ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 24 ᠤ ᠴᠠᠬᠢᠯᠭᠠᠨ ᠮᠡᠳᠡᠭᠡ 9 ᠰᠠᠷ᠎ᠠ ᠶᠢᠨ 24 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ | ᠸᠢᠳᠢᠣ᠋ ᠪᠠᠷ ᠪᠠᠶᠠᠷ ᠬᠦᠷᠭᠡᠪᠡ᠃ | ᠰᠢ ᠶᠢᠨ ᠫᠢᠩ᠂ ᠣᠳᠣᠬᠠᠨ ᠳᠤ ᠳᠡᠯᠡᠬᠡᠶ ᠶᠢᠷᠳᠢᠨᠴᠤ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ | ᠬᠤᠪᠢᠰᠤᠯᠲᠠ ᠲᠦᠷᠭᠡᠳᠤᠨ ᠬᠥᠭᠵᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ | ᠥᠷᠭᠡᠨ ᠳᠡᠯᠭᠡᠷ ᠠᠯᠤᠰ ᠬᠡᠲᠦ ᠶᠢᠨ ᠪᠠᠶᠢᠵᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠬᠦᠨᠳᠦ ᠨᠣᠴᠢᠲᠠᠶ | ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠳᠡᠯᠡᠬᠡᠶ ᠶᠢᠨ ᠡᠯ᠎ᠡ ᠤᠯᠤᠰ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠭᠡᠭᠡᠯᠲᠡ ᠬᠠᠮᠲᠤᠷᠠᠯᠴᠠᠭ᠎ᠠ ᠶᠢ ᠨᠠᠩ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠳᠡᠮᠵᠢᠨ ᠪᠥᠬᠦ ᠪᠥᠮᠪᠥᠷᠴᠡᠭ ᠤᠨ ᠴᠢᠨᠠᠷᠲᠠᠶ ᠴᠢᠬᠤᠯᠠ ᠠᠰᠠᠭᠤᠳᠠᠯ ᠢ ᠰᠢᠢᠳᠪᠦᠷᠢᠯᠡᠬᠦ | ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠴᠠᠭ ᠦᠶ᠎ᠡ ᠶᠢᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ | ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠬᠠᠮᠲᠤ ᠪᠠᠷ | ᠠᠬᠢᠭᠤᠯᠬᠤ ᠴᠢᠬᠤᠯᠠᠳᠠᠢ ᠪᠠᠶᠢᠨ᠎ᠠ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠬᠥᠭᠵᠢᠭᠦᠯᠬᠦ ᠳᠤ ᠡᠷᠬᠡᠪᠰᠢ ᠪᠦᠬᠦ ᠪᠥᠮᠪᠥᠷᠴᠡᠭ ᠤᠨ ᠬᠠᠷᠠᠭᠠᠰᠤ ᠠᠴᠠ ᠴᠠᠭ ᠦᠶ᠎ᠡ ᠶᠢᠨ ᠬᠠᠨᠳᠤᠰᠢ ᠶᠢ ᠡᠵᠡᠮᠳᠡᠵᠦ᠂ | ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠰᠢᠨ᠎ᠡ ᠱᠠᠭᠠᠷᠳᠠᠯᠭ᠎ᠠ ᠶᠢ ᠴᠢᠩᠭ᠎ᠠ ᠡᠵᠡᠮᠳᠡᠬᠦ | ᠬᠡᠷᠡᠭᠲᠡᠢ᠃ ᠳᠤᠮᠳᠠᠳᠤ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠠᠮᠵᠢᠯᠴᠠᠭ᠎ᠠ ᠶᠢ ᠠᠬᠢᠭᠤᠯᠬᠤ ᠪᠠᠷ ᠴᠢᠷᠮᠠᠶᠢᠵᠤ᠂ ᠨᠡᠩ ᠨᠡᠭᠡᠭᠡᠯᠲᠡᠲᠦ ᠣᠪᠣᠷ ᠢᠶᠠᠷ ᠤᠯᠠᠨ ᠤᠯᠤᠰ ᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠰᠢᠨ᠎ᠡ ᠶᠢ | ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠣᠷᠣᠯᠴᠠᠵᠤ᠂ ᠰᠠᠭᠤᠷᠢ ᠰᠤᠳᠤᠯᠭᠠᠨ ᠢ ᠬᠠᠮᠲᠤ ᠪᠠᠷ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠠᠵᠤ | ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠵᠤ᠂ ᠮᠡᠳᠡᠯᠭᠡ ᠶᠢᠨ ᠥᠮᠴᠢᠯᠡᠯ ᠤᠨ | ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠠᠶᠢᠨ ᠶᠠᠪᠤᠳᠠᠯ ᠳᠤ ᠦᠢᠯᠡᠴᠢᠯᠡᠭᠦᠯᠬᠦ ᠣᠶᠢᠯᠠᠭᠠᠭᠳᠠᠬᠤᠨ ᠢ ᠪᠤᠢ | ᠪᠣᠯᠭᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠶᠢ ᠲᠡᠭᠦᠯᠳᠡᠷᠵᠢᠭᠦᠯᠵᠦ᠂ | ᠬᠦᠮᠦᠨ ᠲᠦᠷᠦᠯᠬᠢᠳᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠤ ᠴᠢᠬᠤᠯᠠᠴᠢᠯᠠᠵᠠᠢ᠃ | ᠰᠢ ᠶᠢᠨ ᠫᠢᠩ᠂ ᠵᠦᠩ ᠭᠤᠸᠠᠨ ᠼᠦᠨ ᠪᠣᠯ ᠳᠤᠮᠳᠠᠳᠤ ᠤᠯᠤᠰ ᠤᠨ ᠠᠩᠬᠠᠳᠠᠭᠴᠢ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠤᠨ᠎ᠠ᠂ ᠵᠦᠩ ᠭᠤᠸᠠᠨ ᠼᠦᠨ ᠤ | ᠶᠠᠷᠢᠶᠠᠨ ᠤ ᠲᠠᠪᠴᠠᠩ ᠪᠣᠯ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠳᠤ ᠬᠠᠨᠳᠤᠭᠤᠯᠤᠭᠰᠠᠨ ᠤᠯᠤᠰ ᠤᠨ ᠲᠡᠰ ᠤᠨ ᠲᠠᠪᠴᠠᠩ ᠪᠣᠯᠤᠨ᠎ᠠ᠃ | ᠳᠤᠮᠳᠠᠳᠤ ᠤᠯᠤᠰ ᠵᠦᠩ ᠭᠤᠸᠠᠨ ᠼᠦᠨ ᠤ ᠰᠢᠨ᠎ᠡ ᠨᠢᠭᠡᠨ ᠡᠭᠡᠯᠵᠢ ᠶᠢᠨ ᠤᠷᠢᠳ ᠢᠶᠠᠷ ᠬᠢᠵᠦ ᠤᠷᠢᠳ ᠢᠶᠠᠷ | ᠲᠤᠷᠰᠢᠬᠤ ᠥᠭᠡᠷᠡᠴᠢᠯᠡᠯᠲᠡ ᠬᠢᠵᠤ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠬᠦ ᠶᠢ ᠳᠡᠮᠵᠢᠨ᠎ᠠ ᠭᠡᠵᠤ ᠴᠢᠬᠤᠯᠠᠴᠢᠯᠠᠵᠠᠢ᠃ | 2021 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ ᠡᠬᠢᠯᠡᠵᠦ᠂ ︽ | ᠤᠶᠤᠨ ᠤᠬᠠᠭᠠᠨ · ᠡᠷᠡᠭᠦᠯ ᠮᠠᠨᠳᠤ · ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠷ ᠭᠤᠣᠯ ᠰᠡᠳᠦᠪ | ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ | ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠡᠭᠡᠵᠢᠩ | ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠪᠡ᠃ | | |