ᠲᠦᠴᠢᠦᠸᠠᠨ ᠰᠢᠶᠠᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠵᠢᠴᠢ ᠲᠦᠴᠢᠦᠸᠠᠨ ᠰᠢᠶᠠᠨ ᠤ ᠰᠣᠩᠭᠤᠭᠤᠯᠢ ᠶᠢᠨ ᠵᠥᠪᠯᠡᠯ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/26
      9 ᠰᠠᠷ᠎ᠠ ᠶᠢᠨ 24 ᠤ ᠡᠳᠦᠷ᠂ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ᠃ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠭᠤᠸᠠᠨ ᠯᠢ ᠴᠦᠨ᠂ ᠴᠧᠨ ᠭᠦᠸᠧ ᠮᠢᠩ᠂ ᠼᠤᠤ ᠶᠦᠩ ᠰᠢᠨ᠂ ᠯᠠᠨ ᠰᠢᠶᠠᠨ ᠹᠧᠩ᠂ ᠴᠢᠦᠶ ᠲᠦᠩ ᠨᠢᠶᠠᠨ ᠵᠢᠴᠢ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
      ᠬᠤᠷᠠᠯ ᠠᠴᠠ ᠲᠦᠴᠢᠦᠸᠠᠨ ᠰᠢᠶᠠᠨ ᠤ ᠰᠣᠩᠭᠤᠭᠤᠯᠢ ᠶᠢᠨ ᠵᠥᠪᠯᠡᠯ ᠪᠣᠯᠤᠨ ᠡᠯ᠎ᠡ ᠰᠢᠶᠠᠩ ᠪᠠᠯᠭᠠᠰᠤᠨ ᠤ ᠰᠣᠩᠭᠤᠭᠤᠯᠢ ᠶᠢᠨ ᠵᠥᠪᠯᠡᠯ ᠤᠨ ᠪᠦᠷᠢᠯᠳᠦᠬᠦᠨ ᠢ ᠬᠢᠨᠠᠨ ᠵᠥᠪᠯᠡᠵᠦ ᠲᠣᠮᠢᠯᠠᠪᠠ᠃ ᠳᠠᠷᠠᠭ᠎ᠠ ᠨᠢ᠂ ᠰᠢᠶᠠᠨ ᠤ ᠰᠣᠩᠭᠤᠭᠤᠯᠢ ᠶᠢᠨ ᠵᠥᠪᠯᠡᠯ ᠤᠨ ᠡᠷᠬᠢᠯᠡᠭᠴᠢ ᠭᠤᠸᠠᠨ ᠯᠢ ᠴᠦᠨ ᠲᠦᠴᠢᠦᠸᠠᠨ ᠰᠢᠶᠠᠨ ᠤ ᠰᠣᠩᠭᠤᠭᠤᠯᠢ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠨᠢᠩ ᠬᠠᠶ ᠶᠠᠨ᠂ ᠸᠠᠩ  ᠸᠧᠨ ᠭᠧ ᠬᠤᠷᠠᠯ ᠳᠤ ᠣᠷᠣᠯᠴᠠᠪᠠ᠃
      ᠬᠤᠷᠠᠯ ᠠᠴᠠ ᠰᠢᠶᠠᠨ ᠰᠢᠶᠠᠩ ᠬᠤᠶᠠᠷ ᠱᠠᠲᠤᠨ ᠤ ᠰᠣᠩᠭᠤᠭᠤᠯᠢ ᠶᠢᠨ ᠵᠥᠪᠯᠡᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮᠵᠢᠯᠠᠵᠤ᠂ ︽ᠲᠦᠴᠢᠦᠸᠠᠨ ᠰᠢᠶᠠᠨ ᠪᠣᠯᠤᠨ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠲᠥᠰᠦᠯ︶᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠲᠦᠴᠡ ᠶᠢ ᠬᠤᠪᠢᠶᠠᠷᠢᠯᠠᠬᠤ ᠲᠥᠰᠦᠯ ︵ᠲᠥᠰᠦᠯ︶᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠣᠷᠣᠨ ᠲᠤᠭ᠎ᠠ ᠶᠢ ᠬᠤᠪᠢᠶᠠᠷᠢᠯᠠᠬᠤ ᠪᠠ ᠰᠣᠩᠭᠤᠭᠤᠯᠢ ᠶᠢᠨ ᠲᠣᠭᠤᠷᠢᠭ ᠬᠤᠪᠢᠶᠠᠬᠤ ᠲᠥᠰᠦᠯ ︵ᠲᠥᠰᠦᠯ︶ ᠢ ᠰᠣᠨᠣᠰᠴᠤ ᠬᠢᠨᠠᠨ ᠵᠥᠪᠯᠡᠵᠡᠢ᠃
      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠶ ᠃ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ᠂ ᠨᠡᠩ ᠥᠷᠭᠡᠨ ᠳᠡᠯᠭᠡᠷ ᠤᠬᠠᠭᠤᠯᠤᠨ ᠳᠠᠶᠢᠴᠢᠯᠠᠬᠤ᠂ ᠨᠡᠩ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠬᠤ᠂ ᠨᠡᠩ ᠪᠦᠲᠦᠮᠵᠢᠲᠡᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ ᠳᠠᠮᠵᠢᠭᠤᠯᠤᠨ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠡᠮᠬᠢ ᠵᠢᠷᠤᠮ ᠲᠠᠢ᠂ ᠡᠷᠡᠭᠦᠯ᠂ ᠲᠣᠭᠲᠠᠭᠤᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠰᠣᠩᠭᠤᠭᠤᠯᠢ ᠶᠢᠨ ᠠᠷᠠᠳ ᠤᠨ ᠠᠷᠠᠳᠴᠢᠯᠠᠯ ᠤᠨ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠦᠨᠡᠨ ᠬᠦ ᠬᠦᠨᠳᠦᠳᠬᠡᠨ ᠪᠠᠲᠤᠯᠠᠵᠤ᠂ ᠬᠠᠤᠯᠢ ᠲᠦᠷᠢᠮ ᠤᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠵᠣᠬᠢᠶᠠᠨ ᠪᠠᠶᠢᠭᠤᠯᠤᠯᠲᠠ ᠳᠤ ᠬᠠᠷᠢᠭᠤᠴᠠᠬᠤ᠂ ᠠᠷᠠᠳ ᠲᠦᠮᠡᠨ ᠳᠤ ᠬᠠᠷᠢᠭᠤᠴᠠᠬᠤ ᠣᠪᠣᠷ ᠢᠶᠠᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠣᠩᠭᠤᠭᠤᠯᠢ ᠶᠢᠨ ᠬᠠᠤᠯᠢ᠂ ᠲᠥᠯᠥᠭᠡᠯᠡᠭᠴᠢ ᠶᠢᠨ ᠬᠠᠤᠯᠢ ᠶᠢ ᠬᠢᠨᠠᠮᠠᠭᠠᠢ ᠪᠦᠬᠦ ᠲᠠᠯ᠎ᠠ ᠪᠠᠷ ᠰᠢᠰᠲ᠋ᠧᠮ ᠲᠠᠢ ᠪᠠᠷ ᠰᠤᠷᠤᠯᠴᠠᠨ ᠡᠵᠡᠮᠰᠢᠵᠦ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠢᠢᠯᠠᠭᠠᠨ᠂ ᠲᠦᠷᠦ ᠶᠢᠨ ᠪᠤᠳᠤᠯᠭ᠎ᠠ ᠶᠢᠨ ᠵᠠᠭᠠᠭ ᠢ ᠣᠨᠣᠪᠴᠢᠲᠠᠢ ᠡᠵᠡᠮᠳᠡᠬᠦ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃ ᠰᠢᠶᠠᠨ ᠤ ᠰᠣᠩᠭᠤᠭᠤᠯᠢ ᠶᠢᠨ ᠺᠣᠮᠢᠰ ᠨᠢ ᠨᠠᠮ ᠪᠠ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠢᠶᠠᠨ ᠤ ᠨᠠᠮ ᠤᠨ ᠬᠤᠷᠢᠶᠠᠨ ᠤ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠯᠠᠪᠳᠠᠭᠤᠨ ᠪᠠᠲᠤᠲᠠᠢ ᠠᠵᠢᠯᠯᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠬᠦ ᠰᠢᠶᠠᠨ ᠤ ᠰᠣᠩᠭᠤᠭᠤᠯᠢ ᠶᠢᠨ ᠠᠵᠢᠯ ᠢ ᠦᠨᠡᠨ ᠬᠦ ᠰᠠᠶᠢᠲᠤᠷ ᠠᠳᠬᠤᠵᠤ᠂ ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号