ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 26 ᠤ ᠴᠠᠬᠢᠯᠭᠠᠨ ᠮᠡᠳᠡᠭᠡ 9 ᠰᠠᠷ᠎ᠠ ᠶᠢᠨ 26 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ | ᠬᠤᠷᠠᠯ ᠤᠨ ᠡᠤ ᠵᠧᠨ ᠪᠠᠯᠭᠠᠰᠤᠨ ᠤ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠲᠣᠭᠠᠴᠢᠯᠠᠭᠰᠠᠨ ᠮᠡᠷᠭᠡᠵᠢᠯ ᠶᠠᠭ ᠰᠢᠨ᠎ᠡ ᠣᠶᠢᠯᠠᠭᠠᠭᠳᠠᠬᠤᠨ᠂ ᠰᠢᠨ᠎ᠡ ᠡᠵᠡᠩᠨᠡᠯᠲᠡ ᠶᠢᠨ | ᠬᠡᠯᠪᠡᠷᠢ᠂ ᠰᠢᠨ᠎ᠡ ᠵᠠᠭᠪᠤᠷ ᠢᠶᠠᠷ ᠬᠥᠮᠦᠨ ᠲᠥᠷᠥᠯᠬᠢᠲᠡᠨ ᠤ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠪᠦᠬᠦ ᠲᠠᠯ᠎ᠠ ᠪᠠᠷ | ᠠᠭᠤᠰᠤᠯᠴᠠᠵᠤ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠥᠷᠭᠡᠨ ᠳᠡᠯᠭᠡᠷ ᠪᠥᠭᠡᠳ ᠭᠦᠨ | ᠭᠦᠨᠵᠡᠭᠡᠢ ᠨᠥᠯᠥᠭᠡ ᠦᠵᠡᠭᠦᠯᠵᠦ ᠪᠠᠶᠢᠨ᠎ᠠ᠃ ᠣᠳᠣᠬᠠᠨ ᠳᠤ᠂ ᠳᠡᠯᠡᠬᠡᠢ ᠳ᠋ᠠᠬᠢᠨ ᠳᠤ ᠵᠠᠭᠤᠨ ᠵᠢᠯ ᠲᠤᠬᠢᠶᠠᠯᠳᠤᠭ᠎ᠠ | ᠦᠭᠡᠢ ᠬᠤᠪᠢᠷᠠᠯᠲᠠ ᠪᠣᠯᠤᠨ ᠵᠠᠭᠤᠨ ᠵᠢᠯ ᠲᠤᠬᠢᠶᠠᠯᠳᠤᠭ᠎ᠠ ᠦᠭᠡᠢ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠵᠤ᠂ | ᠳᠡᠯᠡᠬᠡᠢ ᠨᠡᠶᠢᠭᠡᠮ ᠢᠶᠠᠷ ᠢᠶᠠᠨ ᠭᠠᠷ ᠬᠤᠯᠪᠣᠯᠴᠠᠨ᠂ ᠮᠡᠳᠡᠭᠡ ᠵᠠᠩᠭᠢᠵᠢᠯᠲᠠ᠂ ᠲᠣᠭᠠᠴᠢᠯᠠᠯᠲᠠ᠂ ᠰᠦᠯᠵᠢᠶᠡᠵᠢᠯᠲᠡ᠂ | ᠤᠶᠤᠨᠴᠢᠯᠠᠯᠳᠠ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠵᠤ᠂ ᠠᠵᠠ ᠲᠣᠬᠢᠶᠠᠯ ᠢ ᠠᠮᠵᠢᠨ᠂ | ᠥᠷᠢᠰᠥᠯᠳᠦᠭᠡᠨ ᠢ ᠠᠷᠭᠠᠴᠠᠭᠠᠬᠤ ᠶᠢ ᠲᠤᠯᠭᠠᠮ ᠱᠠᠭᠠᠷᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ᠂ ᠬᠥᠮᠦᠨ | ᠲᠥᠷᠥᠯᠬᠢᠲᠡᠨ ᠤ ᠲᠠᠪᠰᠢᠯᠳᠠ ᠶᠢᠨ ᠲᠡᠦᠬᠡᠲᠦ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠲᠣᠭᠠᠴᠢᠯᠠᠭᠰᠠᠨ | ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠦᠢᠯᠡᠳᠦᠯ | ᠴᠢᠳᠠᠪᠬᠢ ᠶᠢ ᠴᠢᠩᠭᠠᠳᠬᠠᠵᠤ᠂ ᠲᠣᠭᠠᠴᠢᠯᠠᠭᠰᠠᠨ ᠨᠡᠶᠢᠭᠡᠮ ᠤᠨ ᠣᠷᠴᠢᠨ ᠢ ᠰᠢᠯᠢᠳᠡᠭᠵᠢᠭᠦᠯᠵᠦ᠂ ᠲᠣᠭᠠᠴᠢᠯᠠᠭᠰᠠᠨ | ᠬᠠᠮᠲᠤᠷᠠᠯᠴᠠᠭᠠᠨ ᠤ ᠪᠠᠶᠢᠷᠢᠰᠢᠯ ᠢ ᠪᠠᠶᠢᠭᠤᠯᠵᠤ᠂ ᠲᠣᠭᠠᠴᠢᠯᠠᠭᠰᠠᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠵᠤ᠂ ᠲᠣᠭᠠᠴᠢᠯᠠᠭᠰᠠᠨ ᠪᠣᠯᠪᠠᠰᠤᠨ ᠢᠶᠠᠷ ᠡᠯ᠎ᠡ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ | ᠴᠢᠬᠤᠯᠠᠴᠢᠯᠠᠪᠠ᠃ | 2021 ᠣᠨ ᠤ ᠳᠡᠯᠡᠬᠡᠢ ᠶᠢᠨ ᠢᠨᠲ᠋ᠧᠷ ᠰᠦᠯᠵᠢᠶᠡᠨ ᠤ ᠶᠡᠭᠡ ᠬᠤᠷᠠᠯ ᠤᠨ ᠦ᠋ ᠵᠧᠨ ᠪᠠᠯᠭᠠᠰᠤᠨ ᠤ | ᠲᠦᠷᠦᠭᠦᠴᠦᠳ ᠤᠨ ᠬᠤᠷᠠᠯ ᠲᠤᠰ ᠡᠳᠦᠷ ᠵᠧᠵᠢᠶᠠᠩ ᠮᠤᠵᠢ ᠶᠢᠨ ᠲᠦᠩᠰᠢᠶᠠᠩ ᠬᠤᠳᠠ ᠶᠢᠨ ᠦ᠋ ᠵᠧᠨ | ᠪᠠᠯᠭᠠᠰᠤᠨ ᠳᠤ ᠡᠬᠢᠯᠡᠪᠡ᠂ ︽ᠲᠣᠭᠠᠴᠢᠯᠠᠭᠰᠠᠨ ᠪᠣᠯᠪᠠᠰᠤᠨ ᠤ ᠰᠢᠨ᠎ᠡ ᠴᠠᠭ ᠦᠶ᠎ᠡ ᠲᠡᠶᠢᠰᠢ ᠤᠷᠤᠭᠰᠢᠯᠠᠶ᠎ᠠ — | ᠰᠦᠯᠵᠢᠶᠡᠨ ᠤ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ ᠪᠠᠶᠢᠭᠤᠯᠤᠨ᠎ᠠ︾ | ᠬᠡᠳᠡᠭ ᠢᠶᠠᠷ ᠭᠤᠣᠯ ᠰᠡᠳᠦᠪ ᠪᠤᠯᠭᠠᠵᠠᠢ᠂ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ | ᠪᠣᠯᠤᠨ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠪᠡ᠃ | |