ᠵᠠᠩ ᠽᠢ ᠹᠦ᠋᠄ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠪᠠᠶᠢᠨ᠎ᠠ
ᠨᠡᠶᠢᠲᠡᠯᠡᠭᠰᠡᠨ ᠴᠠᠭ᠄
2021/9/26
    ︽︿ᠮᠠ ᠱᠦᠵᠢ ᠡ᠂ ᠥᠨᠥᠳᠦᠷ ᠭᠤᠣᠯ ᠰᠡᠳᠦᠪᠲᠦ ᠨᠠᠮ ᠤᠨ ᠡᠳᠦᠷ ᠤᠨ ᠬᠤᠷᠠᠯ ᠬᠢᠨ᠎ᠡ᠂ ᠦᠳᠡ ᠶᠢᠨ ᠬᠤᠶᠢᠨᠠᠬᠢ ᠬᠤᠷᠠᠯ ᠳᠤ ᠨᠠᠮ ᠤᠨ ᠭᠡᠰᠢᠭᠦᠳ ᠲᠤ ᠮᠡᠳᠡᠭᠳᠡᠵᠦ ᠣᠷᠣᠯᠴᠠᠭᠤᠯᠬᠤ ᠪᠠᠨ ᠪᠢᠲᠡᠭᠡᠢ ᠮᠠᠷᠲᠠᠴᠢᠬ᠎ᠠ︕ ᠰᠠᠷ᠎ᠠ ᠪᠦᠷᠢ ᠶᠢᠨ 24 ᠤ ᠡᠳᠦᠷ ᠪᠦᠷ ᠵᠠᠩ ᠽᠢ ᠹᠦ᠋ ᠶᠢᠨ ᠤᠲᠠᠰᠤ ᠪᠠᠷ ᠰᠠᠨᠠᠭᠤᠯᠤᠭᠰᠠᠨ ᠢ ᠴᠠᠭ ᠲᠤᠬᠠᠶ ᠳᠤᠨᠢ ᠲᠤᠰᠳᠠᠭ  ᠃︾ ᠭᠡᠵᠦ ᠪᠤᠤ ᠱᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠲᠤᠰᠬᠠᠢ ᠲᠤᠰᠢᠶᠠᠯᠳᠤ ᠳᠡᠳ᠋ ᠱᠦᠵᠢ ᠮᠠ ᠴᠢ ᠯᠦᠩ ᠬᠡᠯᠡᠪᠡ  ᠃ ᠵᠠᠩ ᠽᠢ ᠹᠦ᠋ ᠶᠢ ᠬᠡᠯᠡᠪᠡᠯ᠂ ᠲᠡᠷᠡ ᠪᠣᠯ ᠪᠤᠤ ᠱᠢ ᠪᠠᠯᠭᠠᠰᠤᠨ ᠤ ᠠᠮᠢᠳᠤ ᠭᠠᠵᠠᠷ ᠤᠨ ᠵᠢᠷᠤᠭ᠂ ᠴᠠᠩ ᠴᠢᠩ ᠱᠤ᠋ ᠪᠣᠯ ᠨᠠᠩ ᠴᠤ ᠲᠤᠭ ᠲᠡᠮᠳᠡᠭ᠂ ᠠᠵᠢᠯ ᠳᠤ ᠤᠷᠤᠭᠰᠠᠨ ᠠᠴᠠ ᠠᠵᠢᠯ  ᠠᠴᠠ ᠪᠠᠨ ᠠᠮᠠᠷᠠᠭᠰᠠᠨ ᠬᠡᠳᠦᠨ ᠠᠷᠪᠠᠨ ᠵᠢᠯ ᠤᠨ ᠲᠤᠷᠰᠢ᠂ ᠲᠡᠷᠡ ᠪᠤᠤ ᠱᠢ ᠪᠠᠯᠭᠠᠰᠤᠨ ᠤ ᠠᠭᠤᠯᠠᠨ ᠨᠤᠲᠤᠭ ᠤᠨ ᠯᠤᠲᠤ ᠶᠡᠭᠡ ᠬᠤᠪᠢᠷᠠᠯᠲᠠ ᠶᠢ ᠭᠡᠷᠡᠴᠢᠯᠡᠪᠡ  ᠃     1969 ᠣᠨ ᠤ 4 ᠰᠠᠷ᠎ᠠ ᠳᠤ ᠵᠠᠩ ᠽᠢ ᠹᠦ᠋ ᠴᠡᠷᠢᠭ ᠲᠤ ᠣᠷᠣᠵᠤ᠂ ᠰᠢᠯᠢᠳᠡᠭ ᠢᠯᠡᠷᠡᠯ ᠲᠠᠢ ᠪᠣᠯᠬᠤᠷ ᠴᠡᠷᠢᠭ ᠲᠤ ᠣᠷᠣᠭᠠᠳ ᠵᠢᠯ ᠭᠠᠷᠤᠶ ᠪᠣᠯᠤᠮᠠᠭᠴᠠ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠨᠢᠭᠡᠨ ᠢᠷᠠᠭᠤ ᠠᠯᠳᠠᠷᠲᠠᠶ ᠡᠪ ᠬᠠᠮᠲᠤ ᠨᠠᠮ ᠤᠨ ᠭᠡᠰᠢᠭᠦᠨ ᠪᠣᠯᠵᠠᠶ  ᠃ ᠴᠡᠷᠢᠭ ᠲᠤ ᠣᠷᠣᠭᠠᠳ ᠲᠠᠪᠤᠨ ᠵᠢᠯ ᠪᠤᠯᠵᠦ᠂ ᠤᠷᠢᠳ ᠬᠤᠵᠢᠳ ᠪᠤᠭᠤᠲᠤ᠂ ᠰᠧᠴᠤᠸᠠᠨ᠂ ᠰᠢᠨᠵᠢᠶᠠᠩ ᠵᠡᠷᠭᠡ ᠭᠠᠵᠠᠷ ᠲᠤ ᠠᠯᠪᠠ ᠬᠠᠭᠠᠵᠤ᠂ ᠪᠠᠭ᠎ᠠ ᠰᠤᠷᠭᠠᠭᠤᠯᠢ ᠶᠢᠨ ᠰᠣᠶᠣᠯ ᠲᠠᠢ ᠲᠡᠷᠡ ᠴᠡᠷᠢᠭ ᠠᠩᠬᠢ ᠳᠠᠭᠠᠨ ᠠᠭᠤᠯᠠᠨ ᠠᠭᠤᠢ ᠮᠠᠯᠲᠠᠬᠤ ᠪᠠᠷᠢᠯᠭ᠎ᠠ ᠶᠢᠨ ᠴᠡᠷᠢᠭ ᠪᠤᠯᠵᠦ ᠥᠩᠭᠡᠷᠡᠭᠰᠡᠨ ᠪᠥᠭᠡᠳ ᠪᠠᠰᠠ ᠥᠪᠡᠷ ᠤᠨ ᠰᠢᠷᠭᠠᠭᠤ ᠬᠠᠲᠠᠭᠤᠵᠢᠯᠲᠠᠢ ᠰᠤᠳᠤᠯᠭ᠎ᠠ ᠪᠠᠷ ᠢᠶᠠᠨ ᠴᠢᠮᠡᠭᠡ ᠬᠤᠯᠪᠣᠭᠠᠨ ᠤ ᠴᠡᠷᠢᠭ ᠪᠤᠯᠵᠦ᠂ ᠴᠡᠷᠢᠭ ᠤᠨ ᠠᠯᠪᠠ ᠬᠠᠭᠠᠬᠤ ᠬᠤᠭᠤᠴᠠᠭᠠᠨ ᠳᠠᠭᠠᠨ ᠪᠠᠲᠯᠢᠶᠣᠨ᠂ ᠰᠤᠮᠤᠨ ᠤ ᠲᠡᠰ ᠤᠨ ᠬᠥᠬᠢᠭᠦᠯᠦᠯ ᠢ ᠲᠤᠰ ᠲᠤᠰ ᠬᠦᠷᠳᠡᠪᠡ  ᠃    1975 ᠣᠨ ᠳᠤ ᠢᠷᠠᠭᠤ ᠠᠯᠳᠠᠷᠲᠠᠶ ᠪᠠᠷ ᠠᠵᠢᠯ ᠠᠴᠠ ᠪᠠᠨ ᠬᠠᠯᠠᠭᠳᠠᠭᠰᠠᠨ ᠤ ᠳᠠᠷᠠᠭ᠎ᠠ᠂ ᠲᠡᠷᠡ ᠲᠤᠬᠠᠶ  ᠶᠢᠨ ᠦᠶ᠎ᠡ ᠶᠢᠨ ᠡᠷᠳᠡᠨᠢ ᠶᠢᠨ ᠴᠢᠯᠠᠭᠤ ᠶᠢᠨ ᠨᠢᠭᠡᠳᠦᠯ ᠳᠤ ᠬᠤᠪᠢᠶᠠᠭᠳᠠᠨ ᠠᠵᠢᠯᠯᠠᠵᠤ᠂ ᠤᠷᠢᠳ ᠬᠤᠵᠢᠳ ᠨᠢᠭᠡᠳᠦᠯ ᠤᠨ ᠵᠠᠰᠠᠭ ᠵᠠᠬᠢᠷᠭᠠᠨ ᠤ ᠨᠠᠷᠢᠨ ᠪᠢᠴᠢᠭᠡᠴᠢ᠂ ᠠᠷᠠᠳ ᠤᠨ ᠶᠠᠪᠤᠳᠠᠯ ᠤᠨ ᠲᠤᠰᠠᠯᠠᠭᠴᠢ ᠵᠡᠷᠭᠡ ᠲᠤᠰᠢᠶᠠᠯ  ᠢ ᠬᠠᠷᠢᠭᠤᠴᠠᠪᠠ  ᠃ ᠠᠵᠢᠯ ᠤᠨ ᠬᠤᠭᠤᠴᠠᠭᠠᠨ ᠳᠠᠭᠠᠨ ᠲᠡᠷᠡ ᠠᠵᠢᠯᠴᠢ ᠬᠢᠴᠢᠶᠡᠩᠭᠦᠢ᠂ ᠳᠠᠷᠤᠤ ᠪᠣᠯᠭᠤᠮᠵᠢᠲᠠᠢ ᠪᠠᠶᠢᠵᠤ᠂ ᠴᠠᠭ ᠢᠮᠠᠭᠲᠠ ᠴᠡᠷᠢᠭ ᠤᠨ ᠰᠤᠷᠲᠠᠯ᠂ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠵᠤ᠂ ᠠᠵᠢᠯ ᠬᠢᠬᠦ ᠪᠠᠷ ᠢᠷᠡᠭᠰᠡᠨ ᠲᠣᠰᠬᠤᠨ ᠤ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠪᠡ  ᠃ ᠲᠤᠬᠠᠢ ᠶᠢᠨ ᠦᠶ᠎ᠡ ᠳᠤ ᠵᠠᠮ ᠬᠠᠷᠢᠯᠴᠠᠭ᠎ᠠ ᠳᠥᠭᠦᠮ ᠦᠭᠡᠢ᠂ ᠴᠢᠮᠡᠭᠡ ᠬᠤᠯᠪᠣᠭᠠᠨ ᠤ ᠲᠥᠬᠦᠭᠡᠷᠦᠮᠵᠢ ᠲᠤᠶᠢᠯ ᠤᠨ ᠬᠤᠮᠰᠠ ᠪᠠᠶᠢᠭᠰᠠᠨ ᠪᠠᠶᠢᠳᠠᠯ ᠳᠣᠣᠷ᠎ᠠ᠂ ᠲᠡᠷᠡ ᠳᠤᠭᠤᠢ ᠲᠡᠷᠭᠡ ᠤᠨᠤᠵᠤ᠂ ᠠᠶᠢᠯ ᠲᠣᠰᠬᠤᠨ ᠵᠡᠭᠡᠯᠢ ᠭᠤᠳᠤᠮᠵᠢ ᠪᠠᠷ ᠨᠠᠭᠠᠰᠢ ᠴᠠᠭᠠᠰᠢ ᠶᠠᠪᠤᠵᠤ᠂ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠬᠦ ᠳᠤ ᠬᠦᠴᠢᠷᠲᠡᠢ᠂ ᠬᠥᠳᠡᠯᠵᠦ ᠪᠠᠷᠢᠬᠤ ᠳᠤ ᠳᠥᠭᠦᠮ ᠦᠭᠡᠢ ᠤᠯᠠᠨ ᠲᠦᠮᠡᠨ ᠳᠤ ᠬᠠᠪᠰᠤᠷᠤᠯᠭ᠎ᠠ ᠬᠦᠷᠭᠡᠵᠦ᠂ ᠪᠠᠰᠠ ᠤᠯᠠᠨ ᠤᠳᠠᠭ᠎ᠠ ᠥᠪᠡᠷ ᠢᠶᠠᠨ ᠵᠣᠭᠤᠰ ᠭᠠᠷᠭᠠᠵᠤ ᠬᠦᠴᠢᠷᠳᠡᠯᠲᠡᠢ ᠤᠯᠠᠨ ᠲᠦᠮᠡᠨ ᠢ ᠲᠤᠰᠠᠯᠠᠪᠠ  ᠃ ᠲᠤᠬᠠᠢ ᠶᠢᠨ ᠦᠶ᠎ᠡ ᠶᠢᠨ ᠡᠷᠳᠡᠨᠢ ᠶᠢᠨ ᠴᠢᠯᠠᠭᠤ ᠶᠢᠨ ᠨᠢᠭᠡᠳᠦᠯ ᠳᠤ ᠵᠠᠩ ᠽᠢ ᠹᠦ᠋ ᠶᠢ ᠲᠠᠨᠢᠬᠤ ᠦᠭᠡᠢ ᠬᠥᠮᠦᠨ ᠪᠠᠷᠤᠭ ᠪᠠᠶᠢᠬᠤ ᠦᠭᠡᠢ᠂ ᠲᠡᠷᠡ ᠡᠭᠦᠨ ᠠᠴᠠ ᠪᠤᠯᠵᠤ ᠪᠠᠰᠠ ᠨᠤᠲᠤᠭ ᠤᠨ ᠠᠬ᠎ᠠ ᠳᠡᠭᠦᠦ ᠨᠡᠷ ᠲᠤ 《 ᠳᠣᠲᠣᠨᠣ ᠲᠤᠰᠠᠯᠠᠭᠴᠢ 》 ᠬᠡᠮᠡᠭᠳᠡᠪᠡ  ᠃    1981 ᠣᠨ ᠳᠤ ᠨᠢᠭᠡᠳᠦᠯ ᠤᠨ ᠲᠣᠮᠢᠯᠠᠭᠰᠠᠨ ᠰᠠᠯᠪᠤᠷᠢ ᠶᠢᠨ ᠬᠠᠷᠢᠶ᠎ᠠ ᠣᠷᠣᠨ ᠤ ᠲᠠᠯᠠᠪᠠᠢ ᠶᠡᠭᠡ᠂ ᠴᠠᠭᠳᠠᠭᠠᠨ ᠤ ᠬᠦᠴᠦᠨ ᠬᠦᠷᠦᠯᠴᠡᠬᠦ ᠦᠭᠡᠢ ᠠᠴᠠ ᠪᠤᠯᠵᠤ᠂ ᠵᠠᠩ ᠽᠢ ᠹᠦ᠋ ᠶᠢᠨ ᠴᠡᠷᠢᠭ ᠭᠠᠷᠤᠯ ᠲᠠᠢ ᠪᠥᠭᠡᠳ ᠤᠯᠠᠨ ᠲᠦᠮᠡᠨ ᠤ ᠰᠠᠭᠤᠷᠢ ᠲᠠᠢ᠂ ᠪᠠᠰᠠ ᠪᠤᠤ ᠱᠢ ᠶᠢᠨ ᠬᠠᠷᠢᠶ᠎ᠠ ᠣᠷᠣᠨ ᠤ ᠲᠣᠰᠬᠤᠨ ᠤ ᠪᠠᠶᠢᠳᠠᠯ ᠢ ᠰᠠᠶᠢᠨ ᠮᠡᠳᠡᠳᠡᠭ ᠢ ᠪᠣᠳᠣᠯᠬᠢᠯᠠᠭᠠᠳ᠂ ᠲᠡᠷᠡ ᠨᠢᠭᠡᠳᠦᠯ ᠤᠨ ᠲᠣᠮᠢᠯᠠᠭᠰᠠᠨ ᠰᠠᠯᠪᠤᠷᠢ ᠳᠤ ᠲᠣᠮᠢᠯᠠᠭᠳᠠᠵᠤ᠂ ᠨᠢᠭᠡᠨ ᠠᠷᠠᠳ  ᠤᠨ ᠴᠠᠭᠳᠠᠭ᠎ᠠ ᠪᠤᠯᠵᠤ᠂ ᠳᠣᠲᠣᠭᠠᠳᠤ ᠠᠵᠢᠯ ᠭᠠᠳᠠᠭᠠᠳᠤ ᠠᠵᠢᠯ ᠨᠢ ᠬᠤᠶᠠᠷ ᠲᠠᠯ᠎ᠠ ᠳᠤ ᠶᠠᠭᠠᠷᠠᠯᠲᠠᠢ ᠪᠠᠶᠢᠪᠠ  ᠃ ᠴᠠᠭᠳᠠᠭᠠᠨ ᠤ ᠬᠤᠪᠴᠠᠰᠤ ᠡᠮᠦᠰᠦᠭᠰᠡᠨ ᠲᠡᠷᠡ ᠴᠡᠷᠢᠭ ᠠᠩᠬᠢ ᠶᠢᠨ ᠠᠮᠢᠳᠤᠷᠠᠯ ᠳᠠᠭᠠᠨ ᠪᠤᠴᠠᠭᠰᠠᠨ ᠰᠢᠭ ᠪᠠᠶᠢᠯ᠎ᠠ᠂ ᠲᠡᠷᠡ ᠡᠭᠦᠷᠭᠡ ᠬᠠᠷᠢᠭᠤᠴᠠᠯᠭ᠎ᠠ ᠬᠦᠨᠳᠦ ᠴᠢᠬᠤᠯᠠ ᠭᠡᠳᠡᠭ ᠢ ᠭᠦᠨᠵᠡᠭᠡᠢ ᠣᠶᠢᠯᠠᠭᠠᠵᠤ᠂ ᠤᠯᠠᠨ ᠲᠦᠮᠡᠨ ᠤ ᠤᠴᠢᠷ ᠶᠠᠪᠤᠳᠠᠯ ᠳᠤ ᠪᠠᠭ᠎ᠠ ᠶᠠᠪᠤᠳᠠᠯ ᠭᠡᠵᠦ ᠦᠭᠡᠢ ᠭᠡᠬᠦ ᠣᠶᠢᠯᠠᠭᠠᠭᠳᠠᠬᠤᠨ ᠢ ᠢᠮᠠᠭᠲᠠ ᠪᠠᠲᠤ ᠴᠡᠭᠡᠵᠢᠯᠡᠵᠦ᠂ ᠬᠡᠳᠦᠢ ᠤᠷᠤᠢ᠂ ᠬᠡᠳᠦᠢ ᠶᠠᠭᠠᠷᠠᠯᠲᠠᠢ᠂ ᠬᠡᠳᠦᠢ ᠶᠠᠳᠠᠷᠠᠯᠲᠠᠢ ᠪᠠᠶᠢᠭᠰᠠᠨ ᠴᠤ᠂ ᠴᠠᠭᠳᠠᠭ᠎ᠠ ᠳᠤ ᠮᠡᠳᠡᠭᠦᠯᠬᠦ ᠳᠤ ᠯᠡ ᠬᠦᠷᠪᠡᠯ᠂ ᠲᠡᠷᠡ ᠳᠠᠷᠤᠢ ᠲᠦᠷᠭᠡᠨ ᠬᠡᠷᠡᠭ ᠤᠨ ᠲᠤᠬᠠᠢ ᠶᠢᠨ ᠲᠠᠯᠠᠪᠠᠢ ᠳᠤ ᠬᠦᠷᠴᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠵᠦ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠢ ᠡᠶᠡᠳᠡᠭᠦᠯᠦᠨ᠎ᠡ  ᠃ ᠬᠡᠳᠦᠨ ᠠᠷᠪᠠᠨ ᠵᠢᠯ ᠳᠤ ᠴᠠᠭᠳᠠᠭ᠎ᠠ ᠠᠴᠠ ᠮᠢᠩᠭ᠎ᠠ ᠭᠠᠷᠤᠢ ᠤᠳᠠᠭ᠎ᠠ ᠭᠠᠷᠴᠤ᠂ ᠵᠢᠯ ᠲᠤᠵᠢ ᠥᠨᠳᠥᠷ ᠳᠠᠷᠤᠭᠠᠰᠤ  ᠲᠠᠢ ᠠᠵᠢᠯᠯᠠᠵᠤ᠂ ᠵᠢᠮ᠎ᠡ ᠶᠣᠰᠣ ᠦᠭᠡᠢ ᠠᠮᠢᠳᠤᠷᠠᠵᠤ᠂ ᠴᠢᠰᠤᠨ ᠳᠠᠷᠤᠯᠲᠠ ᠥᠨᠳᠥᠷ ᠪᠠ ᠬᠦᠨᠳᠦ ᠰᠢᠬᠢᠷ ᠰᠢᠵᠢᠩ ᠡᠪᠡᠳᠴᠢᠨ ᠳᠤ ᠨᠡᠷᠪᠡᠭᠳᠡᠨ᠂ ᠬᠡᠳᠦ ᠤᠳᠠᠭ᠎ᠠ ᠴᠢᠰᠤᠨ ᠰᠢᠬᠢᠷ ᠥᠨᠳᠥᠷ ᠠᠴᠠ ᠪᠣᠯᠵᠤ ᠴᠠᠭᠳᠠᠭ᠎ᠠ ᠠᠴᠠ ᠭᠠᠷᠬᠤ ᠵᠠᠮ ᠳᠡᠭᠡᠷ᠎ᠡ ᠮᠠᠨᠠᠷᠠᠨ ᠤᠨᠠᠵᠤ᠂ ᠣᠳᠣ ᠪᠣᠯᠲᠠᠯ᠎ᠠ ᠡᠳᠦᠷ ᠪᠦᠷᠢ ᠶᠡᠭᠡ ᠬᠡᠮᠵᠢᠶᠡᠨ ᠤ ᠢ ᠳ᠋ᠤᠤ ᠰᠦ᠋ ᠲᠠᠷᠢᠵᠤ ᠥᠪᠡᠷ  ᠤᠨ ᠴᠢᠰᠤᠨ ᠰᠢᠬᠢᠷ ᠢᠶᠠᠨ ᠬᠢᠵᠠᠭᠠᠷᠯᠠᠵᠤ ᠪᠠᠶᠢᠨ᠎ᠠ  ᠃ ᠵᠠᠩ ᠽᠢ ᠹᠦ᠋ ᠳᠣᠲᠣᠭᠠᠳᠤ ᠶᠢ ᠬᠠᠮᠠᠭᠠᠯᠠᠬᠤ ᠹᠷᠣᠨᠲ ᠳᠡᠭᠡᠷ᠎ᠡ ᠦᠨᠳᠦᠰᠦᠨ ᠱᠠᠲᠤᠨ ᠳᠤ ᠦᠨᠳᠦᠰᠦᠯᠡᠵᠦ᠂ ᠨᠡᠶᠢᠲᠡ ᠶᠢᠨ ᠲᠥᠯᠥᠭᠡ ᠵᠢᠳᠬᠦᠵᠦ᠂ ᠬᠡᠳᠦᠨ ᠠᠷᠪᠠᠨ ᠵᠢᠯ ᠠᠵᠢᠯᠯᠠᠵᠤ᠂ 2002 ᠣᠨ ᠪᠣᠯᠬᠤ ᠳᠤ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠪᠠ  ᠃ ᠠᠵᠢᠯ ᠠᠴᠠ  ᠪᠠᠨ ᠠᠮᠠᠷᠠᠭᠠᠳ ᠤᠯᠠᠨ ᠵᠢᠯ ᠪᠣᠯᠤᠭᠰᠠᠨ ᠤ ᠲᠠᠷᠠᠭ᠎ᠠ ᠪᠠᠰᠠ ᠲᠡᠭᠦᠨ ᠤ ᠬᠠᠪᠰᠤᠷᠴᠤ ᠥᠩᠭᠡᠷᠡᠭᠰᠡᠨ ᠨᠤᠲᠤᠭ ᠤᠨ ᠠᠬ᠎ᠠ ᠳᠡᠭᠦᠦ ᠨᠡᠷ ᠨᠢ ᠲᠠᠰᠤᠷᠠᠯᠳᠠ ᠦᠭᠡᠢ ᠲᠡᠭᠦᠨ ᠢ ᠡᠷᠭᠢᠵᠦ ᠦᠵᠡᠬᠦ ᠪᠠᠷ ᠣᠴᠢᠵᠤ᠂ ᠵᠠᠷᠢᠮ ᠨᠢ ᠥᠪᠡᠷ ᠢᠶᠠᠨ ᠴᠦ ᠲᠠᠨᠢᠬᠤ ᠦᠭᠡᠢ ᠪᠣᠯᠵᠠᠢ  ᠃    ᠨᠢᠭᠡᠳᠦᠭᠡᠷ ᠮᠥᠷ ᠤᠨ ᠵᠡᠭᠦᠨ ᠭᠤᠷᠪᠠᠳᠤᠭᠠᠷ ᠮᠥᠷ ᠨᠢ ᠵᠠᠩ ᠽᠢ ᠹᠦ᠋᠃ 2004 ᠣᠨ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠲᠡᠷᠡ ᠪᠠᠰᠠ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠵᠣᠬᠢᠶᠠᠨ ᠪᠠᠶᠢᠭᠤᠯᠤᠯᠲᠠ  ᠳᠤ ᠤᠷᠢᠭᠳᠠᠵᠤ᠂ ᠡᠷᠳᠡᠨᠢ ᠶᠢᠨ ᠴᠢᠯᠠᠭᠤ ᠶᠢᠨ ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠡᠭᠦᠷ ᠤᠨ ᠱᠦᠵᠢ  ᠶᠢᠨ ᠲᠤᠰᠢᠶᠠᠯ ᠢ ᠬᠠᠷᠢᠭᠤᠴᠠᠪᠠ  ᠃ ᠲᠤᠬᠠᠢ ᠶᠢᠨ ᠦᠶ᠎ᠡ ᠶᠢᠨ ᠰᠠᠭᠤᠭᠠᠯᠢ ᠠᠷᠠᠳ ᠤᠨ ᠵᠥᠪᠯᠡᠯ ᠤᠨ ᠠᠵᠢᠯᠯᠠᠬᠤ ᠨᠥᠬᠦᠴᠡᠯ ᠲᠤᠩ ᠠᠨᠠᠢ᠂ ᠬᠤᠶᠠᠷ ᠡᠪᠳᠡᠷᠬᠡᠢ ᠬᠠᠭᠤᠴᠢᠨ ᠠᠯᠪᠠᠨ ᠰᠢᠷᠡᠭᠡ᠂ ᠬᠡᠳᠦᠨ ᠰᠠᠭᠤᠮᠡᠭᠴᠠ ᠱᠠᠷᠴᠢᠭᠢᠨᠠᠨ ᠱᠠᠷᠴᠢᠭᠢᠨᠠᠬᠤ ᠡᠪᠳᠡᠷᠬᠡᠢ ᠰᠠᠨᠳᠠᠯᠢ᠂ ᠬᠡᠳᠦᠨ ᠬᠥᠮᠦᠨ ᠨᠢᠭᠡ ᠲᠠᠰᠤᠯᠭ᠎ᠠ ᠪᠠᠶᠢᠰᠢᠩ ᠳᠤ ᠰᠢᠬᠠᠯᠳᠤᠨ ᠠᠵᠢᠯᠯᠠᠵᠤ᠂ ᠡᠪᠦᠯ ᠳᠡᠭᠡᠨ ᠪᠠᠰᠠ ᠲᠡᠮᠦᠷ ᠵᠤᠤᠬ᠎ᠠ ᠰᠢᠲᠠᠭᠠᠵᠤ ᠳᠤᠯᠠᠭᠠᠯᠠᠨ᠎ᠠ  ᠃ ᠲᠡᠷᠡ ᠰᠡᠳᠬᠢᠯ ᠰᠢᠭᠤᠳᠤᠨ ᠰᠠᠭᠤᠭᠠᠯᠢ ᠠᠷᠠᠳ  ᠤᠨ ᠵᠥᠪᠯᠡᠯ ᠤᠨ ᠬᠤᠶᠠᠷ ᠨᠠᠰᠤᠲᠠᠨ ᠢᠶᠠᠨ ᠳᠠᠭᠠᠭᠤᠯᠤᠨ ᠰᠠᠭᠤᠭᠠᠯᠢ ᠠᠷᠠᠳ ᠢ ᠰᠤᠷᠪᠤᠯᠵᠢᠯᠠᠵᠤ᠂ ᠠᠷᠠᠳ ᠤᠨ ᠪᠠᠶᠢᠳᠠᠯ ᠢ ᠤᠢᠢᠯᠠᠭᠠᠨ᠂ ᠠᠷᠠᠳ ᠤᠨ ᠰᠠᠨᠠᠭ᠎ᠠ ᠶᠢ ᠪᠠᠶᠢᠴᠠᠭᠠᠪᠠ  ᠃ ᠲᠡᠭᠦᠨ ᠤ ᠲᠠᠭᠠᠭᠤᠯᠭ᠎ᠠ ᠳᠣᠣᠷ᠎ᠠ᠂ ᠡᠷᠳᠡᠨᠢ  ᠶᠢᠨ ᠴᠢᠯᠠᠭᠤᠨ ᠤ ᠰᠠᠭᠤᠭᠠᠯᠢ ᠠᠷᠠᠳ ᠤᠨ ᠵᠥᠪᠯᠡᠯ ᠤᠨ ᠠᠵᠢᠯ ᠮᠠᠰᠢ ᠶᠡᠭᠡ ᠰᠠᠶᠢᠵᠢᠷᠠᠯᠲᠠ ᠲᠠᠢ ᠪᠤᠯᠵᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠳᠡᠭᠡᠭᠰᠢᠯᠡᠵᠦ᠂ ᠲᠣᠬᠢᠷᠠᠮᠵᠢᠲᠠᠢ ᠨᠠᠮ ᠤᠨ ᠡᠭᠦᠷ ᠤᠨ ᠱᠦᠵᠢ ᠶᠢᠨ ᠵᠢᠱᠢᠭᠳᠡᠭᠴᠢ ᠶᠢ ᠬᠥᠮᠦᠵᠢᠭᠦᠯᠦᠭᠰᠡᠨ ᠤ ᠲᠠᠷᠠᠭ᠎ᠠ᠂ ᠲᠡᠷᠡ ᠰᠠᠶ᠋ᠢ ᠰᠠᠨᠠᠭ᠎ᠠ ᠠᠮᠤᠷ ᠲᠤᠰᠢᠶᠠᠯ ᠠᠴᠠ ᠪᠠᠨ ᠪᠠᠭᠤᠬᠤ ᠡᠷᠭᠦᠳᠡᠯ ᠳᠡᠪᠰᠢᠭᠦᠯᠵᠦ᠂ ᠤᠳᠤ ᠪᠠᠰᠠ ᠡᠷᠳᠡᠨᠢ ᠶᠢᠨ ᠴᠢᠯᠠᠭᠤᠨ ᠨᠡᠶᠢᠭᠡᠮ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠬᠦᠨ ᠤ ᠲᠤᠰᠢᠶᠠᠯ ᠢ ᠬᠠᠷᠢᠭᠤᠴᠠᠵᠤ ᠪᠠᠶᠢᠨ᠎ᠠ  ᠃     2020 ᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠵᠠᠩ ᠽᠢ ᠹᠦ᠋ ᠡᠩ ᠲᠡᠷᠢᠭᠦᠨ ᠳᠤ 200 ᠲᠥᠭᠦᠷᠢᠭ ᠬᠠᠨᠳᠢᠪᠯᠠᠵᠤ᠂ ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠵᠢᠵᠢᠭᠦᠷᠯᠡᠬᠦ ᠪᠠᠷ ᠰᠠᠨᠠᠭᠠᠴᠢᠯᠠᠭ᠎ᠠ ᠠᠴᠠ ᠪᠠᠨ ᠱᠠᠭᠠᠷᠳᠠᠵᠤ᠂ ᠵᠠᠯᠠᠭᠤᠴᠤᠳ ᠲᠠᠢ ᠠᠳᠠᠯᠢ ᠪᠠᠷ ᠲᠡᠷᠭᠡ ᠬᠥᠰᠬᠡ ᠪᠠᠨ ᠪᠤᠴᠠᠭᠠᠨ ᠠᠪᠬᠤ ᠪᠠᠷ ᠢᠳᠬᠠᠵᠤ᠂ ᠬᠠᠬᠢᠷ ᠬᠦᠢᠲᠡᠨ ᠵᠠᠮ  ᠤᠨ ᠠᠭᠤᠯᠵᠠᠷ ᠲᠤ ᠨᠢᠭᠡ ᠯᠡ ᠡᠳᠦᠷ ᠲᠤ ᠵᠣᠭᠰᠣᠵᠤ᠂ ᠪᠤᠴᠠᠭᠠᠨ ᠠᠪᠴᠢᠷᠠᠵᠤ ᠳᠡᠶᠢᠯᠬᠦ ᠦᠭᠡᠢ ᠪᠣᠯᠭᠠᠪᠠ  ᠃ 70 ᠨᠠᠰᠤᠯᠠᠭᠰᠠᠨ ᠲᠡᠷᠡ᠄ 《 ᠪᠢ ᠪᠣᠯ ᠨᠢᠭᠡᠨ ᠠᠬᠠᠮᠠᠳ ᠴᠡᠷᠢᠭ ᠮᠥᠨ᠂ ᠨᠠᠩ ᠴᠤ ᠨᠢᠭᠡᠨ ᠠᠬᠠᠮᠠᠳ ᠨᠠᠮ ᠤᠨ ᠭᠡᠰᠢᠭᠦᠨ ᠮᠥᠨ᠂ ᠣᠲᠣ ᠤᠯᠤᠰ ᠣᠷᠣᠨ ᠬᠦᠴᠢᠷᠳᠡᠯ ᠲᠠᠢ᠂ ᠪᠢ ᠣᠷᠣᠬᠤ ᠥᠬᠡᠶ ᠪᠣᠯ ᠬᠡᠨ ᠣᠷᠣᠬᠤ ᠪᠣᠶ  ᠃ 》  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号