ᠱᠤ᠋ ᠭᠤᠸᠠᠩ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ
ᠨᠡᠶᠢᠲᠡᠯᠡᠭᠰᠡᠨ ᠴᠠᠭ᠄
2021/9/29
    ᠲᠠᠢ ᠫᠢᠩ ᠰᠢᠶᠠᠩ ᠤᠨ ᠵᠠᠰᠠᠭ ᠤᠨ ᠣᠷᠳᠣᠨ ᠤ ᠵᠡᠭᠦᠨ 600 ᠮᠧᠲᠷ ᠤᠨ ᠭᠠᠵᠠᠷ ᠲᠤ ᠪᠠᠶᠢᠷᠢᠯᠠᠵᠤ᠂ G 111 ᠮᠤᠵᠢ ᠶᠢᠨ ᠬᠤᠭᠤᠷᠣᠨᠳᠣᠬᠢ ᠨᠡᠪᠲᠡᠷᠡᠬᠦ ᠵᠠᠮ ᠠᠴᠠ 7 ᠺᠢᠯᠣᠮᠧᠲᠷ ᠵᠠᠶᠢᠲᠠᠶ ᠪᠠᠶᠢᠵᠤ᠂ ᠠᠮᠢ ᠠᠬᠤᠶ ᠶᠢᠨ ᠲᠡᠵᠢᠭᠡᠨ ᠦᠷᠡᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠲᠣᠭᠤᠷᠢᠨ ᠵᠤᠭᠠᠴᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠦᠶ᠋ᠯᠡᠰ ᠤᠨ ᠬᠦᠷᠢᠶᠡᠯᠡᠩ ᠲᠣᠭᠤᠷᠢᠭ ᠪᠣᠯᠤᠨ᠎ᠠ᠃ ᠶᠡᠷᠦᠩᠬᠡᠶ ᠲᠠᠯᠠᠪᠠᠶ ᠨᠢ 15000 ᠮᠥ ᠪᠠᠶᠢᠵᠤ᠂ ᠬᠦᠷᠢᠶᠡᠯᠡᠩ ᠲᠣᠭᠤᠷᠢᠭ ᠨᠢ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠣᠭᠤᠷᠢᠭ ᠪᠠ ᠰᠡᠯᠡᠭᠦᠴᠡᠨ ᠵᠢᠭᠤᠯᠴᠢᠯᠠᠵᠤ ᠲᠣᠭᠤᠷᠢᠨ ᠦᠵᠡᠬᠦ ᠲᠣᠭᠤᠷᠢᠭ ᠢ ᠴᠣᠭᠴᠠᠯᠠᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠰᠢᠨ᠎ᠡ ᠲᠥᠷᠥᠯ ᠵᠦᠢᠯ ᠰᠢᠨ᠎ᠡ ᠮᠡᠷᠭᠡᠵᠢᠯ ᠤᠨ ᠬᠡᠷᠡᠭᠯᠡᠯᠲᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠪᠠᠷᠢᠮᠵᠢᠶᠠᠵᠢᠭᠤᠯᠤᠭᠰᠠᠨ ᠦᠢᠯᠡᠳᠪᠤᠷᠢᠯᠡᠯ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠷᠣᠯᠠᠭᠤᠯᠭ᠎ᠠ᠂ ᠵᠢᠭᠤᠯᠴᠢᠯᠠᠨ ᠲᠣᠭᠤᠷᠢᠵᠤ ᠪᠡᠶᠡᠴᠢᠯᠡᠨ ᠣᠶᠢᠯᠠᠭᠠᠬᠤ ᠵᠡᠷᠭᠡ ᠣᠯᠠᠨ ᠡᠵᠡᠩᠨᠡᠯᠲᠡ ᠶᠢᠨ ᠪᠠᠶᠢᠳᠠᠯ ᠲᠥᠯᠥᠪ᠂ ᠬᠡᠯᠬᠢᠶᠡᠵᠢᠯ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠭᠰᠡᠨ ᠨᠡᠪᠴᠢᠭᠦᠯᠬᠦ ᠲᠠᠪᠴᠠᠩ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ 2016 ᠣᠨ ᠳᠤ ᠬᠢᠩᠭᠠᠨ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠵᠣ᠂ 2019 ᠣᠨ ᠳᠤ AA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ 2020 ᠣᠨ ᠳᠤ ᠤᠯᠤᠰ ᠤᠨ ᠲᠠᠰ ᠤᠨ ᠠᠵᠤ ᠦᠢᠯᠡᠰ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠠ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠤᠰᠬᠠᠶ ᠣᠷᠣᠨ ᠬᠤᠲᠠ ᠶᠢᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠴᠣᠯᠠ ᠭᠥᠷᠳᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号