ᠪᠠᠴᠢᠮ︕ ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/9/28
       2021 ᠣᠨ ᠤ 9 ᠰᠠᠷ᠎ᠠ ᠶᠢᠨ 27 ᠤ ᠡᠳᠦᠷ᠂ ᠤᠯᠠᠭᠠᠨᠬᠤᠲᠠ ᠲᠣᠭᠲᠠᠭᠰᠠᠨ ᠲᠤᠰᠠᠭᠠᠷᠯᠠᠬᠤ ᠴᠡᠭ ᠤᠨ ᠬᠢᠯᠢ ᠶᠢᠨ ᠭᠠᠳᠠᠨ᠎ᠠ ᠠᠴᠠ ᠠᠶᠢᠮᠠᠭ ᠲᠠᠭᠠᠨ ᠪᠤᠴᠠᠬᠤ ᠲᠤᠰᠠᠭᠠᠷᠯᠠᠭᠳᠠᠭᠰᠠᠨ ᠬᠥᠮᠦᠰ ᠲᠤ ᠵᠤᠷᠰᠢᠯ ᠶᠣᠰᠣᠭᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠦᠶ᠎ᠡ ᠳᠤ ᠨᠢᠭᠡᠨ ᠲᠠᠬᠢᠨ ᠢᠯᠡᠷᠡᠭᠰᠡᠨ ᠡᠪᠡᠳᠴᠢᠲᠡᠨ ᠯᠢᠦᠶ ᠣᠪᠣᠭᠲᠤ ᠶᠢ ᠢᠯᠡᠷᠡᠭᠦᠯᠪᠡ᠂ ᠣᠲᠣ ᠯᠢᠦᠶ ᠣᠪᠣᠭᠲᠤ ᠶᠢᠨ ᠠᠵᠢᠯᠯᠠᠭ᠎ᠠ ᠶᠢᠨ ᠵᠠᠮ ᠮᠥᠷ ᠢ ᠳᠤᠤᠷᠠᠬᠢ ᠮᠡᠲᠦ ᠵᠠᠷᠯᠠᠶ᠎ᠠ        8 ᠰᠠᠷ᠎ᠠ ᠶᠢᠨ 13 ᠤ ᠡᠳᠦᠷ ᠺᠣᠷᠢᠶᠠ KE 869 ᠡᠭᠡᠯᠵᠢ ᠶᠢᠨ ᠨᠢᠰᠬᠡᠯ ᠳᠤ ᠰᠠᠭᠤᠵᠤ ︵ᠰᠠᠭᠤᠳᠠᠯ ᠤᠨ ᠨᠣᠮᠧᠷ 43 C︶ ᠳ᠋ᠠᠯᠢᠶᠠᠨ ᠬᠤᠲᠠ ᠳᠤ ᠬᠦᠷᠪᠡ᠂ ᠨᠢᠰᠬᠡᠯ ᠠᠴᠠ ᠪᠠᠭᠤᠭᠰᠠᠨ ᠤ ᠳᠠᠷᠠᠭ᠎ᠠ ᠨᠢᠰᠬᠡᠯ ᠤᠨ ᠪᠠᠭᠤᠳᠠᠯ ᠠᠴᠠ ᠲᠡᠭᠦᠨ ᠳᠤ ᠪᠥᠭᠡᠮ ᠬᠦᠴᠢᠯ ᠤᠨ ᠪᠠᠶᠢᠴᠠᠭᠠᠯᠲᠠ ᠬᠢᠭᠰᠡᠨ ᠦᠷ᠎ᠡ ᠳ᠋ᠦᠩ ᠨᠢ ᠠᠷᠭ᠎ᠠ ᠴᠢᠨᠠᠷᠲᠠᠶ᠂ ᠳᠠᠷᠠᠭ᠎ᠠ ᠡᠳᠦᠷ ᠤᠨ ᠬᠢᠨᠢ ᠬᠠᠷ᠎ᠠ ᠥᠷᠯᠥᠭᠡ ᠪᠠᠷ ᠡᠮᠨᠡᠯᠭᠡ ᠳᠤ ᠣᠷᠣᠬᠤ ︵ᠳ᠋ᠠᠯᠢᠶᠠᠨ ᠤ ᠵᠢᠷᠭᠤᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ︶ ᠡᠮᠨᠡᠨ ᠵᠠᠰᠠᠬᠤ ᠠᠷᠭ᠎ᠠ ᠬᠡᠮᠵᠢᠶ᠎ᠡ ︵ᠡᠮᠨᠡᠯᠭᠡ ᠳᠤ ᠰᠠᠭᠤᠵᠤ ᠪᠠᠶᠢᠬᠤ ᠬᠤᠭᠤᠴᠠᠭᠠᠨ ᠳᠤ 9 ᠤᠳᠠᠭ᠎ᠠ ᠪᠥᠭᠡᠮ ᠬᠦᠴᠢᠯ ᠬᠢᠪᠡ᠂ 3 ᠤᠳᠠᠭ᠎ᠠ CT᠂ 2 ᠤᠳᠠᠭᠠᠨ ᠤ ᠴᠢᠰᠤᠨ ᠴᠠᠶᠢᠪᠠᠩ ᠤᠨ ᠡᠰᠡᠷᠭᠦᠴᠡᠭᠴᠢ ᠶᠢᠨ ᠪᠠᠶᠢᠴᠠᠭᠠᠯᠲᠠ︶᠂ 9 ᠰᠠᠷ᠎ᠠ ᠶᠢᠨ 5 ᠤ ᠡᠳᠦᠷ ᠡᠮᠨᠡᠯᠭᠡ ᠠᠴᠠ ᠭᠠᠷᠬᠤ ᠠᠴᠠ ᠡᠮᠦᠨᠡᠬᠢ ᠰᠢᠯᠭᠠᠨ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ᠬᠡᠪ ᠤᠨ ᠪᠠᠶᠢᠳᠠᠯ ᠢᠶᠠᠷ ᠡᠮᠨᠡᠯᠭᠡ ᠠᠴᠠ ᠭᠠᠷᠤᠭᠰᠠᠨ ᠤ ᠳᠠᠷᠠᠭ᠎ᠠ ᠳ᠋ᠠᠯᠢᠶᠠᠨ ᠬᠤᠲᠠ ᠶᠢᠨ ᠲᠦᠩ ᠪᠦᠦ ᠵᠣᠴᠢᠳ ᠤᠨ ᠪᠠᠭᠤᠳᠠᠯ ᠳᠤ ᠬᠦᠷᠴᠦ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠪᠡ ︵9 ᠰᠠᠷ᠎ᠠ ᠶᠢᠨ 19 ᠤ ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠢ ᠬᠦᠴᠦᠨ ᠥᠬᠡᠶ ᠪᠣᠯᠭᠠᠪᠠ︶᠂ 9 ᠰᠠᠷ᠎ᠠ ᠶᠢᠨ 19 ᠤ ᠣᠷᠣᠢ ᠳ᠋ᠠᠯᠢᠶᠠᠨ ᠳᠤ ᠲᠤᠰᠬᠠᠶ ᠲᠡᠷᠭᠡ ᠪᠠᠷ ᠭᠠᠯᠲᠤ ᠲᠡᠷᠭᠡᠨ ᠥᠷᠲᠡᠭᠡᠨ ᠳᠤ ᠰᠢᠯᠵᠢᠭᠦᠯᠦᠨ ᠲᠡᠭᠡᠭᠡᠪᠦᠷᠢᠯᠡᠨ᠎ᠡ᠂ ᠲᠤᠰᠬᠠᠶ ᠨᠡᠪᠲᠡᠷᠡᠬᠦ ᠵᠠᠮ ᠢᠶᠠᠷ 19᠄ 12 ᠮᠢᠨᠦ᠋ᠲ ᠲᠤ K 7305 ᠳ᠋ᠤᠭᠠᠷ ᠡᠭᠡᠯᠵᠢ ᠶᠢᠨ ᠭᠠᠯᠲᠤ  ᠲᠡᠷᠭᠡᠨ ︵8 ᠸᠠᠭᠤᠨ ᠤ 9 ᠳ᠋ᠦᠭᠡᠷ ᠲᠣᠭᠠᠲᠤ︶ ᠳᠤ ᠰᠠᠭᠤᠵᠤ ᠳ᠋ᠠᠯᠢᠶᠠᠨ ᠠᠴᠠ ᠡᠬᠢᠯᠡᠨ 10᠄ 04 ᠮᠢᠨᠦ᠋ᠲ ᠲᠤ ᠤᠯᠠᠭᠠᠨᠬᠤᠲᠠ ᠳᠤ  ᠬᠦᠷᠴᠦ᠂ ᠲᠣᠰ ᠬᠥᠮᠦᠨ ᠤ ᠥᠪᠡᠷ ᠤᠨ ᠲᠤᠭᠠᠴᠠᠯᠲᠠ ᠳᠤ ᠰᠠᠭᠤᠭᠰᠠᠨ ᠵᠥᠭᠡᠯᠡᠨ ᠣᠷᠣ ᠶᠢᠨ ᠸᠠᠭᠤᠨ 9   ᠳ᠋ᠦ᠋ᠭᠡᠷ ᠲᠤ ᠵᠥᠪᠬᠡᠨ ᠲᠡᠷᠡ ᠨᠢᠭᠡ ᠬᠥᠮᠦᠨ ᠪᠠᠶᠢᠨ᠎ᠠ᠂ ᠪᠦᠬᠦ ᠶᠠᠪᠤᠴᠠ ᠳᠤ ᠪᠤᠰᠤᠳ ᠬᠥᠮᠦᠨ ᠲᠠᠢ ᠬᠠᠷᠢᠯᠴᠠᠭᠰᠠᠨ ᠦᠭᠡᠢ᠂ ᠡᠨᠡ ᠬᠤᠭᠤᠷᠣᠨᠳᠣ ᠬᠤᠶᠠᠷ ᠤᠳᠠᠭ᠎ᠠ ᠵᠣᠷᠯᠣᠩ ᠳᠤ ᠣᠴᠢᠭᠠᠳ ᠥᠭᠡᠷ᠎ᠡ ᠠᠶᠠᠨᠴᠢᠳ ᠲᠠᠢ ᠤᠴᠠᠷᠠᠭᠰᠠᠨ ᠦᠭᠡᠢ᠂ ᠥᠷᠲᠡᠭᠡᠨ ᠳᠤ ᠬᠦᠷᠦᠭᠰᠡᠨ ᠤ ᠳᠠᠷᠠᠭ᠎ᠠ 120 ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠠᠴᠠ ᠤᠯᠠᠭᠠᠨᠬᠤᠲᠠ ᠶᠢᠨ ᠲᠥᠪᠯᠡᠷᠡᠭᠦᠯᠦᠨ ᠲᠤᠰᠠᠭᠠᠷᠯᠠᠬᠤ ᠵᠣᠴᠢᠳ ᠤᠨ ᠪᠠᠭᠤᠳᠠᠯ ᠳᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠡᠢ᠂ ᠤᠯᠠᠭᠠᠨᠬᠤᠲᠠ ᠬᠤᠲᠠ ᠳᠤ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠭᠰᠡᠨ ᠠᠩᠬᠠᠨ ᠤ ᠡᠳᠦᠷ ︵9 ᠰᠠᠷ᠎ᠠ ᠶᠢᠨ 21 ᠤ ᠡᠳᠦᠷ︶ ᠪᠠ ᠳᠥᠷᠪᠡᠳᠡᠬᠢ ᠡᠳᠦᠷ ︵9 ᠰᠠᠷ᠎ᠠ ᠶᠢᠨ 24 ᠤ ᠡᠳᠦᠷ︶ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ  ᠪᠠᠶᠢᠵᠣ᠂ ᠳᠣᠯᠣᠳᠤᠭᠠᠷ ᠡᠳᠦᠷ ︵9 ᠰᠠᠷ᠎ᠠ ᠶᠢᠨ 27 ᠤ ᠡᠳᠦᠷ︶ ᠤᠯᠠᠭᠠᠨᠬᠤᠲᠠ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠣᠯᠤᠨ ᠤᠯᠠᠭᠠᠨᠬᠤᠲᠠ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠠᠴᠠ ᠵᠡᠷᠭᠡ ᠪᠠᠷ ᠰᠢᠯᠭᠠᠨ ᠪᠠᠶᠢᠴᠠᠭᠠᠯᠲᠠ ᠬᠢᠪᠡ᠂ ᠦᠷ᠎ᠡ ᠳ᠋ᠦᠩ ᠨᠢ ᠬᠡᠪ ᠤᠨ ᠪᠤᠰᠤ ᠪᠣᠯᠬᠤ ᠶᠢ  ᠬᠠᠷᠠᠭᠤᠯᠵᠠᠢ︔ ᠳᠠᠷᠠᠭ᠎ᠠ ᠨᠢ ᠠᠶᠢᠮᠠᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠡᠷᠡ ᠳᠠᠷᠤᠶ ᠳᠤᠨᠢ ᠬᠤᠶᠠᠷ ᠬᠤᠪᠢ ᠥᠯᠢᠭᠡᠷ ᠬᠡᠪ ᠢ ᠳᠠᠬᠢᠨ ᠬᠢᠨᠠᠭᠰᠠᠨ ᠤ ᠳ᠋ᠦᠩ ᠳᠤ ᠠᠷᠭ᠎ᠠ ᠴᠢᠨᠠᠷᠲᠠᠶ ᠪᠣᠯᠪᠠ᠃        ᠲᠣᠰ ᠲᠠᠬᠢᠨ ᠢᠯᠡᠷᠡᠭᠰᠡᠨ ᠡᠪᠡᠳᠴᠢᠨ ᠤ ᠵᠢᠱᠢᠶ᠎ᠡ ᠲᠠᠢ ᠬᠠᠮᠲᠤ ᠭᠠᠯᠲᠤ ᠲᠡᠷᠭᠡᠨ ᠳᠤ ᠰᠠᠭᠤᠬᠤ ᠵᠢᠴᠢ ᠭᠠᠯᠲᠤ ᠲᠡᠷᠭᠡᠨ ᠥᠷᠲᠡᠭᠡᠨ ᠳᠤ ᠪᠠᠶᠢᠭ᠎ᠠ ᠬᠥᠮᠦᠰ ᠳᠠᠷᠦ᠋ᠢᠬᠠᠨ ᠪᠠᠶᠢᠭ᠎ᠠ ᠭᠠᠵᠠᠷ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠮᠡᠳᠡᠭᠦᠯᠬᠦ ᠶᠢᠨ ᠬᠠᠮᠲᠤ ᠲᠣᠰ ᠪᠡᠶ᠎ᠡ ᠵᠢᠴᠢ ᠬᠡᠷ ᠤᠨ ᠬᠥᠮᠦᠰ ᠢᠶᠠᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠵᠣᠬᠢᠴᠠᠩᠭᠤᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠦᠯᠢᠶᠡᠭᠡᠷᠡᠶ᠃ ᠡᠨᠡ ᠬᠤᠭᠤᠴᠠᠭᠠᠨ ᠳᠤ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ ᠡᠪ ᠦᠭᠡᠢ ᠰᠢᠨᠵᠢ ᠲᠡᠮᠳᠡᠭ ᠢᠯᠡᠷᠡᠪᠡᠯ᠂ ᠳᠠᠷᠤᠢ ᠲᠦᠷᠭᠡᠨ 120 ᠳᠤ ᠤᠲᠠᠰᠤᠳᠠᠵᠤ ᠪᠠᠶᠢᠳᠠᠯ ᠢᠶᠠᠨ ᠲᠣᠳᠣᠷᠬᠠᠶᠢᠯᠠᠵᠤ᠂ 120 ᠳ᠋ᠤᠭᠠᠷ ᠲᠤᠰᠬᠠᠢ ᠲᠡᠷᠭᠡ ᠪᠠᠷ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠰᠢᠯᠵᠢᠭᠦᠯᠦᠨ ᠬᠦᠷᠭᠡᠵᠦ ᠡᠮᠨᠡᠭᠦᠯᠬᠦ ᠬᠡᠷᠡᠭᠲᠡᠢ᠃       ᠥᠷᠭᠡᠨ ᠤᠯᠠᠨ ᠲᠦᠮᠡᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠴᠤᠤᠷᠬᠠᠯ ᠲᠠᠯᠪᠢᠬᠤ ᠦᠭᠡᠢ᠂ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠲᠠᠷᠬᠠᠭᠠᠬᠤ ᠦᠭᠡᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠪᠦᠬᠦ ᠠᠶᠢᠮᠠᠭ ᠤᠨ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠤᠲᠠᠰᠤ᠄       ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄       0482 - 8266802᠂ 0482 - 8266803       ᠤᠯᠠᠭᠠᠨᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄       0482 - 829504       ᠷᠠᠰᠢᠶᠠᠨ ᠬᠤᠳᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄       0482-777121᠂ 0482 - 777120       ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄         0482 - 8399697       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄                                                              0482 - 4121077       ᠵᠠᠯᠠᠶᠢᠳ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄       0482 - 6063000᠂ 0482 - 667015       ᠲᠦᠴᠢᠦᠸᠠᠨ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠄ 0482 - 5188059                                         2021 ᠣᠨ ᠤ 9  ᠰᠠᠷ᠎ᠠ ᠶᠢᠨ 28 ᠤ ᠡᠳᠦᠷ        ᠢᠷᠡᠯᠲᠡ : ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠃              ᠬᠠᠷᠢᠭᠤᠴᠠᠬᠤ ᠨᠠᠶᠢᠷᠠᠭᠤᠯᠤᠭᠴᠢ  ᠄ ᠮᠸᠡᠭ ᠾᠧ                ᠨᠠᠶᠢᠷᠠᠭᠤᠯᠤᠭᠴᠢ᠄ ᠼᠦᠢ ᠶᠤᠸᠠᠢ                ᠨᠢᠭᠡᠳᠦᠭᠡᠷ ᠰᠢᠭᠦᠯᠲᠡ᠄ ᠮᠸᠡᠭ ᠾᠧ                ᠬᠤᠶᠠᠳᠤᠭᠠᠷ ᠰᠢᠭᠦᠯᠲᠡ  ᠄ ᠵᠠᠩ ᠮᠢᠩ ᠮᠢᠩ                ᠭᠤᠷᠪᠠᠳᠤᠭᠠᠷ ᠰᠢᠭᠦᠯᠲᠡ᠄ ᠸᠠᠩ ᠰᠢ ᠴᠢᠤᠸᠠᠨ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号