ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ 0186 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠯᠲᠠ
ᠨᠡᠶᠢᠲᠡᠯᠡᠭᠰᠡᠨ ᠴᠠᠭ᠄
2021/9/30
    ᠭᠤᠣᠯᠳᠠᠯᠭ᠎ᠠ ᠲᠠᠢ ᠬᠤᠳᠠᠯᠳᠤᠭᠠᠴᠢᠨ ᠤᠷᠢᠬᠤ ᠵᠦᠢᠯᠡᠰ ᠲᠤ 《 ᠠᠰᠠᠷᠠᠭᠴᠢ ᠮᠠᠶ᠋ᠢᠭ 》 ᠤᠨ ᠪᠦᠬᠦ ᠶᠠᠪᠤᠴᠠ ᠶᠢ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠲᠤᠬᠠᠢ ᠰᠠᠨᠠᠯ ᠵᠥᠪᠯᠡᠯᠭᠡ ᠠᠭᠤᠯᠭ᠎ᠠ᠄    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠨᠢᠭᠡ ᠭᠠᠵᠠᠷ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠠᠰᠠᠭᠤᠳᠠᠯ ᠪᠣᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠮᠵᠢᠶ᠎ᠡ ᠨᠢ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢ ᠲᠣᠭᠲᠠᠭᠠᠵᠤ ᠪᠠᠶᠢᠳᠠᠭ᠃ ᠣᠳᠣᠬᠠᠨ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠤᠨ ᠬᠢᠨᠠᠨ ᠵᠥᠪᠰᠢᠶᠡᠷᠡᠬᠦ ᠭᠠᠷᠳᠠᠮ ᠢ ᠭᠦᠶᠴᠡᠳᠬᠡᠬᠦ ᠪᠣᠯ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠬᠢᠵᠠᠭᠠᠷᠯᠠᠵᠤ ᠪᠠᠶᠢᠭ᠎ᠠ ᠴᠢᠬᠤᠯᠠ ᠪᠣᠭᠤᠮᠢ ᠶᠢᠨ ᠨᠢᠭᠡ ᠪᠣᠯᠤᠨ᠎ᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠬᠠᠪᠰᠤᠷᠤᠨ ᠰᠢᠶᠳᠪᠦᠷᠢᠯᠡᠵᠦ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ 《 ᠠᠰᠠᠷᠠᠭᠴᠢ ᠮᠠᠶ᠋ᠢᠭ 》 ᠤᠨ ᠦᠶᠯᠡᠴᠢᠯᠡᠭᠡ ᠬᠠᠩᠭᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠨᠠᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠡᠶᠢᠮᠦ ᠠᠴᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠶᠯ ᠢ ᠣᠷᠣᠯᠠᠨ ᠭᠦᠶᠴᠡᠳᠬᠡᠬᠦ ᠦᠶᠯᠡᠴᠢᠯᠡᠭᠡᠨ ᠤ ᠲᠣᠭᠲᠠᠴᠠ ᠶᠢ ᠪᠠᠶᠢᠭᠤᠯᠬᠤ ᠪᠣᠯ ᠲᠥᠷᠥᠯ ᠵᠦᠶᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠬᠤ  ᠶᠢᠨ ᠪᠦᠲᠦᠮᠵᠢᠲᠡᠶ ᠠᠷᠭ᠎ᠠ ᠮᠥᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠶᠯᠡᠴᠢᠯᠡᠭᠡ ᠶᠢ ᠲᠦᠷᠭᠡᠳᠬᠡᠬᠦ ᠴᠢᠬᠤᠯᠠ ᠠᠷᠭ᠎ᠠ ᠪᠠᠷᠢᠯ ᠮᠥᠨ᠂ ᠮᠠᠨ ᠤ ᠠᠶᠢᠮᠠᠭ ᠤᠨ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠬᠢᠩᠭᠠᠨ ᠠᠶᠢᠮᠠᠭ ᠤᠨ ᠪᠠᠯᠠ ᠣᠷᠣᠭᠤᠯᠤᠯᠲᠠ ᠶᠢ ᠠᠬᠢᠭᠤᠯᠵᠤ ᠦᠶᠯᠡᠴᠢᠯᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠪᠠᠷᠢᠨ ᠭᠦᠶᠴᠡᠳᠬᠡᠬᠦ ᠪᠠᠴᠢᠮ ᠡᠭᠦᠷᠭᠡ ᠮᠥᠨ᠃        ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠳᠠᠲᠠᠢ ᠰᠠᠨᠠᠭᠤᠯᠭ᠎ᠠ᠄    1 . ᠤᠳᠤᠷᠢᠳᠬᠤ ᠪᠠᠶᠢᠭᠤᠯᠤᠯ ᠪᠣᠯᠤᠨ ᠲᠦᠯᠬᠢᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ ᠶᠣᠰᠣᠭᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ᠂ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠬᠥᠭᠵᠢᠭᠦᠯᠬᠦ ᠵᠢᠯᠣᠭᠤᠳᠬᠤ ᠭᠠᠵᠠᠷ ᠪᠣᠯᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠢᠯᠣᠭᠤᠳᠬᠤ ᠭᠠᠵᠠᠷ ᠢ ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠥᠯᠬᠢᠨ ᠠᠬᠢᠭᠤᠯᠤᠨ᠎ᠠ  ᠃    2 . ᠲᠥᠷᠥᠯ ᠵᠦᠶᠯ ᠢ ᠤᠳᠤᠷᠢᠳᠤᠯᠭ᠎ᠠ ᠳᠠᠭᠠᠭᠠᠴᠢᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠥᠷᠥᠯ ᠵᠦᠶᠯ ᠤᠨ ᠪᠡᠯᠡᠳᠬᠡᠬᠦ ᠱᠠᠲᠤ ᠦᠶ᠎ᠡ᠂ ᠪᠦᠲᠦᠭᠡᠨ ᠪᠠᠶᠢᠭᠤᠯᠬᠤ ᠱᠠᠲᠤ ᠦᠶ᠎ᠡ᠂ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠡᠬᠢᠨ ᠤ ᠬᠤᠭᠤᠴᠠᠭᠠᠨ ᠳᠤ ᠪᠦᠬᠦ ᠶᠠᠪᠤᠴᠠ ᠶᠢ ᠮᠥᠷᠳᠡᠨ ᠵᠣᠬᠢᠴᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠶᠯ ᠤᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠠᠬᠢᠭᠤᠯᠤᠨ᠎ᠠ  ᠃    3 . ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠶᠯ ᠤᠨ ᠣᠷᠣᠯᠠᠨ ᠭᠦᠶᠴᠡᠳᠬᠡᠬᠦ ᠦᠶᠯᠡᠴᠢᠯᠡᠭᠡᠨ ᠢ ᠬᠠᠮᠲᠤᠷᠠᠭᠤᠯᠵᠤ ᠬᠢᠨᠠᠨ ᠵᠥᠪᠰᠢᠶᠡᠷᠡᠬᠦ ᠳᠦᠷᠢᠮ ᠢ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠲᠤ ᠨᠠᠶᠢᠳᠠᠪᠤᠷᠢᠵᠢᠭᠤᠯᠤᠭᠰᠠᠨ ᠲᠥᠷᠥᠯ ᠵᠦᠶᠯ ᠢ ᠬᠦᠷᠢᠶᠡᠯᠡᠩ ᠲᠣᠭᠤᠷᠢᠭ ᠠᠴᠠ ᠣᠷᠣᠯᠠᠨ ᠭᠦᠶᠴᠡᠳᠬᠡᠵᠦ ᠦᠶᠯᠡᠴᠢᠯᠡᠵᠦ᠂ ᠬᠤᠰᠢᠭᠤ ᠰᠢᠶᠠᠨ ᠬᠤᠲᠠ ᠶᠢᠨ ᠲᠥᠷᠥᠯ ᠵᠦᠶᠯ ᠢ ᠬᠤᠰᠢᠭᠤ ᠰᠢᠶᠠᠨ ᠠᠴᠠ ᠣᠷᠣᠯᠠᠨ ᠭᠦᠶᠴᠡᠳᠬᠡᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠤᠨ ᠶᠣᠰᠣᠭᠠᠷ᠂ 《 ᠨᠢᠭᠡ ᠰᠠᠯᠠᠭ᠎ᠠ ᠮᠥᠴᠢᠷ ᠬᠦᠯᠢᠶᠡᠨ ᠠᠪᠴᠤ ᠰᠢᠶᠳᠪᠦᠷᠢᠯᠡᠬᠦ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠬᠤ᠂ ᠨᠡᠶᠢᠯᠡᠭᠦᠯᠵᠦ ᠬᠠᠮᠲᠤᠷᠠᠨ ᠬᠢᠨᠠᠨ ᠵᠥᠪᠰᠢᠶᠡᠷᠡᠬᠦ᠂ ᠴᠠᠭ ᠬᠢᠵᠠᠭᠠᠷᠯᠠᠨ ᠪᠡᠶᠡᠯᠡᠭᠦᠯᠬᠦ 》 ᠠᠵᠢᠯ ᠤᠨ ᠴᠤᠪᠤᠷᠠᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠭᠤᠣᠯ ᠡᠷᠬᠢᠯᠡᠨ ᠭᠦᠢᠴᠡᠳᠬᠡᠬᠦ ᠰᠠᠯᠠᠭ᠎ᠠ ᠮᠥᠴᠢᠷ ᠪᠣᠯᠤᠨ ᠬᠠᠪᠰᠤᠷᠤᠨ ᠭᠦᠢᠴᠡᠳᠬᠡᠬᠦ ᠰᠠᠯᠠᠭ᠎ᠠ ᠮᠥᠴᠢᠷ ᠢ ᠲᠣᠳᠣᠷᠬᠠᠶᠢᠯᠠᠨ᠂ ᠬᠠᠮᠢᠶ᠎ᠠ ᠪᠦᠬᠦᠢ ᠳᠡᠰ ᠳᠠᠷᠠᠭᠠᠯᠠᠯ ᠢ ᠪᠡᠶᠡᠯᠡᠭᠦᠯᠵᠦ᠂ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠬᠠᠷ᠎ᠠ ᠭᠠᠷᠭᠠᠵᠤ ᠥᠭᠬᠦ ᠬᠡᠷᠡᠭᠲᠡᠶ  ᠃         ᠲᠦᠴᠢᠣᠸᠠᠨ ᠵᠠᠰᠠᠭ‌ᠦᠰᠦᠭ 202135 ᠳ᠋ᠤᠭᠠᠷ ᠲᠣᠭᠠᠲᠤ  ᠭᠡᠰᠢᠭᠦᠨ ᠯᠢ ᠴᠠᠩ ᠭᠧ᠄     ᠲᠠᠨ ᠤ ᠳᠤᠷᠠᠳᠤᠭᠰᠠᠨ 《 ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠵᠦᠶᠯᠡᠰ ᠲᠤ 〈 ᠠᠰᠠᠷᠠᠭᠴᠢ ᠮᠠᠶ᠋ᠢᠭ 〉 ᠤᠨ ᠪᠥᠬᠦ ᠶᠠᠪᠤᠴᠠ ᠶᠢ ᠣᠷᠣᠯᠠᠨ ᠭᠦᠶᠴᠡᠳᠬᠡᠬᠦ ᠦᠶᠯᠡᠴᠢᠯᠡᠭᠡ ᠬᠠᠩᠭᠠᠵᠤ ᠬᠤᠳᠠᠯᠳᠤᠭᠠᠴᠢᠨ ᠤᠷᠢᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠲᠤᠬᠠᠶ ᠰᠠᠨᠠᠯ ᠳᠤᠷᠠᠳᠤᠯᠭ᠎ᠠ 》 ᠶᠢ ᠣᠯᠵᠤ ᠣᠶᠢᠯᠠᠭᠠᠪᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄      ᠮᠠᠨ ᠤ ᠰᠢᠶᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠭᠠᠷᠳᠠᠴᠠ ᠪᠣᠯᠭᠠᠵᠤ᠂ ᠲᠥᠪ ᠤᠨ ᠲᠥᠷᠥ ᠶᠢᠨ ᠪᠣᠳᠣᠯᠭ᠎ᠠ ᠶᠢᠨ ᠪᠠᠯᠠ ᠣᠷᠣᠭᠤᠯᠤᠯᠲᠠ ᠶᠢᠨ ᠤᠳᠤᠷᠢᠳᠤᠮᠵᠢ ᠶᠢ ᠪᠠᠲᠤ ᠡᠵᠡᠮᠳᠡᠵᠦ᠂ 《 ᠪᠣᠬᠢᠷᠲᠤᠯ ᠥᠬᠡᠶ ᠪᠠᠷ ᠬᠤᠳᠠᠯᠳᠤᠭᠠᠴᠢᠨ ᠤᠷᠢᠬᠤ 》 ᠣᠶᠢᠯᠠᠭᠠᠭᠳᠠᠬᠤᠨ ᠢ ᠪᠣᠶ ᠪᠣᠯᠭᠠᠵᠤ᠂ ᠲᠥᠷᠥᠯ ᠵᠦᠶᠯ ᠤᠨ ᠬᠤᠳᠠᠯᠳᠤᠭᠠᠴᠢᠨ ᠤᠷᠢᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠲᠥᠷᠥᠯ ᠵᠦᠶᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠪᠠ  ᠃      ᠨᠢᠭᠡ᠂ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ  ᠃      ᠲᠦᠴᠢᠦᠸᠠᠨ ᠰᠢᠶᠠᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠤᠤᠯ ᠪᠦᠷᠢᠯᠳᠦᠬᠦᠨ ᠨᠢ ᠰᠢᠶᠠᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠵᠢᠴᠢ ᠬᠤᠯᠪᠣᠭᠳᠠᠯ ᠪᠥᠬᠦᠶ ᠰᠠᠯᠠᠭ᠎ᠠ ᠲᠣᠪᠴᠢᠶᠠᠨ ᠤ ᠬᠠᠷᠢᠭᠤᠴᠠᠯᠭᠠᠲᠠᠨ ᠪᠣᠯᠤᠨ᠎ᠠ᠂ ᠤᠳᠤᠷᠢᠳᠬᠤ ᠳᠤᠭᠤᠶᠢᠯᠠᠩ ᠤᠨ ᠳᠣᠤᠷ᠎ᠠ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠠᠯᠪᠠᠨ ᠬᠡᠷ ᠪᠠᠶᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠭᠤᠤᠯᠳᠠᠭᠤ ᠮᠠᠨ ᠤ ᠰᠢᠶᠠᠨ ᠤ ᠡᠨᠧᠷᠭᠢ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠨᠠᠷᠢᠯᠢᠭ ᠴᠢᠳᠬᠤᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠲᠠᠪᠤᠨ ᠶᠡᠭᠡ ᠠᠵᠤ ᠦᠶᠯᠡᠰ ᠤᠨ ᠲᠣᠭᠤᠷᠢᠨ ᠳᠤ ᠠᠷᠠᠯᠵᠢᠶᠠᠴᠢᠨ ᠤᠷᠢᠬᠤ ᠭᠠᠷᠴᠠᠭ ᠢ ᠪᠠᠶᠢᠭᠤᠯᠵᠤ᠂ ᠨᠠᠮ ᠵᠠᠰᠠᠭ ᠤᠨ ᠭᠤᠤᠯ ᠤᠳᠤᠷᠢᠳᠤᠯᠭ᠎ᠠ ᠠᠴᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠵᠢᠯ ᠲᠥᠷᠥᠯ ᠪᠠ ᠬᠦᠷᠢᠶ᠎ᠡ ᠴᠠᠷᠠᠭ᠎ᠠ ᠬᠤᠪᠢᠶᠠᠨ ᠲᠠᠷᠢᠶᠠᠯᠠᠩ ᠮᠠᠯ ᠠᠵᠤ ᠠᠬᠤᠶ᠂ ᠠᠵᠤ ᠦᠶᠯᠡᠳᠪᠦᠷᠢ᠂ ᠦᠶᠯᠡᠴᠢᠯᠡᠭᠡᠨ ᠤ ᠦᠶᠯᠡᠰ ᠵᠡᠷᠭᠡ ᠲᠥᠷᠥᠯ ᠵᠦᠶᠯ ᠤᠨ ᠬᠡᠯᠬᠢᠶ᠎ᠡ ᠶᠢᠨ ᠣᠷᠳᠣ ᠶᠢᠨ ᠲᠦᠷᠢᠮ ᠢ ᠬᠡᠷᠡᠭᠵᠢᠭᠦᠯᠦᠨ᠎ᠡ᠂ ᠡᠨᠡ ᠨᠢ ᠠᠵᠤ ᠦᠶᠯᠡᠰ ᠤᠨ ᠬᠡᠯᠬᠢᠶ᠎ᠡ ᠶᠢᠨ ᠬᠠᠷᠢᠭᠤᠴᠠᠯᠭᠠᠲᠠᠨ ᠪᠣᠯᠬᠤ ᠪᠠᠷ ᠪᠠᠷᠠᠬᠤ ᠥᠬᠡᠶ᠂ ᠪᠠᠰᠠ ᠠᠵᠤ ᠦᠶᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠲᠥᠷᠥᠯ ᠵᠦᠶᠯ ᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠤᠳᠤᠷᠢᠳᠤᠯᠭ᠎ᠠ ᠪᠣᠯᠤᠨ᠎ᠠ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠨᠥᠬᠦᠳ ᠪᠣᠳᠠᠲᠠᠶ ᠠᠳᠬᠤᠨ ᠨᠠᠶᠢᠳᠠᠪᠤᠷᠢᠵᠢᠭᠤᠯᠵᠤ᠂ ᠬᠥᠮᠦᠨ ᠤ ᠪᠡᠶ᠎ᠡ ᠳᠡᠭᠡᠷ᠎ᠡ ᠠᠷᠭ᠎ᠠ ᠬᠡᠮᠵᠢᠶ᠎ᠡ ᠲᠠᠢ᠂ ᠬᠥᠮᠦᠨ ᠤ ᠪᠡᠶ᠎ᠡ ᠳᠡᠭᠡᠷ᠎ᠡ ᠬᠠᠷᠢᠭᠤᠴᠠᠯᠭ᠎ᠠ ᠲᠠᠢ ᠰᠠᠶᠢᠨ ᠰᠠᠶᠢᠬᠠᠨ ᠠᠷᠠᠯᠵᠢᠶᠠᠴᠢᠨ ᠤᠷᠢᠬᠤ ᠠᠭᠤᠷ ᠠᠮᠢᠰᠬᠤᠯ ᠢ ᠪᠣᠶ ᠪᠣᠯᠭᠠᠨ᠎ᠠ᠃       ᠬᠤᠶᠠᠷ᠂ ᠤᠷᠢᠬᠤ ᠡᠷᠴᠢᠮ ᠢᠶᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ  ᠃       ᠣᠳᠣᠬᠠᠨ ᠪᠣᠯᠲᠠᠯ᠎ᠠ᠂ ᠮᠠᠨ ᠤ ᠰᠢᠶᠠᠨ 17 ᠤᠳᠠᠭ᠎ᠠ᠂ 18 ᠤᠳᠠᠭ᠎ᠠ 《 ᠣᠷᠣᠭᠤᠯᠤᠨ ᠠᠪᠴᠢᠷᠠᠵᠤ 》᠂ 4 ᠲᠥᠷᠥᠯ ᠵᠦᠶᠯ ᠳᠤ ᠠᠮᠵᠢᠯᠲᠠ ᠲᠠᠢ ᠭᠡᠷ᠎ᠡ ᠲᠣᠭᠲᠠᠵᠤ᠂ ᠬᠤᠳᠠᠯᠳᠤᠭᠠᠴᠢᠨ ᠤᠷᠢᠬᠤ ᠠᠵᠢᠯ ᠢᠯᠡᠳᠲᠡ ᠦᠷ᠎ᠡ ᠪᠦᠲᠦᠮᠵᠢ ᠤᠯᠪᠠ  ᠃ ᠵᠢᠯ ᠤᠨ ᠡᠬᠢᠨ ᠠᠴᠠ ᠨᠠᠭᠠᠰᠢ᠂ ᠮᠠᠨ ᠤ ᠰᠢᠶᠠᠨ ᠷᠠᠰᠢᠶᠠᠨ ᠤ ᠮᠥᠰᠥ ᠴᠠᠰᠤᠨ ᠤ ᠨᠠᠶᠢᠷ ᠤᠨ ᠭᠡᠷ᠎ᠡ ᠲᠣᠭᠲᠠᠬᠤ ᠲᠥᠷᠥᠯ ᠵᠦᠶᠯ ᠤᠨ ᠠᠬᠢᠴᠠ ᠶᠢ ᠴᠢᠩᠭ᠎ᠠ ᠠᠩᠬᠠᠷᠴᠤ᠂ ᠭᠤᠸᠠᠩᠳᠦ᠋ᠩ ᠤᠨ ᠯᠢᠶᠠᠨ ᠱᠧᠩ ᠨᠠᠷᠢᠯᠢᠭ ᠮᠠᠰᠢᠨ ᠮᠧᠬᠠᠨᠢᠭ ᠦᠶᠯᠡᠳᠬᠦ ᠬᠢᠵᠠᠭᠠᠷᠲᠤ ᠺᠣᠮᠫᠠᠨᠢ᠂ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠣᠯᠠᠨ ᠠᠵᠤ ᠠᠬᠤᠶᠢᠯᠠᠯ ᠢ ᠮᠠᠨ ᠤ ᠰᠢᠶᠠᠨ ᠳᠤ ᠰᠢᠨᠵᠢᠯᠡᠨ ᠪᠠᠶᠢᠴᠠᠭᠠᠬᠤ  ᠶᠢᠨ ᠬᠠᠮᠲᠤ ᠲᠥᠷᠥᠯ ᠵᠦᠶᠯ ᠤᠨ ᠭᠡᠷ᠎ᠡ ᠲᠣᠭᠲᠠᠬᠤ ᠠᠵᠤ ᠠᠬᠤᠶᠢᠯᠠᠯ ᠲᠠᠢ ᠨᠢᠭᠲᠠ ᠬᠠᠷᠢᠯᠴᠠᠵᠤ᠂ ᠭᠡᠷ᠎ᠡ ᠲᠣᠭᠲᠠᠬᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠥᠷᠨᠢᠭᠦᠯᠦᠭᠰᠡᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠲᠣᠬᠢᠷᠠᠭᠤᠯᠵᠤ᠂ ᠭᠡᠷ᠎ᠡ ᠲᠣᠭᠲᠠᠬᠤ ᠲᠥᠷᠥᠯ ᠵᠦᠶᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠶᠢᠨ 4 ᠰᠠᠷ᠎ᠠ ᠶᠢᠨ ᠵᠢᠶᠠᠩᠰᠦ ᠶᠢᠨ ᠱᠠᠩᠬᠠᠢ ᠶᠢᠨ ᠠᠶᠠᠯᠠᠯ ᠵᠢᠴᠢ 6 ᠰᠠᠷ᠎ᠠ ᠶᠢᠨ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ ᠲᠦᠷᠦᠭᠦᠴᠦᠳ ᠤᠨ ᠬᠤᠷᠠᠯ ᠤᠨ ᠲᠣᠭᠤᠷᠢᠨ ᠳᠤ᠂ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠤᠷᠢᠳ ᠬᠤᠵᠢᠳ 5 ᠤᠳᠠᠭ᠎ᠠ ᠵᠢᠶᠠᠩᠰᠦ᠂ ᠱᠠᠩᠬᠠᠢ᠂ ᠪᠡᠭᠡᠵᠢᠩ᠂ ᠭᠤᠸᠠᠩᠳᠦ᠋ᠩ᠂ ᠾᠧᠪᠸᠢ ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠵᠤ ᠰᠢᠨ᠎ᠡ ᠲᠦᠷᠦᠯ ᠵᠦᠢᠯ ᠤᠨ ᠭᠡᠷ᠎ᠡ ᠲᠣᠭᠲᠠᠬᠤ ᠶᠢ ᠪᠠᠲᠤᠯᠠᠪᠠ  ᠃       ᠭᠤᠷᠪᠠ᠂ ᠦᠶᠯᠡᠴᠢᠯᠡᠭᠡ ᠪᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ  ᠃      ᠭᠤᠣᠯᠳᠠᠯᠭ᠎ᠠ ᠲᠠᠢ ᠲᠥᠷᠥᠯ ᠵᠦᠢᠯ ᠳᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠤᠨ ᠲᠥᠷᠥᠯ ᠵᠦᠢᠯ ᠤᠨ ᠡᠮᠦᠨᠡᠬᠢ ᠬᠤᠭᠤᠴᠠᠭ᠎ᠠ ᠪᠣᠯᠤᠨ ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠢ ᠵᠣᠬᠢᠴᠠᠭᠤᠯᠤᠨ ᠰᠤᠳᠤᠯᠵᠤ ᠰᠢᠶᠳᠪᠦᠷᠢᠯᠡᠨ᠎ᠡ︔ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤ 《 ᠶᠡᠬᠡᠳᠡᠬᠦ ᠳᠤ ᠪᠠᠨ ᠨᠢᠭᠡ ᠯᠡ ᠤᠳᠠᠭ᠎ᠠ ᠣᠴᠢᠵᠤ ᠭᠦᠶᠴᠡᠳᠬᠡᠬᠦ 》 ᠦᠶᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠶᠢ ᠬᠢᠨᠠᠨ ᠬᠠᠮᠢᠶᠠᠷᠬᠤ ᠪᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠪᠥᠬᠦ ᠰᠢᠶᠠᠨ ᠯᠤᠭ᠎ᠠ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠴᠢᠨᠠᠷ ᠰᠠᠶᠢᠲᠠᠶ ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ 《 ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ 》 ᠶᠢ ᠬᠡᠷᠡᠭᠵᠢᠭᠦᠯᠦᠨ᠎ᠡ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠮᠠᠯᠠᠯᠲᠠ ᠶᠢᠨ ᠳᠦᠷᠢᠮ  ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠪᠠᠷᠢᠮᠵᠢᠶᠠᠵᠢᠭᠤᠯᠬᠤ᠂ ᠤᠶᠤᠨᠴᠢᠯᠠᠬᠤ᠂ ᠳᠥᠭᠦᠮᠴᠢᠯᠡᠬᠦ 《 ᠨᠢᠭᠡ ᠳᠦᠷᠢᠮ ᠭᠤᠷᠪᠠᠵᠢᠭᠤᠯᠬᠤ 》 ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠠᠵᠢᠯ ᠡᠬᠢᠯᠡᠭᠦᠯᠬᠦ ᠠᠴᠠ ᠡᠮᠦᠨᠡᠬᠢ ᠬᠢᠨᠠᠨ ᠵᠥᠪᠰᠢᠶᠡᠷᠡᠬᠦ ᠴᠠᠭ ᠢ 30 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠨ᠎ᠠ  ᠃     ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠩᠬᠠᠷᠤᠯ ᠲᠠᠯᠪᠢᠭᠰᠠᠨ ᠳᠤ ᠴᠢᠨᠢ ᠪᠠᠶᠠᠷᠯᠠᠯ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号