ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠶᠦᠩ ᠠᠨ ᠪᠠᠯᠭᠠᠰᠤ᠂ ᠯᠢᠦ ᠬᠤ᠋ ᠪᠠᠯᠭᠠᠰᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/27
      9 ᠰᠠᠷ᠎ᠠ ᠶᠢᠨ 23 ᠤ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠶᠦᠩ ᠠᠨ ᠪᠠᠯᠭᠠᠰᠤ ᠶᠢᠨ ᠰᠧ ᠵᠢᠶᠠ ᠽᠢ ᠲᠣᠰᠬᠤᠨ᠂ ᠺᠤᠤ ᠱᠠᠨ ᠲᠣᠰᠬᠤᠨ ᠪᠣᠯᠤᠨ ᠯᠢᠦ ᠬᠤ᠋ ᠪᠠᠯᠭᠠᠰᠤ ᠶᠢᠨ ᠵᠢᠤᠢ ᠰᠢᠩ ᠲᠣᠰᠬᠤᠨ ᠳᠤ ᠬᠦᠷᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠯᠢᠦ ᠬᠤ᠋ ᠪᠠᠯᠭᠠᠰᠤ ᠶᠢᠨ ᠵᠠᠰᠠᠭ ᠤᠨ ᠣᠷᠳᠣᠨ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠯᠢᠦ ᠬᠤ᠋ ᠪᠠᠯᠭᠠᠰᠤ ᠪᠣᠯᠤᠨ ᠶᠦᠩ ᠠᠨ ᠪᠠᠯᠭᠠᠰᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠣᠳᠠᠲᠠᠢ ᠠᠵᠢᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠦᠦ ᠬᠥᠭᠵᠢᠯᠲᠦ᠂ ᠯᠢᠦ ᡁᠢ ᠹᠧᠩ᠂ ᠴᠢᠦᠢ ᠲᠦᠩ ᠨᠢᠶᠠᠨ ᠣᠷᠣᠯᠴᠠᠪᠠ᠃
      ᠵᠠᠩ ᠱᠤᠸᠠᠩ ᠴᠧᠩ ᠱᠠᠭᠠᠷᠳᠠᠭᠰᠠᠨ ᠨᠢ᠂ ᠲᠦᠴᠢᠦᠸᠠᠨ ᠰᠢᠶᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠰᠠᠭᠤᠷᠢ ᠮᠠᠰᠢ ᠰᠠᠶᠢᠨ᠂ ᠺᠠᠳ᠋ᠷ ᠤᠨ ᠡᠩᠨᠡᠭᠡ ᠶᠢᠨ ᠤᠶᠤᠨ ᠰᠠᠨᠠᠭᠠᠨ ᠤ ᠪᠠᠶᠢᠳᠠᠯ ᠮᠠᠰᠢ ᠰᠠᠶᠢᠨ᠂ ᠺᠠᠳ᠋ᠷ ᠤᠨ ᠰᠡᠳᠬᠢᠴᠡ ᠮᠠᠰᠢ ᠲᠣᠳᠣᠷᠬᠠᠢ ᠪᠠᠶᠢᠨ᠎ᠠ᠃ ᠣᠳᠣᠬᠠᠨ ᠳᠤ᠂ ᠪᠦᠬᠦ ᠰᠢᠶᠠᠨ ᠤ ᠭᠤᠣᠯᠳᠠᠯᠭ᠎ᠠ ᠲᠠᠢ ᠠᠵᠢᠯ ᠪᠣᠯ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠢ ᠰᠠᠶᠢᠲᠤᠷ ᠪᠡᠯᠡᠳᠬᠡᠵᠦ᠂ ︽ᠬᠤᠶᠠᠷ ᠬᠤᠷᠠᠯ︾ ᠢ ᠰᠠᠶᠢᠲᠤᠷ ᠪᠡᠯᠡᠳᠬᠡᠬᠦ ᠶᠠᠪᠤᠳᠠᠯ ᠪᠣᠯᠤᠨ᠎ᠠ᠃ ᠬᠤᠶᠠᠷ ᠬᠥᠯ ᠢᠶᠠᠷ ᠶᠠᠪᠤᠵᠤ ᠢᠷᠡᠬᠦ ᠵᠢᠯ ᠤᠨ ᠭᠤᠤᠯᠳᠠᠯᠭ᠎ᠠ ᠲᠠᠢ ᠠᠵᠢᠯ ᠢ ᠢᠳᠡᠪᠬᠢᠲᠡᠶ ᠲᠥᠯᠥᠪᠵᠢᠭᠦᠯᠬᠦ ᠬᠡᠷᠡᠭᠲᠡᠶ᠃ ᠲᠦᠴᠢᠦᠸᠠᠨ ᠰᠢᠶᠠᠨ ᠤ ᠬᠡᠳᠦᠨ ᠬᠤᠭᠤᠴᠠᠭᠠᠨ ᠤ ᠤᠳᠤᠷᠢᠳᠬᠤ ᠪᠠᠭ᠂ ᠮᠠᠰᠢ ᠤᠯᠠᠨ ᠰᠠᠶᠢᠨ ᠠᠵᠢᠯ ᠤᠨ ᠰᠡᠳᠬᠢᠴᠡ ᠶᠢ ᠳᠤᠷᠠᠳᠴᠠᠢ᠂ ᠢᠯᠠᠩᠭᠤᠶ᠎ᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠰᠡᠳᠬᠢᠴᠡ ᠮᠠᠰᠢ ᠲᠣᠳᠣᠷᠬᠠᠢ ᠪᠠᠶᠢᠨ᠎ᠠ᠃ ᠡᠳᠡᠭᠡᠷ ᠰᠡᠳᠬᠢᠴᠡ ᠪᠣᠯ ᠪᠦᠷᠢᠮᠦᠰᠦᠨ ᠵᠥᠪ ᠭᠡᠳᠡᠭ ᠢ ᠣᠷᠴᠢᠮ ᠤᠨ ᠬᠡᠳᠦᠨ ᠵᠢᠯ ᠤᠨ ᠬᠥᠭᠵᠢᠯᠲᠡ ᠪᠠᠷ ᠭᠡᠷᠡᠴᠢᠯᠡᠭᠰᠡᠨ ᠪᠠᠶᠢᠨ᠎ᠠ᠃ ᠡᠲᠡᠭᠡᠷ ᠰᠡᠳᠬᠢᠴᠡ ᠨᠢ ᠬᠤᠪᠢᠷᠬᠠᠤ ᠥᠬᠡᠶ ᠶᠤᠮ᠂ ᠪᠦᠬᠦ᠋ᠢᠯᠡ ᠠᠵᠤ ᠦᠢᠯᠡᠰ ᠨᠢ ᠳᠠᠷᠤᠶ ᠮᠠᠯᠵᠢᠬᠤ ᠲᠠᠷᠢᠶᠠᠯᠠᠬᠤ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠮᠠᠯ ᠠᠵᠤ ᠠᠬᠤᠶ ᠳᠤ ᠪᠠᠰᠠ ᠨᠢᠭᠡ ᠲᠣᠪᠤᠶᠢᠮ᠎ᠠ ᠲᠦᠴᠢᠦᠸᠠᠨ ᠪᠣᠶ ᠪᠣᠯᠭᠠᠬᠤ ᠶᠠᠪᠤᠳᠠᠯ ᠪᠣᠯᠤᠨ᠎ᠠ᠃ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ ᠂  ᠪᠣᠣᠬᠢᠶ᠎ᠠ ᠶᠢ ᠦᠷᠭᠦᠯᠵᠢᠯᠡᠨ ᠰᠠᠶᠢᠲᠤᠷ ᠵᠠᠯᠭᠠᠵᠤ᠂ ᠰᠠᠶᠢᠲᠤᠷ ᠵᠠᠮᠨᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃       ᠣᠳᠣᠬᠠᠨ ᠤ ᠪᠣᠳᠠᠲᠠᠶ ᠠᠵᠢᠯ ᠤᠨ ᠲᠤᠬᠠᠶ ᠵᠠᠩ ᠱᠤᠸᠠᠩ ᠴᠧᠩ ᠴᠢᠬᠤᠯᠠᠴᠢᠯᠠᠭᠰᠠᠨ ᠨᠢ᠂ ᠨᠢᠭᠡ ᠳᠤ ᠲᠥᠷᠥᠯ ᠵᠦᠢᠯ ᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠵᠢᠴᠢ ᠡᠯ᠎ᠡ ᠲᠢᠩᠬᠢᠮ ᠲᠣᠪᠴᠢᠶ᠎ᠠ ᠶᠢᠨ ᠬᠡᠷᠡᠭᠵᠢᠭᠦᠯᠬᠦ ᠰᠠᠨᠠᠯ ᠤᠨ ᠲᠣᠭᠤᠷᠢᠨ ᠳᠤ᠂ ᠬᠠᠮᠢᠶ᠎ᠠ ᠪᠥᠬᠦᠶ ᠲᠥᠷᠥᠯ ᠵᠦᠢᠯ ᠢ ᠰᠠᠶᠢᠲᠤᠷ ᠨᠠᠶᠢᠷᠠᠭᠤᠯᠤᠨ ᠵᠣᠬᠢᠶᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠥᠷᠥᠯ ᠵᠦᠢᠯ ᠤᠨ ᠬᠥᠮᠥᠷᠭᠡ ᠳᠤ ᠣᠷᠣᠭᠤᠯᠬᠤ ᠬᠡᠷᠡᠭᠲᠡᠶ᠃ ᠬᠦᠨᠳᠦ ᠬᠥᠩᠭᠡᠨ ᠠᠯᠭᠤᠷ ᠪᠠᠴᠢᠮ ᠢ ᠲᠣᠳᠣᠷᠬᠠᠶᠢᠯᠠᠵᠤ᠂ ᠣᠨ ᠢᠶᠠᠷ ᠲᠥᠷᠥᠯ ᠵᠦᠢᠯ ᠢ ᠰᠠᠶᠢᠲᠤᠷ ᠵᠢᠭᠰᠠᠭᠠᠵᠤ᠂ ᠢᠷᠡᠬᠦ ᠵᠢᠯ ᠴᠢᠨᠠᠭᠰᠢᠯᠠᠪᠠᠯ ᠬᠤᠶᠢᠰᠢᠳᠠ ᠶᠢᠨ ᠭᠤᠷᠪᠠ ᠳᠥᠷᠪᠡᠨ ᠵᠢᠯ ᠳᠤ ᠬᠡᠷᠡᠭᠵᠢᠭᠦᠯᠬᠦ ᠲᠥᠷᠥᠯ ᠵᠦᠢᠯ ᠢ ᠲᠣᠳᠣᠷᠬᠠᠶᠢᠯᠠᠵᠤ᠂ ᠴᠠᠭ ᠢᠮᠠᠭᠲᠠ ᠪᠡᠯᠡᠳᠬᠡᠯ ᠬᠢᠵᠦ᠂ ᠴᠠᠭ ᠢᠮᠠᠭᠲᠠ ᠬᠡᠷᠡᠭᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠶ ᠃ ᠬᠤᠶᠠᠷ ᠲᠤ ᠢᠷᠡᠬᠦ ᠵᠢᠯ ᠤᠨ ᠠᠵᠢᠯ ᠢ ᠭᠤᠣᠯᠳᠠᠯᠭ᠎ᠠ ᠲᠠᠢ ᠲᠥᠯᠥᠪᠯᠡᠬᠦ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠠᠳᠬᠤᠬᠤ ᠠᠵᠢᠯ ᠢ ᠤᠷᠢᠳᠴᠢᠯᠠᠨ ᠰᠠᠶᠢᠲᠤᠷ ᠲᠥᠯᠥᠪᠯᠡᠵᠦ᠂ ᠨᠢᠭᠡ ᠨᠢᠭᠡ ᠶᠠᠪᠤᠳᠠᠯ ᠢᠶᠠᠷ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠵᠣᠷᠢᠭ ᠰᠢᠭᠤᠳᠤᠨ ᠬᠢᠬᠦ ᠶᠠᠪᠤᠳᠠᠯ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠵᠦ᠂ ᠢᠷᠡᠬᠦ ᠵᠢᠯ ᠤᠨ ᠬᠠᠪᠤᠷ ᠠᠴᠠ ᠡᠬᠢᠯᠡᠵᠦ ᠬᠡᠷᠡᠭᠵᠢᠭᠦᠯᠦᠨ᠎ᠡ᠃ ᠭᠤᠷᠪᠠ ᠳᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠬᠤᠪᠢ ᠣᠷᠣᠭᠤᠯᠵᠤ ᠠᠰᠢᠭ ᠬᠤᠪᠢᠶᠠᠬᠤ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠥᠨᠳᠥᠷ ᠪᠦᠲᠦᠮᠵᠢᠲᠡᠢ ᠠᠮᠤᠷ ᠲᠦᠪᠰᠢᠨ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠦᠨᠡᠨᠬᠦ ᠶᠠᠪᠤᠭᠳᠠᠭᠤᠰᠢᠲᠠᠶ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠂ ᠪᠡᠯᠡ ᠮᠥᠩᠭᠦ ᠳᠤ ᠠᠰᠠᠭᠤᠳᠠᠯ ᠭᠠᠷᠬᠤ ᠠᠴᠠ ᠰᠡᠷᠭᠡᠶᠢᠯᠡᠬᠦ ᠬᠡᠷᠡᠭᠲᠡᠶ᠃       ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠵᠠᠩ ᠱᠤᠸᠠᠩ ᠴᠧᠩ᠂ ᠲᠦᠴᠢᠦᠸᠠᠨ ᠪᠣᠯ ᠲᠠᠷᠢᠶᠠᠯᠠᠩ ᠤᠨ ᠲᠤᠮᠤ ᠰᠢᠶᠠᠨ ᠪᠣᠯᠤᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠡᠯ᠎ᠡ ᠱᠠᠳᠤ ᠡᠯ᠎ᠡ ᠲᠠᠯ᠎ᠠ ᠶᠢᠨ ᠬᠢᠨ ᠶᠡᠭᠡ ᠬᠡᠮᠵᠢᠶᠡᠨ ᠤ ᠠᠵᠢᠯ ᠬᠢᠵᠦ᠂ ᠢᠯᠡᠳᠲᠡ ᠦᠷ᠎ᠡ ᠪᠦᠲᠦᠮᠵᠢ ᠣᠯᠵᠠᠢ᠃ ᠲᠠᠷᠠᠭᠠᠴᠢ ᠶᠢᠨ ᠠᠯᠬᠤᠮ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠶᠡᠭᠡ ᠶᠠᠪᠤᠳᠠᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠨᠢᠭᠡ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠢ ᠃ ︽ᠲᠠᠪᠤᠨ ᠱᠠᠲᠤᠨ ᠤ ᠱᠦᠵᠢ︾ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠯᠡᠨ ᠠᠳᠬᠤᠬᠤ ᠬᠡᠷᠡᠭᠲᠡᠶ᠃ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠰᠢᠶᠠᠨ ᠤ ᠨᠠᠮ ᠤᠨ ᠬᠤᠷᠢᠶᠠᠨ ᠤ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠳᠤᠤᠷ᠎ᠠ ᠨᠢ ᠬᠠᠮᠢᠶ᠎ᠠ ᠪᠥᠬᠦᠶ ᠬᠡᠷᠡᠭ ᠡᠷᠭᠢᠯᠡᠬᠦ ᠪᠠᠶᠢᠭᠤᠯᠤᠮᠵᠢ ᠪᠠᠶᠢᠭᠤᠯᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ᠃ ᠬᠤᠶᠠᠷ ᠲᠤ ᠲᠥᠯᠥᠪᠵᠢᠭᠦᠯᠭᠡ ᠶᠢ ᠤᠷᠢᠳᠠᠪᠠᠷ ᠬᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠦᠷᠦᠭᠦᠯᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠣᠷᠣᠯᠴᠠᠵᠤ᠂ ᠭᠤᠤᠯᠳᠠᠭᠤ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢᠨ ᠲᠣᠭᠤᠷᠢᠨ ᠳᠤ᠂ ᠪᠥᠬᠦ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠳᠠᠬᠤᠨ ᠤ ᠴᠢᠨᠠᠷᠲᠠᠶ ᠲᠥᠯᠥᠪᠵᠢᠭᠦᠯᠭᠡ ᠪᠠ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ ᠪᠦᠰᠡ᠂ ᠵᠢᠱᠢᠶ᠎ᠡ ᠦᠵᠡᠭᠦᠯᠬᠦ ᠲᠣᠭᠤᠷᠢᠭ ᠤᠨ ᠨᠠᠷᠢᠨ ᠲᠥᠯᠥᠪᠵᠢᠭᠦᠯᠭᠡ ᠶᠢ ᠱᠠᠯᠠᠪᠳᠠᠨ ᠨᠠᠶᠢᠷᠠᠭᠤᠯᠤᠨ ᠵᠣᠬᠢᠶᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠵᠢᠴᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠪᠠᠲᠤᠯᠠᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃ ᠢᠯᠠᠩᠭᠤᠶ᠎ᠠ ᠵᠢᠱᠢᠶ᠎ᠡ ᠦᠵᠡᠭᠦᠯᠬᠦ ᠲᠣᠰᠬᠤᠨ ᠤ ᠨᠠᠷᠢᠨ ᠲᠥᠯᠥᠪᠵᠢᠭᠦᠯᠭᠡ ᠶᠢ 2022 ᠣᠨ ᠤ 3 ᠰᠠᠷ᠎ᠠ ᠠᠴᠠ ᠡᠮᠦᠨ᠎ᠡ ᠨᠠᠶᠢᠷᠠᠭᠤᠯᠤᠨ ᠳᠠᠭᠤᠰᠬᠠᠵᠤ᠂ ᠢᠷᠡᠬᠦ ᠵᠢᠯ ᠳᠤ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ ᠭᠤᠷᠪᠠ ᠳᠤ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠲᠥᠪ᠂ ᠲᠣᠭᠤᠷᠢᠭ᠂ ᠠᠶᠢᠮᠠᠭ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ᠂ ᠰᠠᠭᠤᠷᠢ ᠪᠡᠯᠡᠳᠬᠡᠮᠵᠢ ᠪᠠ ᠣᠷᠣᠰᠢᠨ ᠠᠮᠢᠳᠤᠷᠠᠬᠤ ᠣᠷᠴᠢᠨ ᠲᠣᠭᠤᠷᠢᠨ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠭᠤᠤᠯᠳᠠᠭᠤᠯᠵᠤ᠂ ᠪᠣᠳᠠᠲᠠᠶ ᠲᠥᠷᠥᠯ ᠵᠦᠢᠯ ᠢ ᠵᠦᠶ ᠵᠣᠬᠢᠰᠲᠠᠶ ᠪᠠᠶᠢᠷᠢᠰᠢᠭᠤᠯᠤᠨ᠂ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠳᠤ ᠡᠷᠬᠡᠪᠰᠢ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠲᠦᠷᠢ ᠲᠥᠷᠬᠦ ᠶᠢᠨ ᠢᠨᠵᠧᠨᠧᠷᠢᠩ᠂ ᠨᠢᠭᠤᠷ ᠲᠠᠯ᠎ᠠ ᠶᠢᠨ ᠢᠨᠵᠧᠨᠧᠷᠢᠩ ᠢ ᠬᠢᠵᠦ ᠪᠣᠯᠬᠤ ᠦᠭᠡᠢ᠃ ᠳᠥᠷᠪᠡ ᠳᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ 309 ᠵᠠᠰᠠᠮᠠᠯ ᠵᠠᠮ᠂ ᠶᠡᠭᠡ ᠵᠠᠮ ᠤᠨ ᠬᠤᠶᠠᠷ ᠲᠠᠯ᠎ᠠ ᠪᠠ ᠲᠠᠢ ᠫᠢᠩ ᠰᠢᠶᠠᠩ ᠢᠶᠠᠷ ᠭᠤᠤᠯ ᠨᠥᠯᠥᠭᠡᠯᠡᠨ ᠳᠠᠶᠢᠴᠢᠯᠠᠬᠤ ᠣᠷᠣᠨ ᠪᠦᠰᠡ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠬᠦᠴᠦᠯᠡᠨ ᠪᠤᠶᠢᠵᠢᠭᠤᠯᠵᠤ᠂ ᠴᠡᠭ ᠢᠶᠠᠷ ᠱᠤᠭᠤᠮ ᠢ ᠳᠠᠶᠢᠴᠢᠯᠠᠨ ᠵᠠᠯᠭᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢ ᠪᠣᠳᠠᠲᠠᠶ ᠠᠳᠬᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ︽ᠨᠢᠭᠤᠷ ᠲᠠᠯ᠎ᠠ︾ ᠶᠢ ᠨᠠᠩ ᠦᠵᠡᠰᠬᠦᠯᠡᠩᠲᠦ ᠰᠠᠶᠢᠬᠠᠨ ᠪᠣᠯᠭᠠᠵᠤ᠂ ︽ᠳᠣᠲᠣᠷ ᠲᠠᠯ᠎ᠠ︾ ᠶᠢ ᠨᠠᠩ ᠴᠢᠨᠠᠷ ᠴᠢᠨᠰᠠᠭ᠎ᠠ ᠲᠠᠢ ᠪᠣᠯᠭᠠᠵᠤ᠂ ᠠᠷᠠᠳ ᠣᠯᠠᠨ ᠳᠤ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠶ᠃ ᠲᠠᠪᠤ ᠳᠤ ᠣᠯᠠᠨ ᠲᠦᠮᠡᠨ ᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ ᠣᠷᠣᠯᠴᠠᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯ ᠴᠣᠭᠴᠠ ᠪᠣᠯ ᠲᠠᠷᠢᠶᠠᠴᠢᠨ ᠲᠦᠮᠡᠨ ᠮᠥᠨ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠢᠯᠡᠳᠦᠯ ᠢᠶᠠᠨ ᠪᠠᠳᠠᠷᠠᠭᠤᠯᠵᠤ᠂ ᠥᠷᠭᠡᠨ ᠣᠯᠠᠨ ᠲᠦᠮᠡᠨ ᠢ ᠢᠳᠡᠪᠬᠢᠲᠡᠶ ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠭᠤᠯᠵᠤ᠂ ᠣᠯᠠᠨ ᠲᠦᠮᠡᠨ ᠢ ︽ᠭᠤᠤᠯ ᠳᠦᠷᠢ︾ ᠪᠠᠷ ᠲᠣᠭᠯᠠᠭᠤᠯᠵᠤ᠂ ᠲᠠᠷᠢᠶᠠᠴᠢᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠥᠪᠡᠷ ᠤᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠶ᠃ ᠵᠢᠷᠭᠤᠭ᠎ᠠ ᠳᠤ ᠪᠦᠲᠦᠮᠵᠢᠲᠡᠢ ᠠᠵᠢᠯ ᠤᠨ ᠲᠣᠭᠲᠠᠴᠠ ᠶᠢ ᠪᠤᠢ ᠪᠣᠯᠭᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠨᠢᠭᠡᠳᠦᠯᠲᠡᠶ ᠲᠥᠯᠥᠪᠵᠢᠭᠦᠯᠬᠦ ᠰᠠᠯᠠᠭ᠎ᠠ ᠮᠥᠴᠢᠷ ᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠡᠷᠭᠡ ᠪᠣᠯ ᠡᠭᠦᠷᠭᠡ ᠴᠢᠳᠠᠪᠬᠢᠲᠤ ᠰᠠᠯᠠᠭ᠎ᠠ ᠮᠥᠴᠢᠷ ᠮᠥᠨ᠂ ᠰᠢᠶᠠᠩ ᠪᠠᠯᠭᠠᠰᠤ ᠪᠠ ᠲᠣᠰᠬᠤᠨ ᠪᠣᠯ ᠪᠣᠳᠠᠲᠠᠶ ᠬᠡᠷᠡᠭᠵᠢᠭᠦᠯᠬᠦ ᠰᠠᠯᠠᠭ᠎ᠠ ᠮᠥᠴᠢᠷ ᠮᠥᠨ᠂ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠰᠠᠮᠠᠭᠤᠨ ᠲᠡᠶᠢᠨ ᠬᠢᠵᠦ ᠪᠣᠯᠬᠤ ᠥᠬᠡᠶ᠂ ᠲᠤᠰᠢᠶᠠᠯ ᠬᠠᠷᠢᠭᠤᠴᠠᠯᠭ᠎ᠠ ᠲᠣᠳᠣᠷᠬᠠᠶ᠂ ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠡᠭᠦᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢᠯ ᠤᠨ ᠣᠷᠳᠣ ᠬᠤᠭᠤᠴᠠᠭᠠᠨ ᠤ ᠰᠢᠰᠲ᠋ᠧᠮᠲᠦ ᠢᠨᠵᠧᠨᠧᠷᠢᠩ ᠮᠥᠨ᠂ ᠱᠠᠲᠤᠴᠢ ᠴᠢᠨᠠᠷᠲᠠᠶ ᠬᠥᠳᠡᠯᠭᠡᠭᠡᠨ ᠬᠢᠵᠦ ᠪᠣᠯᠬᠤ ᠥᠬᠡᠶ᠂ ᠨᠠᠩ ᠴᠤ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠥᠬᠡᠶ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠣᠳᠠᠲᠠᠶ ᠪᠥᠭᠡᠳ ᠭᠦᠨᠵᠡᠭᠡᠶ ᠠᠬᠢᠭᠤᠯᠬᠤ ᠶᠢ ᠴᠥᠬᠦᠷᠡᠰᠢ ᠥᠬᠡᠶ ᠠᠬᠢᠭᠤᠯᠬᠤ ᠬᠡᠷᠡᠭᠲᠡᠶ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号