤᠬᠠᠭᠤᠯᠵᠤ᠂ ᠡᠴᠦᠰ ᠲᠡᠭᠡᠨ 4000 ᠲᠥᠭᠦᠷᠢᠭ ᠤᠨ ᠨᠡᠷᠡᠨ ᠬᠤᠸᠠᠷ ᠢᠶᠠᠨ ᠢᠯᠡᠭᠦᠦ 1 ᠲᠦᠮᠡ ᠭᠠᠷᠤᠢ ᠲᠥᠭᠦᠷᠢᠭ ᠬᠤᠳᠠᠯᠳᠤᠪᠠ  ᠃ ᠲᠡᠷᠡ ᠢᠮᠠᠭᠲᠠ ᠤᠯᠠᠨ ᠲᠦᠮᠡᠨ ᠢ ᠳᠣᠲᠣᠨᠣ ᠬᠥᠮᠦᠨ ᠢᠶᠠᠷ ᠦᠵᠡᠵᠦ᠂ ᠱᠤᠸᠠᠩ ᠱᠠᠨ ᠲᠣᠰᠬᠤᠨ ᠴᠤ ᠲᠡᠷᠡ᠂ ᠲᠠᠯᠠᠨ ᠬᠠᠷ᠎ᠠ ᠲᠣᠰᠬᠤᠨ ᠴᠤ ᠲᠡᠷᠡ᠂ ᠤᠯᠠᠨ ᠲᠦᠮᠡᠨ ᠳᠤ ᠳᠣᠲᠣᠨᠣ ᠬᠥᠮᠦᠨ ᠮᠡᠲᠦ ᠬᠠᠯᠠᠭᠤᠨ ᠳᠤᠯᠠᠭᠠᠨ ᠢ ᠮᠡᠳᠡᠷᠡᠭᠦᠯᠪᠡ  ᠃ ᠥᠨᠥᠴᠢᠨ ᠪᠡᠯᠪᠡᠰᠦᠨ ᠨᠠᠰᠤᠲᠠᠨ ᠤ ᠰᠢᠷᠡᠭᠡᠨ ᠳᠡᠭᠡᠷ᠎ᠡ ᠲᠡᠭᠦᠨ ᠤ ᠬᠦᠷᠭᠡᠭᠰᠡᠨ ᠪᠠᠩᠰᠢ ᠪᠠᠶᠢᠨ᠎ᠠ᠂ ᠡᠬᠡᠴᠦᠦᠯ ᠤᠨ ᠪᠠᠶᠠᠷ ᠲᠤ ᠲᠡᠭᠦᠨ ᠤ ᠬᠦᠷᠭᠡᠭᠰᠡᠨ ᠪᠡᠯᠡᠭ ᠪᠠᠶᠢᠨ᠎ᠠ᠂ ᠲᠡᠷᠭᠡᠯ ᠰᠠᠷᠠᠨ ᠤ ᠪᠠᠶᠠᠷ ᠲᠤ ᠲᠡᠭᠦᠨ ᠤ ᠬᠦᠷᠭᠡᠭᠰᠡᠨ ᠶᠧᠪᠡᠩ ᠪᠠᠶᠢᠨ᠎ᠠ᠂ ᠡᠪᠡᠳᠴᠢᠲᠡᠨ ᠤ ᠥᠷᠥᠭᠡ ᠳᠠᠬᠢ ᠶᠠᠳᠠᠭᠤ ᠬᠦᠴᠢᠷᠳᠡᠯᠲᠡᠶ ᠡᠷᠦᠬᠡ ᠳᠤ ᠲᠡᠭᠦᠨ ᠤ ᠬᠠᠯᠠᠮᠵᠢᠯᠠᠯ ᠪᠠ ᠮᠡᠨᠳᠦᠴᠢᠯᠡᠯ ᠪᠠᠶᠢᠨ᠎ᠠ  ᠃ ᠲᠡᠷᠡ ᠪᠠᠰᠠ ᠨᠢᠭᠦᠯᠡᠰᠦᠩᠭᠦᠶ ᠶᠢᠨ ᠨᠡᠶᠢᠭᠡᠮᠯᠢᠭ ᠲᠤ ᠣᠷᠣᠯᠴᠠᠵᠤ᠂ ᠰᠠᠷ᠎ᠠ ᠪᠦᠷᠢ ᠲᠡᠳᠡᠭᠡᠷ ᠰᠤᠷᠤᠯᠭ᠎ᠠ ᠠᠯᠳᠠᠬᠤ ᠳᠤ ᠲᠤᠯᠭᠠᠷᠠᠭᠰᠠᠨ ᠬᠡᠦᠬᠡᠳ ᠢ ᠠᠪᠤᠷᠠᠨ ᠲᠤᠰᠠᠯᠠᠳᠠᠭ  ᠃ ᠱᠤᠸᠠᠩ ᠱᠠᠨ ᠲᠣᠰᠬᠤᠨ ᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠯᠢ ᠰᠦ᠋ ᠰᠢᠶᠠᠩ᠂ ᠬᠡᠷ ᠲᠤᠨᠢ 70 ᠭᠠᠷᠤᠶ ᠨᠠᠰᠤᠲᠠᠶ ᠬᠠᠳᠠᠮ ᠠᠪᠤ ᠪᠣᠯᠤᠨ ᠨᠢᠭᠡ ᠬᠤᠤᠰ ᠬᠡᠦᠬᠡᠳ ᠲᠠᠢ᠂ ᠡᠨᠡ ᠬᠦ ᠬᠡᠷ ᠪᠦᠯᠢ ᠶᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠬᠤ ᠶᠢᠨ ᠲᠥᠯᠥᠭᠡ᠂ ᠯᠢ ᠰᠦ᠋ ᠰᠢᠶᠠᠩ ᠢ ᠡᠮᠨᠡᠯᠭᠡ ᠶᠢᠨ ᠬᠤᠷᠢᠶᠠᠨ ᠳᠤ ᠬᠦᠷᠭᠡᠵᠦ ᠣᠷᠳᠣ ᠬᠤᠭᠤᠴᠠᠭ᠎ᠠ ᠪᠠᠷ ᠡᠮᠨᠡᠭᠦᠯᠵᠦ᠂ ᠨᠠᠰᠤᠲᠠᠨ ᠢ ᠥᠬᠢᠨ ᠤ ᠬᠢᠨᠢ ᠬᠡᠷ ᠲᠤᠨᠢ ᠲᠣᠬᠢᠷᠠᠭᠤᠯᠵᠠᠶ᠂ ᠬᠤᠶᠠᠷ ᠬᠡᠦᠬᠡᠳ ᠢ ᠨᠢ ᠲᠡᠷᠡ ᠬᠡᠷ ᠲᠡᠭᠡᠨ ᠲᠤᠰᠴᠤ ᠠᠪᠠᠴᠢᠵᠤ ᠬᠠᠷᠠᠭᠠᠯᠵᠠᠭᠤᠯᠵᠠᠶ  ᠃ ᠡᠭᠦᠨ ᠠᠴᠠ ᠡᠬᠢᠯᠡᠨ ᠡᠭᠡᠴᠢ ᠳᠡᠭᠦᠦ ᠬᠤᠶᠠᠭᠤᠯᠠ ᠰᠤᠷᠤᠯᠭ᠎ᠠ ᠳᠠᠭᠠᠨ ᠪᠠᠲᠤᠯᠠᠭ᠎ᠠ ᠲᠠᠢ ᠪᠣᠯᠵᠤ᠂ ᠠᠮᠢᠳᠤᠷᠠᠯ ᠳᠠᠭᠠᠨ ᠰᠢᠨ᠎ᠡ ᠭᠡᠷ ᠲᠠᠢ ᠪᠣᠯᠵᠠᠶ  ᠃ ᠣᠯᠠᠨ ᠵᠢᠯ ᠤᠨ ᠲᠤᠷᠰᠢ᠂ ᠯᠢ ᠵᠢᠶᠦ᠋ᠨ ᠨᠢᠭᠡᠨ ᠡᠵᠢ ᠶᠢᠨ ᠬᠤᠪᠢ ᠪᠠᠷ ᠤᠷᠢᠳ ᠬᠤᠵᠢᠳ 5 ᠶᠠᠳᠠᠭᠤ ᠬᠦᠴᠢᠷᠳᠡᠯᠲᠡᠶ ᠬᠡᠦᠬᠡᠳ ᠲᠤ ᠬᠠᠪᠰᠤᠷᠤᠯᠭ᠎ᠠ ᠦᠵᠡᠭᠦᠯᠵᠡᠶ  ᠃    ᠪᠣᠳᠠᠲᠠᠶ ᠠᠵᠢᠯᠯᠠᠨ ᠰᠢᠨ᠎ᠡ ᠶᠢ ᠡᠭᠦᠳᠴᠦ ᠣᠷᠣᠯᠭ᠎ᠠ ᠶᠢ ᠨᠡᠮᠡᠭᠳᠡᠭᠦᠯᠦᠨ᠎ᠡ  ᠃ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠲᠡᠷᠡ ᠦᠵᠡᠯ ᠰᠠᠨᠠᠭᠠᠨ ᠤ ᠵᠢᠯᠣᠭᠤᠳᠤᠮᠵᠢ ᠶᠢ ᠠᠳᠬᠤᠬᠤ ᠠᠴᠠ ᠭᠠᠷᠳᠠᠵᠤ᠂ ᠬᠥᠭᠵᠢᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠲᠣᠰᠬᠤᠨ ᠤ ᠺᠠᠳ᠋ᠷ  ᠢ ᠢᠳᠡᠪᠬᠢᠲᠡᠢ ᠳᠠᠭᠠᠭᠤᠯᠤᠨ ᠡᠯ᠎ᠡ ᠵᠦᠢᠯ ᠤᠨ ᠤᠨᠤᠯ ᠲᠦᠷᠦ ᠶᠢᠨ ᠪᠤᠳᠤᠯᠭ᠎ᠠ ᠶᠢ ᠰᠤᠷᠤᠯᠴᠠᠭᠤᠯᠵᠤ᠂ ᠲᠡᠳᠡᠨ ᠢ ᠲᠡᠷᠢᠭᠦᠨ ᠤ ᠬᠢ ᠠᠴᠠ ᠰᠤᠷᠤᠯᠴᠠᠭᠤᠯᠵᠤ᠂ ᠲᠤᠰ ᠪᠡᠶ᠎ᠡ ᠶᠢᠨ ᠠᠵᠢᠯ ᠤᠨ ᠳᠤᠲᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠬᠠᠷᠢᠴᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠲᠤᠷ ᠰᠢᠢᠳᠪᠦᠷᠢᠯᠡᠵᠡᠢ  ᠃ ᠪᠣᠳᠠᠲᠠᠶ ᠠᠵᠢᠯᠯᠠᠵᠤ ᠰᠢᠨ᠎ᠡ ᠶᠢ ᠡᠭᠦᠳᠬᠦ ᠠᠴᠠ ᠭᠠᠷᠳᠠᠵᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠬᠡᠷᠡᠭᠴᠡᠭᠡ ᠶᠢ ᠭᠦᠶᠴᠡᠳ ᠣᠶᠢᠯᠠᠭᠠᠭᠰᠠᠨ ᠰᠠᠭᠤᠷᠢᠨ ᠳᠡᠭᠡᠷ᠎ᠡ᠂ ᠡᠯ᠎ᠡ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 《 ᠶᠠᠳᠠᠭᠤ ᠶᠢ ᠲᠡᠳᠬᠦᠬᠦ ᠦᠶᠯᠡᠳᠪᠦᠷᠢ ᠶᠢᠨ ᠲᠠᠰᠤᠭ ᠪᠠᠶᠢᠭᠤᠯᠵᠤ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠲᠠᠲᠠᠵᠤ ᠬᠡᠷ ᠲᠡᠭᠡᠨ ᠠᠵᠢᠯ ᠣᠯᠭᠤᠬᠤ᠂ ᠠᠵᠤ ᠦᠶᠯᠡᠰ ᠤᠨ ᠵᠢᠭᠡᠯᠡᠯᠭᠡ ᠲᠠᠯᠪᠢᠵᠤ ᠶᠠᠳᠠᠭᠤ ᠬᠦᠴᠢᠷᠳᠡᠯᠲᠡᠶ ᠡᠷᠦᠬᠡ ᠶᠢ ᠲᠡᠵᠢᠭᠡᠨ ᠦᠷᠡᠵᠢᠭᠦᠯᠬᠦ ᠶᠢ ᠳᠡᠮᠵᠢᠬᠦ᠂ ᠳᠠᠭᠠᠭᠤᠯᠤᠭᠴᠢ ᠠᠴᠠ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ 》 ᠭᠤᠷᠪᠠᠨ ᠵᠦᠶᠯ ᠤᠨ ᠵᠠᠭᠪᠤᠷ ᠢ ᠬᠠᠶᠢᠨ ᠰᠦᠪᠡᠭᠴᠢᠯᠡᠭᠰᠡᠨ ᠪᠥᠭᠡᠳ ᠣᠯᠠᠨ ᠲᠦᠮᠡᠨ ᠤ ᠲᠥᠯᠥᠭᠡᠯᠡᠭᠴᠢ ᠵᠡᠭᠡᠯᠢ ᠶᠢ ᠳᠠᠭᠠᠭᠠᠴᠢᠯᠠᠨ ᠡᠷᠦᠬᠡ ᠶᠢ ᠳᠠᠭᠠᠭᠠᠴᠢᠯᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠥᠲᠥᠯᠥᠨ ᠳᠠᠭᠠᠭᠤᠯᠵᠤ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠪᠠ  ᠃ ᠲᠡᠷᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ ᠣᠳᠣ ᠦᠨᠡᠯᠡᠬᠦ ᠪᠠᠷᠢᠮᠵᠢᠶ᠎ᠠ ᠶᠢ ᠲᠣᠭᠲᠠᠭᠠᠵᠤ᠂ ᠪᠠᠶᠠᠵᠢᠯ ᠤᠨ ᠳᠠᠭᠠᠭᠤᠯᠤᠭᠴᠢ ᠠᠴᠠ ᠣᠯᠠᠨ ᠲᠦᠮᠡᠨ ᠢ ᠬᠥᠲᠥᠯᠥᠨ ᠳᠠᠭᠠᠭᠤᠯᠵᠤ ᠠᠵᠤ ᠦᠶᠯᠡᠰ ᠢ ᠬᠥᠭᠵᠢᠭᠦᠯᠬᠦ᠂ ᠣᠷᠴᠢᠨ ᠲᠣᠭᠤᠷᠢᠨ ᠤ ᠵᠠᠰᠠᠯᠲᠠ  ᠳᠤ ᠣᠷᠣᠯᠴᠠᠵᠤ᠂ ᠪᠣᠯᠪᠠᠰᠤᠨ ᠨᠤᠲᠤᠭ ᠤᠨ ᠰᠤᠷᠲᠠᠯ ᠢ ᠪᠣᠶ ᠪᠣᠯᠭᠠᠵᠤ᠂ ᠣᠯᠠᠨ ᠲᠦᠮᠡᠨ ᠤ ᠲᠥᠯᠥᠭᠡᠯᠡᠭᠴᠢ ᠪᠠᠷ ᠭᠤᠤᠯ ᠪᠣᠯᠭᠠᠨ ᠣᠳᠣᠨ ᠦᠨᠡᠯᠡᠬᠦ ᠳᠤᠭᠤᠶᠢᠯᠠᠩ ᠪᠠᠶᠢᠭᠤᠯᠵᠤ᠂ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠪᠥᠬᠦ ᠲᠠᠯ᠎ᠠ ᠪᠠᠷ ᠬᠥᠭᠵᠢᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ  ᠃ 《 ᠪᠦᠬᠦ ᠰᠡᠳᠬᠢᠯ ᠪᠦᠬᠦ ᠵᠣᠷᠢᠭ  ᠢᠶᠠᠷ ᠢᠶᠠᠨ ᠤᠯᠠᠨ ᠲᠦᠮᠡᠨ ᠳᠤ ᠦᠢᠯᠡᠴᠢᠯᠡᠬᠦ ᠪᠣᠯ ᠮᠢᠨᠦ ᠡᠭᠦᠷᠭᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠭᠤᠴᠠᠯᠭ᠎ᠠ ᠪᠠ ᠡᠭᠦᠷᠭᠡᠯᠡᠯ ᠮᠥᠨ  ᠃ ᠯᠢ ᠵᠢᠶᠦ᠋ᠨ᠄ ︽ᠬᠤᠶᠢᠰᠢᠳᠠ ᠦᠷᠭᠦᠯᠵᠢᠯᠡᠨ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠶᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠪᠠᠷ ᠬᠠᠷᠠᠯᠲᠠ ᠪᠣᠯᠭᠠᠵᠤ᠂ ᠬᠥᠳᠡᠭᠡ ᠠᠵᠤ ᠠᠬᠤᠶ ᠶᠢ ᠬᠦᠰᠡᠯ ᠡᠷᠡᠮᠡᠯᠵᠡᠯ ᠲᠠᠢ ᠠᠵᠤ ᠦᠶᠯᠡᠰ ᠪᠣᠯᠭᠠᠵᠤ᠂ ᠲᠠᠷᠢᠶᠠᠴᠢᠳ ᠢ ᠲᠠᠲᠠᠬᠤ ᠬᠦᠴᠦᠨ ᠲᠠᠢ ᠠᠵᠢᠯ ᠮᠡᠷᠭᠡᠵᠢᠯ ᠪᠣᠯᠭᠠᠵᠤ᠂ ᠬᠥᠳᠡᠭᠡ ᠲᠣᠰᠬᠤᠨ ᠢ ᠠᠮᠤᠷ ᠲᠠᠶᠢᠪᠤᠩ ᠠᠵᠤ ᠲᠦᠷᠦᠭᠦ ᠦᠵᠡᠰᠬᠦᠯᠡᠩᠲᠦ ᠰᠠᠶᠢᠬᠠᠨ ᠬᠡᠷ ᠣᠷᠣᠨ ᠪᠣᠯᠭᠠᠬᠤ ᠪᠠᠷ ᠴᠢᠷᠮᠠᠶᠢᠨ᠎ᠠ  ︾ ᠭᠡᠵᠦ ᠢᠯᠡᠳᠬᠡᠪᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号