ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠤᠤ ᠬᠤᠤ᠄ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠰᠢᠨ᠎ᠡ ᠰᠤᠷᠲᠠᠯ︾ ᠢ ᠠᠭᠤᠰᠬᠠᠨ᠎ᠠ
ᠨᠡᠶᠢᠲᠡᠯᠡᠭᠰᠡᠨ ᠴᠠᠭ᠄
2021/9/26
  ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠰᠢᠨ ᠹᠧᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠤᠤ ᠬᠤᠤ    ᠰᠢᠪᠠᠷ ᠱᠠᠯᠴᠢᠭ ᠲᠠᠢ ᠵᠥᠷᠢᠭ ᠵᠠᠮ ᠠᠴᠠ ᠣᠲᠣ ᠪᠣᠯᠲᠠᠯ᠎ᠠ ᠮᠥᠨ ᠲᠠᠰᠤᠷᠠᠯᠲᠠ ᠥᠬᠡᠶ ᠥᠷᠭᠡᠳᠴᠦ ᠪᠠᠶᠢᠭ᠎ᠠ ᠱᠦᠶᠨᠢ ᠵᠠᠮ᠂ ᠭᠠᠳᠠᠨᠠᠬᠢ ᠶᠡᠭᠡ ᠪᠣᠷᠣᠭᠠᠨ ᠲᠠᠢ ᠬᠡᠷ ᠳᠣᠲᠣᠷᠠᠬᠢ ᠪᠠᠭ᠎ᠠ ᠪᠣᠷᠣᠭᠠᠨ ᠲᠠᠢ ᠡᠪᠳᠡᠷᠬᠡᠶ ᠬᠡᠷ ᠠᠴᠠ ᠴᠣᠩᠬᠤ ᠲᠤᠩᠭᠠᠯᠠᠭ ᠲᠣᠮᠣ ᠸᠠᠭᠠᠷ ᠤᠨ ᠬᠡᠷ ᠬᠦᠷᠲᠡᠯ᠎ᠡ᠂ ᠲᠣᠰᠬᠤᠨ ᠤ ᠳᠦᠷᠰᠦ ᠪᠠᠶᠢᠳᠠᠯ ᠥᠩᠭᠡ ᠳᠦᠷᠰᠦ ᠪᠠᠨ ᠬᠤᠪᠢᠷᠠᠭᠤᠯᠵᠠᠶ︔ ᠲᠠᠷᠢᠶ᠎ᠠ ᠲᠠᠷᠢᠬᠤ ᠠᠴᠠ ᠭᠠᠳᠠᠨ᠎ᠠ᠂ ᠲᠩᠷᠢ ᠶᠢᠨ ᠴᠢᠷᠠᠢ ᠶᠢ ᠬᠠᠷᠠᠵᠤ ᠠᠮᠢᠳᠤᠷᠠᠵᠤ ᠪᠠᠶᠢᠭᠰᠠᠨ  ᠠᠴᠠ ᠲᠣᠰᠬᠤᠨ ᠤ ᠦᠬᠡᠷ ᠮᠠᠯᠵᠢᠬᠤ ᠡᠷᠦᠬᠡ ᠳᠤ ᠬᠦᠷᠴᠦ ᠮᠠᠯᠵᠢᠭᠤᠯᠤᠨ ᠥᠰᠬᠡᠵᠦ᠂ ︽ᠦᠬᠡᠷ ᠤᠨ ᠰᠦᠷᠦᠭ  ᠤᠨ ᠳᠠᠭᠤᠤ︾ ᠬᠠᠩᠭᠢᠨᠠᠲᠠᠯ᠎ᠠ ᠳᠠᠭᠤᠯᠠᠪᠠ︔ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠰᠢᠶᠠᠨ᠂ ᠪᠠᠶᠠᠵᠢᠯ  ᠤᠨ ᠵᠠᠮ ᠳᠡᠭᠡᠷᠡᠬᠢ ᠲᠦᠭᠵᠢᠷᠡᠯ ᠠᠴᠠ ᠤᠳᠤ ᠶᠢᠨ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 2 ᠲᠦᠮᠡᠨ ᠲᠥᠭᠦᠷᠢᠭ ᠬᠦᠷᠬᠦ ᠪᠠᠶᠠᠨ ᠴᠢᠨᠡᠭᠡᠯᠢᠭ ᠲᠣᠰᠬᠤᠨ ᠬᠦᠷᠲᠡᠯ᠎ᠡ᠂ ᠲᠦᠴᠢᠦᠸᠠᠨ ᠰᠢᠶᠠᠨ ᠤ ᠵᠢᠦ ᠯᠦᠩ ᠰᠢᠶᠠᠩ ᠤᠨ ᠰᠢᠨ ᠹᠧᠩ ᠲᠣᠰᠬᠤᠨ ᠨᠢ ᠡᠯᠪᠡᠭ ᠪᠠᠶᠠᠯᠢᠭ ᠦᠷ᠎ᠡ ᠪᠦᠲᠦᠭᠡᠯ ᠪᠣᠯᠤᠭᠰᠠᠨ ᠤ ᠬᠤᠪᠢ ᠳᠤ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠭᠤᠤ ᠶᠡᠭᠡ ᠢᠯᠠᠯᠲᠠ ᠶᠢ ᠬᠠᠷᠠᠭᠤᠯᠵᠤ ᠪᠠᠶᠢᠨ᠎ᠠ᠂ ᠭᠤᠤ ᠬᠤᠤ 10 ᠵᠢᠯ ᠨᠠᠮ ᠳᠤ ᠤᠷᠤᠭᠰᠠᠨ ᠵᠢᠯ ᠲᠠᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠭᠰᠠᠨ ᠤ ᠬᠤᠪᠢ ᠳᠤ ᠪᠠᠰᠠ ᠰᠢᠨ ᠹᠧᠩ ᠲᠣᠰᠬᠤᠨ ᠲᠠᠢ ᠬᠠᠮᠲᠤ ᠦᠰᠦᠨ ᠪᠣᠶᠢᠵᠢᠵᠠᠢ  ᠃    ᠴᠡᠷᠢᠭ ᠤᠨ ᠬᠤᠪᠴᠠᠰᠤ ᠪᠠᠨ ᠲᠠᠶᠢᠯᠵᠤ᠂ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ ᠲᠤ ᠭᠠᠷᠪᠠ᠃    ᠴᠡᠷᠢᠭ ᠤᠨ ᠬᠤᠪᠴᠠᠰᠤᠨ ᠤ ᠲᠤᠬᠠᠶ ᠬᠦᠰᠡᠯ ᠮᠥᠷᠥᠭᠡᠳᠦᠯ ᠪᠠ ᠥᠪᠡᠷ ᠤᠨ ᠴᠡᠷᠢᠭ ᠤᠨ ᠠᠪᠠᠭ᠎ᠠ ᠪᠠᠨ ᠪᠢᠰᠢᠷᠡᠨ ᠬᠦᠨᠳᠦᠳᠬᠡᠬᠦ ᠰᠡᠳᠬᠢᠯᠭᠡ ᠪᠠᠷ᠂ 2008 ᠣᠨ ᠳᠤ ᠶᠡᠭᠡ ᠰᠤᠷᠭᠠᠭᠤᠯᠢ ᠪᠠᠨ ᠰᠠᠶ᠋ᠢᠬᠠᠨ ᠲᠡᠭᠦᠰᠬᠡᠭᠰᠡᠨ ᠭᠤᠤ ᠬᠤᠤ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠲᠤ ᠣᠷᠣᠵᠤ᠂ 2010 ᠣᠨ ᠳᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠲᠦᠴᠢᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠣᠷᠣᠵᠤ ᠠᠵᠢᠯᠯᠠᠪᠠ  ᠃ ᠳᠠᠷᠠᠭᠠᠴᠢ ᠶᠢᠨ ᠨᠢᠭᠡ ᠵᠢᠯ ᠳᠤ ᠲᠡᠷᠡ ᠢᠳᠡᠪᠬᠢᠲᠡᠢ ᠠᠵᠢᠯᠯᠠᠵᠤ᠂ ᠵᠢᠩᠬᠢᠨᠢ ᠪᠠᠷ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠵᠠᠢ  ᠃ 2017 ᠣᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢᠳᠡ ᠬᠦᠭ ᠲᠠᠢ ᠶᠠᠪᠤᠭᠳᠠᠵᠤ᠂ ᠭᠤᠤ ᠬᠤᠤ ᠰᠠᠨᠠᠭᠠᠴᠢᠯᠠᠭ᠎ᠠ ᠠᠴᠠ ᠪᠠᠨ ᠰᠢᠨ ᠹᠧᠩ ᠲᠣᠰᠬᠤᠨ ᠳᠤ ᠬᠦᠷᠴᠦ᠂ ᠲᠣᠰᠬᠤᠨ ᠳᠤ ᠰᠠᠭᠤᠭ᠎ᠠ ᠱᠦᠵᠢ ᠪᠣᠯᠵᠠᠢ  ᠃ ᠬᠥᠳᠡᠭᠡ ᠲᠣᠰᠬᠤᠨ ᠠᠴᠠ ᠭᠠᠷᠴᠤ ᠢᠷᠡᠭᠰᠡᠨ ᠲᠡᠷᠡ᠂ ᠶᠠᠳᠠᠭᠤᠷᠠᠯ ᠤᠨ ᠦᠨᠳᠦᠰᠦ  ᠶᠢ ᠦᠭᠲᠡᠭᠡᠬᠦ ᠦᠭᠡᠢ᠂ ᠰᠢᠨ᠎ᠡ ᠵᠠᠮ ᠢᠶᠠᠷ ᠵᠠᠮᠨᠠᠬᠤ ᠦᠭᠡᠢ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠶᠢ ᠶᠠᠷᠢᠬᠤ ᠶᠢᠨ ᠠᠷᠭ᠎ᠠ ᠦᠭᠡᠢ᠂ ᠲᠡᠭᠦᠨ ᠳᠤ ᠬᠠᠷᠢᠶᠠᠯᠠᠭᠳᠠᠬᠤ ᠳᠠᠶᠢᠯᠠᠯᠳᠤᠭᠠᠨ ᠰᠡᠮᠡᠭᠡᠷ ᠡᠬᠢᠯᠡᠪᠡ  ᠃   ᠰᠠᠶ᠋ᠢ ᠲᠣᠰᠬᠤᠨ ᠳᠤ ᠢᠷᠡᠭᠡᠳ 30 ᠨᠠᠰᠤ ᠬᠦᠷᠦᠭᠡ ᠦᠭᠡᠢ᠂ ᠵᠠᠩ ᠠᠭᠠᠰᠢ ᠡᠶᠡᠯᠳᠡᠭ ᠭᠤᠤ ᠬᠤᠤ ᠳᠡᠮᠡᠢ ᠬᠦᠷᠢᠶᠡᠯᠡᠭᠳᠡᠬᠦ ᠦᠭᠡᠢ᠂ ᠲᠣᠰᠬᠤᠨ ᠤ ᠠᠷᠠᠳ ᠪᠦᠷ᠄  ︽ᠡᠨᠡ ᠮᠠᠭᠤ ᠭᠠᠶᠢᠬᠠᠯ ᠪᠠᠰᠠ ᠢᠷᠡᠵᠦ ᠨᠠᠷᠭᠢᠶᠠᠨ ᠨᠡᠮᠡᠨ᠎ᠡ  ᠃ ᠭᠡᠪᠡᠴᠦ 2 ᠰᠠᠷ᠎ᠠ ᠪᠣᠯᠤᠯ ᠦᠭᠡᠢ ᠪᠠᠷ᠂ ᠲᠣᠰᠬᠤᠨ ᠤ ᠠᠷᠠᠳ ᠡᠨᠡᠬᠦ  ︽ᠬᠠᠭᠤᠷᠮᠠᠭ ᠲᠣᠭᠯᠠᠭᠴᠢ  ︾ ᠬᠡᠮᠡᠭᠳᠡᠭᠰᠡᠨ ᠶᠠᠪᠤᠳᠠᠯ ᠢ ᠭᠠᠶᠢᠬᠠᠰᠢ ᠠᠯᠳᠠᠭᠤᠯᠤᠨ᠎ᠠ  ᠃ 49 ᠡᠷᠦᠬᠡ ᠶᠠᠳᠠᠭᠤ ᠶᠢ ᠲᠡᠳᠬᠦᠬᠦ ᠲᠠᠩᠰᠠ ᠡᠪᠬᠡᠮᠡᠯ ᠢ ᠲᠡᠷᠡ ᠤᠳᠠᠭ᠎ᠠ ᠳᠠᠷᠠᠭᠠᠯᠠᠨ ᠬᠢᠨᠠᠨ ᠬᠠᠷᠭᠤᠭᠤᠯᠵᠤ᠂ ᠨᠥᠬᠦᠪᠥᠷᠢᠯᠡᠵᠦ᠂ ᠡᠭᠦᠳᠡᠨ ᠪᠣᠱᠤᠭ᠎ᠠ ᠶᠢ ᠳᠠᠪᠠᠭᠰᠠᠨ ᠴᠤ ᠬᠡᠲᠦᠷᠡᠬᠦ ᠥᠬᠡᠶ ᠭᠡᠵᠦ ᠬᠡᠯᠡᠪᠡ  ᠃ ᠲᠡᠭᠦᠨ ᠤ ᠦᠭᠡ ᠪᠠᠷ ᠬᠡᠯᠡᠪᠡᠯ᠄ ︽ᠲᠠᠩᠰᠠ ᠪᠠᠶᠢᠭᠤᠯᠬᠤ ᠪᠣᠯ ᠨᠢᠭᠡᠳᠦᠭᠡᠷ ᠲᠣᠪᠴᠢ ᠪᠠᠨ ᠰᠠᠶᠢᠲᠤᠷ ᠲᠣᠪᠴᠢᠯᠠᠬᠤ ᠶᠠᠪᠤᠳᠠᠯ ᠪᠣᠯᠤᠨ᠎ᠠ᠂ ᠡᠰᠡ ᠲᠡᠭᠡᠪᠡᠯ ᠬᠡᠷ ᠲᠡᠭᠡᠨ ᠰᠠᠭᠤᠵᠤ ᠪᠠᠶᠢᠭᠠᠳ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠲᠤᠬᠠᠢ ᠬᠠᠮᠢᠭ᠎ᠠ ᠠᠴᠠ ᠡᠬᠢᠯᠡᠵᠦ ᠶᠠᠷᠢᠬᠤ ᠪᠤᠢ  ᠃ ᠲᠣᠰᠬᠤᠨ ᠤ ᠦᠬᠡᠷ ᠮᠠᠯᠵᠢᠬᠤ ᠡᠷᠦᠬᠡ ᠶᠢ ᠪᠣᠶᠢᠵᠢᠭᠤᠯᠬᠤ ᠪᠣᠯ ᠲᠡᠷᠡ ᠪᠣᠯᠤᠨ ︽ᠬᠤᠶᠠᠷ ᠵᠥᠪᠯᠡᠯ︾ ᠤᠨ ᠪᠠᠭ ᠤᠨ ᠭᠤᠤᠯᠯᠠᠨ ᠠᠳᠬᠤᠵᠤ ᠪᠠᠶᠢᠭ᠎ᠠ ᠶᠡᠭᠡ ᠶᠠᠪᠤᠳᠠᠯ ᠮᠥᠨ᠂ ᠲᠥᠬᠦᠮ ᠢᠶᠠᠷ ᠬᠡᠯᠡᠪᠡᠯ᠂ ᠲᠣᠰᠬᠤᠨ ᠨᠡᠶᠢᠲᠡ ᠠᠴᠠ ᠬᠠᠮᠲᠤ ᠪᠠᠷ ᠪᠠᠯᠠ ᠭᠠᠷᠭᠠᠵᠤ ᠰᠠᠭᠤᠷᠢ ᠦᠨᠢᠶ᠎ᠡ ᠬᠤᠳᠠᠯᠳᠤᠨ ᠠᠪᠴᠤ᠂  ︽ᠦᠷᠭᠦᠯᠵᠢᠯᠡᠨ ᠪᠠᠶᠠᠵᠢᠯ ᠢ ᠳᠠᠶᠢᠴᠢᠯᠠᠬᠤ︾ ᠠᠷᠭ᠎ᠠ ᠮᠠᠶ᠋ᠢᠭ ᠢᠶᠠᠷ ᠲᠡᠵᠢᠭᠡᠨ ᠦᠷᠡᠵᠢᠭᠦᠯᠬᠦ ᠴᠢᠳᠠᠪᠤᠷᠢ ᠲᠠᠢ ᠲᠣᠰᠬᠤᠨ ᠤ ᠠᠷᠠᠳ ᠤᠨ ᠬᠡᠷ ᠲᠤ ᠲᠡᠵᠢᠭᠡᠯᠭᠡᠵᠦ᠂ ᠭᠤᠷᠪᠠᠨ ᠵᠢᠯ ᠪᠦᠷᠢ ᠶᠢ ᠨᠢᠭᠡ ᠦᠶᠡᠯᠡᠯ ᠤᠨ ᠬᠤᠭᠤᠴᠠᠭ᠎ᠠ ᠪᠣᠯᠭᠠᠪᠠ᠂ ᠡᠨᠡ ᠬᠦ ᠰᠢᠨ᠎ᠡ ᠶᠢ ᠡᠭᠦᠳᠦᠭᠰᠡᠨ ᠠᠷᠭ᠎ᠠ ᠬᠢᠳᠡᠯ ᠨᠢ ᠲᠤᠬᠠᠶ ᠶᠢᠨ ᠦᠶ᠎ᠡ ᠶᠢᠨ ᠮᠠᠰᠢ ᠣᠯᠠᠨ ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠲᠡᠭᠡᠪᠡ  ᠃    62 ᠨᠠᠰᠤᠲᠠᠢ ᠰᠢᠨ ᠹᠧᠩ ᠲᠣᠰᠬᠤᠨ ᠤ ᠠᠷᠠᠳ ᠭᠤᠤ ᠶᠦᠩ ᠴᠧᠩ ᠤᠨ ᠪᠡᠶ᠎ᠡ ᠨᠢ ᠮᠠᠭᠤ᠂ ᠶᠠᠳᠠᠭᠤ ᠠᠴᠠ ᠠᠩᠭᠢᠵᠢᠷᠠᠭᠰᠠᠨ ᠤ ᠳᠠᠷᠠᠭ᠎ᠠ᠂ ᠭᠤᠤ ᠬᠤᠤ ᠴᠤ ᠲᠡᠭᠦᠨ ᠢ ᠢᠮᠠᠭᠲᠠ ᠰᠡᠳᠬᠢᠯ ᠳᠡᠭᠡᠨ ᠪᠤᠳᠤᠵᠤ ᠪᠠᠶᠢᠯ᠎ᠠ  ᠃ ᠨᠢᠳᠤᠨᠤᠨ ᠤ 7 ᠰᠠᠷ᠎ᠠ ᠳᠤ᠂ ᠭᠤᠤ ᠬᠤᠤ ᠲᠣᠰᠬᠤᠨ ᠤ ᠲᠤᠰᠬᠠᠶ ᠪᠡᠯᠡ ᠮᠥᠩᠭᠦ ᠶᠢ ᠭᠤᠶᠤᠴᠢᠯᠠᠵᠤ ᠲᠡᠭᠦᠨ ᠳᠤ ᠦᠬᠡᠷ ᠤᠨ ᠠᠵᠤ ᠦᠶᠯᠡᠰ ᠪᠠᠶᠢᠭᠤᠯᠵᠤ ᠥᠭᠴᠡᠶ  ᠃ ᠠᠩᠭᠧᠰ ᠦᠬᠡᠷ ᠡᠭᠦᠨ ᠠᠴᠠ ᠡᠬᠢᠯᠡᠨ ᠭᠤᠤ ᠶᠦᠩ ᠴᠧᠩ  ᠤᠨ ᠭᠡᠷ ᠤᠨ ᠡᠷᠳᠡᠨᠢ ᠪᠣᠯᠵᠠᠶ᠂ ᠭᠤᠤ ᠬᠤᠤ ᠨᠠᠩ ᠴᠤ ᠴᠠᠭ ᠢᠮᠠᠭᠲᠠ ᠠᠩᠬᠠᠷᠴᠤ᠂ ᠠᠯᠬᠤᠵᠤ ᠥᠩᠭᠡᠷᠡᠬᠦ ᠳᠡᠭᠡᠨ ᠪᠠᠰᠠ ᠡᠳᠡᠭᠡᠷ ᠦᠬᠡᠷ ᠢ ᠦᠵᠡᠬᠦ ᠬᠡᠷᠡᠭᠲᠡᠶ  ᠃ ᠲᠦᠷᠦᠭᠦᠦ ᠬᠤᠶᠠᠷ ᠡᠳᠦᠷ ᠭᠤᠤ ᠭᠤᠸᠠᠶ ᠲᠠᠪᠤᠨ ᠲᠤᠭᠤᠯ ᠬᠤᠳᠠᠯᠳᠤᠵᠤ᠂ 53000 ᠲᠥᠭᠦᠷᠢᠭ ᠤᠨ ᠣᠷᠣᠯᠭ᠎ᠠ ᠣᠯᠵᠠᠶ  ᠃ ᠤᠳᠤ ᠦᠬᠡᠷ ᠤᠨ ᠬᠠᠰᠢᠶᠠᠨ ᠳᠤ ᠪᠠᠨ ᠰᠡᠭᠦᠳᠡᠷᠯᠡᠬᠦ ᠮᠠᠰᠢᠨ ᠤᠭᠰᠠᠷᠠᠵᠤ᠂ ᠳᠡᠯᠭᠡᠴᠡ ᠶᠢᠨ ᠡᠮᠦᠨ᠎ᠡ ᠰᠠᠭᠤᠵᠤ ᠪᠠᠶᠢᠨ᠎ᠠ᠂ ᠥᠨᠳᠥᠷ ᠨᠠᠰᠤᠲᠠᠨ ᠦᠵᠡᠪᠡᠯ ᠮᠡᠳᠡᠴᠢᠬᠡᠨ᠎ᠡ  ᠃ ᠰᠤᠷᠪᠤᠯᠵᠢᠯᠠᠭᠴᠢ ᠭᠤᠤ ᠭᠤᠸᠠᠶ ᠲᠠᠢ ᠵᠣᠭᠤᠭᠳᠠᠵᠤ ᠪᠠᠶᠢᠬᠤ ᠳᠤ ᠭᠤᠤ ᠬᠤᠤ ᠦᠬᠡᠷ ᠤᠨ ᠬᠠᠰᠢᠶ᠎ᠠ ᠪᠠᠨ ᠨᠢᠭᠡ ᠲᠣᠭᠤᠷᠢᠭᠠᠳ ᠦᠵᠡᠪᠡᠯ ᠦᠬᠡᠷ ᠤᠨ ᠪᠠᠶᠢᠳᠠᠯ ᠢ ᠲᠡᠷᠡ ᠮᠠᠷᠲᠠᠴᠢᠬᠠᠨ᠎ᠠ᠃ ᠭᠤᠤ ᠬᠤᠤ᠄  ︽ᠲᠣᠰᠬᠤᠨ ᠤ ᠬᠥᠮᠦᠰ ᠡᠷᠬᠡᠪᠰᠢ ᠲᠡᠭᠦᠨ ᠳᠤ ᠲᠤᠬᠢᠷᠠᠨ᠎ᠠ᠂ ᠪᠢᠳᠡ ᠲᠠᠬᠢᠨ ᠲᠡᠳᠡᠨ ᠢ ᠬᠠᠪᠰᠤᠷᠤᠨ ᠭᠠᠷᠬᠤ ᠵᠠᠮ ᠲᠥᠯᠥᠪᠯᠡᠵᠦ᠂ ᠲᠣᠰᠬᠤᠨ ᠤ ᠠᠷᠠᠳ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠨᠢ ᠶᠠᠭᠤᠨ ᠠᠴᠠ ᠴᠤ ᠴᠢᠬᠤᠯᠠ ᠶᠤᠮ  ᠃  ︾    ᠭᠤᠤ ᠬᠤᠤ ᠢᠷᠡᠭᠰᠡᠨ 4 ᠵᠢᠯ ᠤᠨ ᠬᠤᠭᠤᠴᠠᠭᠠᠨ ᠳᠤ᠂ ᠠᠷᠠᠳ ᠢᠷᠭᠡᠳ ᠤᠨ ᠤᠷᠤᠯᠭ᠎ᠠ ᠨᠢ ᠨᠡᠮᠡᠭᠳᠡᠵᠤ᠂ ᠲᠣᠰᠬᠤᠨ ᠤ ᠬᠠᠮᠲᠤ ᠶᠢᠨ ᠠᠵᠤ ᠠᠬᠤᠢ ᠴᠤ ᠲᠠᠰᠤᠷᠠᠯᠲᠠ ᠦᠭᠡᠢ ᠲᠡᠭᠦᠯᠳᠡᠷᠵᠢᠵᠦ᠂ ᠰᠢᠨ᠎ᠡ ᠪᠠᠷ ᠨᠡᠮᠡᠭᠳᠡᠭᠰᠡᠨ ᠲᠦᠷᠦᠯ ᠵᠦᠢᠯ ᠤᠨ ᠪᠡᠯᠡ ᠮᠥᠩᠭᠦ 400 ᠭᠠᠷᠤᠢ ᠲᠦᠮᠡᠨ ᠲᠥᠭᠦᠷᠢᠭ ᠲᠤ ᠬᠦᠷᠴᠦ᠂ 1 . 4 ᠺᠢᠯᠤᠮᠧᠲᠷ ᠱᠦᠢᠨᠢ ᠵᠠᠮ ᠢ ᠰᠢᠨ᠎ᠡ ᠪᠠᠷ ᠵᠠᠰᠠᠵᠤ᠂ 23 ᠬᠤᠭ ᠨᠣᠪᠰᠢ ᠰᠢᠢᠳᠪᠦᠷᠢᠯᠡᠬᠦ ᠴᠡᠭ ᠢ ᠰᠢᠨ᠎ᠡ ᠪᠠᠷ ᠪᠠᠶᠢᠭᠤᠯᠪᠠ  ᠃ ᠠᠷᠠᠳ ᠤᠨ ᠲᠥᠯᠥᠭᠡ ᠬᠡᠷᠡᠭᠯᠡᠵᠦ᠂ ᠭᠤᠤ ᠬᠤᠤ ᠪᠣᠯᠤᠨ ︽ᠬᠤᠶᠠᠷ ᠵᠥᠪᠯᠡᠯ  ︾ ᠤᠨ ᠪᠠᠭ ᠬᠠᠮᠲᠤ ᠪᠠᠷ ᠵᠥᠪᠳᠡᠯᠴᠡᠵᠦ ᠪᠠᠶᠢᠭᠠᠳ ᠲᠣᠰᠬᠤᠨ ᠤ ᠬᠠᠮᠲᠤ ᠶᠢᠨ ᠠᠰᠢᠭ ᠣᠷᠣᠯᠭ᠎ᠠ ᠶᠢᠨ 60 % ᠪᠠᠷ ᠲᠣᠰᠬᠤᠨ ᠤ ᠠᠷᠠᠳ  ᠲᠤ ᠨᠡᠶᠢᠭᠡᠮ ᠤᠨ ᠳᠠᠭᠠᠳᠬᠠᠯ ᠪᠣᠯᠤᠨ ᠡᠮ ᠡᠮᠨᠡᠯᠭᠡ ᠶᠢᠨ ᠳᠠᠭᠠᠳᠬᠠᠯ ᠲᠤᠰᠢᠶᠠᠵᠤ ᠥᠭᠴᠡᠢ  ᠃ ᠠᠵᠢᠯ ᠤᠨ ᠴᠢᠯᠥᠭᠡᠨ ᠳᠡᠭᠡᠨ ᠭᠤᠤ ᠬᠤᠤ ᠨᠠᠮ ᠤᠨ ᠭᠡᠰᠢᠭᠦᠨ ᠪᠣᠯᠤᠨ ᠤᠯᠠᠨ ᠲᠦᠮᠡᠨ ᠤ ᠵᠢᠭᠠᠰᠤ ᠤᠰᠤᠨ ᠤ ᠬᠠᠷᠢᠴᠠᠭ᠎ᠠ ᠶᠢ ᠶᠡᠷᠦ ᠠᠴᠠ ᠮᠠᠷᠲᠠᠭᠰᠠᠨ ᠦᠭᠡᠢ  ᠃   83 ᠨᠠᠰᠤᠲᠠᠢ ᠰᠢᠨ ᠹᠧᠩ ᠲᠣᠰᠬᠤᠨ ᠤ ᠠᠷᠠᠳ ᠨᠢᠦ ᠶᠦᠩ ᠵᠧᠨ ᠤ ᠭᠡᠷ ᠲᠤ ᠬᠦᠷᠬᠦ ᠳᠤ᠂ ᠭᠤᠤ ᠬᠤᠤ ᠡᠭᠦᠳᠡ ᠪᠠᠨ ᠨᠡᠭᠡᠭᠡᠵᠦ ᠰᠢᠨ᠎ᠡ ᠲᠦᠷᠦᠭᠰᠡᠨ ᠨᠤᠭᠤᠰᠤ ᠪᠠᠨ ᠬᠠᠷᠠᠭᠠᠳ ᠶᠠᠭ ᠥᠪᠡᠷ ᠤᠨ ᠭᠡᠷ ᠲᠡᠭᠡᠨ ᠢᠷᠡᠭᠰᠡᠨ ᠰᠢᠭ ᠣᠷᠣᠵᠤ ᠢᠷᠡᠪᠡ᠂ ᠨᠠᠰᠤᠲᠠᠨ᠄  ︽ᠣᠷᠴᠢᠮ ᠴᠢ ᠶᠠᠭᠠᠷᠠᠭᠠᠳ ᠮᠢᠨᠦ ᠠᠳᠡ ᠢᠷᠡᠬᠦ ᠴᠠᠭ ᠦᠭᠡᠢ ᠪᠣᠯᠵᠠᠢ  ᠃ ᠳᠠᠬᠢᠭᠠᠳ ᠲᠡᠭᠦᠨ ᠤ ᠡᠭᠦᠳᠡᠨ ᠬᠠᠵᠠᠭᠤ ᠳᠤ ᠬᠦᠷᠴᠦ ᠣᠷᠣᠯᠳᠤᠬᠤ ᠶᠢ ᠦᠵᠡᠭᠡᠳ ᠭᠡᠨᠡᠳᠲᠡ᠄  ︽ᠡᠨᠡ ᠶᠠᠭᠠᠬᠢᠭᠠᠳ ᠨᠢᠭᠡ ᠱᠤᠷᠠᠭ ᠳᠤᠲᠠᠵᠤ  ᠪᠠᠶᠢᠬᠤ ᠪᠤᠢ᠂ ᠲᠡᠷᠡ ᠡᠭᠦᠳᠡ ᠤᠨᠠᠬᠤ ᠭᠡᠵᠦ ᠪᠠᠶᠭ᠎ᠠ ᠪᠢᠰᠢ ᠤᠤ︕  ︾  ᠭᠡᠳ ᠥᠪᠡᠷᠲᠡᠭᠡᠨ ᠵᠠᠰᠠᠵᠤ ᠡᠬᠢᠯᠡᠪᠡ  ᠃   ᠨᠠᠰᠤᠲᠠᠨ ᠭᠠᠭᠴᠠᠭᠠᠷ ᠰᠠᠭᠤᠵᠤ᠂ ᠨᠢᠳᠦ ᠨᠢ ᠮᠠᠭᠤ᠂ ᠭᠤᠤ ᠬᠤᠤ ᠠᠩᠬ᠎ᠠ ᠢᠷᠡᠬᠦ ᠳᠤ ᠮᠡᠳᠡᠵᠦ ᠪᠠᠶᠢᠭᠰᠠᠨ᠂ ᠬᠡᠲᠦ ᠬᠤᠨᠣᠪᠠᠯ ᠲᠡᠷᠡ ᠨᠠᠰᠤᠲᠠᠨ ᠢ ᠦᠵᠡᠬᠦ ᠪᠠᠷ ᠢᠷᠡᠨ᠎ᠡ  ᠃ 《 ᠪᠢ ᠪᠣᠯ ᠨᠠᠮ ᠤᠨ ᠭᠡᠰᠢᠭᠦᠨ᠂ ᠤᠯᠠᠨ ᠲᠦᠮᠡᠨ ᠤ ᠲᠥᠯᠥᠭᠡ ᠠᠵᠢᠯᠯᠠᠬᠤ ᠨᠢ ᠵᠦᠢ ᠶᠣᠰᠣᠨ ᠤ ᠬᠡᠷᠡᠭ  ᠃ ᠰᠠᠨᠠᠭᠠᠴᠢᠯᠠᠭ᠎ᠠ ᠠᠴᠠ ᠪᠠᠨ ᠠᠰᠠᠭᠤᠵᠤ᠂ ᠪᠣᠳᠣᠵᠤ᠂ ᠬᠢᠵᠦ᠂ ᠬᠠᠶᠢᠷ᠎ᠠ ᠰᠡᠳᠬᠢᠯᠭᠡ ᠪᠠᠷ ᠠᠵᠢᠯ ᠢᠶᠠᠨ ᠠᠬᠢᠭᠤᠯᠵᠤ᠂ ᠠᠵᠢᠯ ᠢᠶᠠᠷ ᠬᠠᠶᠢᠷ᠎ᠠ ᠰᠡᠳᠬᠢᠯᠭᠡ ᠪᠠᠨ ᠪᠠᠲᠤᠯᠠᠬᠤ ᠬᠡᠷᠡᠭᠲᠡᠶ  ᠃ ᠭᠤᠤ ᠬᠤᠤ ᠰᠤᠯᠠᠬᠠᠨ ᠬᠡᠯᠡᠪᠡ  ᠃ ᠲᠣᠰᠬᠤᠨ ᠤ ᠠᠷᠠᠳ ᠤᠢᠢᠷ᠎ᠠ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠭᠦᠰ ᠠᠮᠵᠢᠯᠲᠠ ᠲᠠᠢ ᠳᠠᠭᠤᠰᠤᠭᠰᠠᠨ ᠢ ᠦᠷᠭᠦᠯᠵᠢ ᠰᠤᠷᠠᠭᠯᠠᠵᠤ ᠪᠠᠶᠢᠯ᠎ᠠ᠂ ᠲᠡᠷᠡ ᠶᠠᠪᠤᠬᠤ ᠪᠣᠯᠤᠯ᠎ᠠ ᠪᠢᠵᠡ ᠲᠡᠷᠡ᠄ 《 ᠪᠠᠰᠠ ᠮᠠᠰᠢ ᠤᠯᠠᠨ ᠶᠠᠪᠤᠳᠠᠯ ᠢ ᠪᠢ ᠬᠢᠬᠦ ᠴᠢᠬᠤᠯᠠᠲᠠᠢ ᠪᠠᠶᠢᠨ᠎ᠠ᠂ ᠶᠠᠭᠠᠬᠢᠭᠠᠳ ᠠᠵᠢᠯ ᠢᠶᠠᠨ ᠬᠠᠶᠠᠬᠤ ᠪᠤᠢ  ᠃ 》   ᠰᠢᠨ ᠹᠧᠩ ᠲᠣᠰᠬᠤᠨ ᠠᠴᠠ ᠲᠦᠴᠢᠦᠸᠠᠨ ᠰᠢᠶᠠᠨ ᠬᠦᠷᠲᠡᠯ᠎ᠡ ᠪᠠᠷᠤᠭ 40 ᠺᠢᠯᠤᠮᠧᠲᠷ ᠪᠤᠢ᠂ ᠤᠳᠠᠭ᠎ᠠ ᠪᠦᠷᠢ ᠰᠢᠶᠠᠨ ᠳᠤ ᠬᠦᠷᠴᠦ ᠤᠴᠢᠷ ᠶᠠᠪᠤᠳᠠᠯ ᠰᠢᠢᠳᠪᠦᠷᠢᠯᠡᠬᠦ ᠪᠦᠷᠢ ᠭᠤᠤ ᠬᠤᠤ ᠰᠠᠶ᠋ᠢ ᠵᠠᠮ ᠳᠠᠭᠠᠤ ᠭᠡᠷ ᠲᠡᠭᠡᠨ ᠬᠠᠷᠢᠵᠤ ᠂ ᠡᠬᠡᠨᠡᠷ ᠬᠡᠦᠬᠡᠳ ᠨᠢ ᠠᠯᠢ ᠡᠷᠲᠡ ᠳᠠᠳᠴᠠᠢ  ᠃ 《 ᠵᠠᠷᠢᠮ ᠳᠠᠭᠠᠨ ᠡᠶᠢᠮᠦ ᠪᠠᠶᠢᠳᠠᠭ᠂  ᠠᠵᠢᠯ ᠭᠡᠷ ᠪᠦᠯᠢ ᠶᠢ ᠬᠠᠮᠲᠤ ᠳᠤᠨᠢ ᠬᠠᠷᠠᠭᠠᠯᠵᠠᠵᠤ ᠪᠣᠯᠬᠤ ᠦᠭᠡᠢ  ᠃ ᠭᠡᠪᠡᠴᠦ ᠪᠢ ᠪᠣᠯ ᠨᠠᠮ ᠤᠨ ᠭᠡᠰᠢᠭᠦᠨ᠂ ᠠᠮᠵᠢᠯᠲᠠ ᠠᠨᠤ ᠭᠠᠭᠴᠠ ᠮᠢᠨᠦ ᠭᠠᠪᠢᠶ᠎ᠠ ᠪᠤᠰᠤ᠂ ᠠᠮᠵᠢᠯᠲᠠ ᠠᠨᠤ ᠯᠠᠪ  ᠪᠢ ᠪᠠᠶᠢᠨ᠎ᠠ︕ ᠭᠤᠤ ᠬᠤᠤ ᠡᠷᠡᠰ ᠰᠢᠭᠤᠷᠬᠠᠢ ᠬᠡᠯᠡᠪᠡ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号