ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ 0178 ᠳ᠋ᠤᠭᠠᠷ ᠲᠣᠭᠠᠲᠤ ᠰᠠᠨᠠᠯ ᠳᠤᠷᠠᠳᠤᠯᠭ᠎ᠠ ᠶᠢᠨ ᠲᠤᠬᠠᠶ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠯᠲᠠ
ᠨᠡᠶᠢᠲᠡᠯᠡᠭᠰᠡᠨ ᠴᠠᠭ᠄
2021/9/30
     ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠲᠤᠬᠠᠶ ᠰᠠᠨᠠᠯ ᠵᠥᠪᠯᠡᠯᠭᠡ ( 0092 ᠳ᠋ᠤᠭᠠᠷ ᠲᠣᠭᠠᠲᠤ᠂ 016 ᠳ᠋ᠤᠭᠠᠷ ᠲᠣᠭᠠᠲᠤ᠂ 0091 ᠳ᠋ᠦ᠋ᠭᠡᠷ ᠲᠣᠭᠠᠲᠤ ᠶᠢ ᠨᠡᠶᠢᠯᠡᠭᠦᠯᠦᠨ ᠣᠷᠣᠭᠤᠯᠪᠠ )       ᠠᠭᠤᠯᠭ᠎ᠠ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ  ᠪᠠᠨ ᠪᠣᠯᠭᠠᠭᠰᠠᠨ ᠨᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠪᠣᠯᠤᠭᠰᠠᠭᠠᠷ ᠢᠷᠡᠪᠡ  ᠃ ᠢᠯᠴᠢ ᠬᠠᠩᠭᠠᠬᠤ ᠨᠢ ᠠᠷᠠᠳ ᠣᠯᠠᠨ ᠤ ᠬᠦᠢᠲᠡᠨ ᠳᠤᠯᠠᠭᠠᠨ ᠲᠠᠢ ᠬᠤᠯᠪᠣᠭᠳᠠᠵᠤ᠂ ᠢᠯᠠᠩᠭᠤᠶ᠎ᠠ ᠮᠠᠨ ᠤ ᠠᠶᠢᠮᠠᠭ ᠰᠢᠭ ᠤᠮᠠᠷᠠᠲᠤ ᠶᠢᠨ ᠬᠠᠬᠢᠷ ᠬᠦᠢᠲᠡᠨ ᠭᠠᠵᠠᠷ ᠣᠷᠣᠨ ᠳᠤ᠂ ᠢᠯᠴᠢ ᠬᠠᠩᠭᠠᠬᠤ ᠶᠠᠰᠤ ᠴᠢᠨᠠᠷ ᠤᠨ ᠰᠠᠶᠢᠨ ᠮᠠᠭᠤ  ᠨᠢ ᠠᠷᠠᠳ ᠣᠯᠠᠨ ᠤ ᠠᠮᠢᠳᠤᠷᠠᠯ ᠤᠨ ᠶᠠᠰᠤ ᠴᠢᠨᠠᠷ ᠲᠤ ᠬᠤᠯᠪᠣᠭᠳᠠᠬᠤ ᠪᠠᠷ ᠪᠠᠷᠠᠬᠤ ᠦᠭᠡᠶ ᠪᠠᠰᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠵᠢᠴᠢ ᠵᠠᠰᠠᠭ ᠤᠨ ᠣᠷᠳᠣᠨ ᠤ ᠠᠷᠠᠳ ᠲᠦᠮᠡᠨ ᠤ ᠰᠡᠳᠬᠢᠯ ᠳᠠᠬᠢ ᠳᠦᠷᠢ ᠲᠥᠷᠬᠦ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠨᠢᠭᠡᠨ ᠴᠢᠬᠤᠯᠠ ᠢᠨᠵᠧᠨᠧᠷᠢᠩ ᠪᠣᠯᠤᠨ᠎ᠠ  ᠃      ᠣᠷᠣᠰᠢᠵᠤ ᠪᠠᠶᠢᠭ᠎ᠠ ᠠᠰᠠᠭᠤᠳᠠᠯ᠄      ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠠᠴᠠ ᠦᠵᠡᠪᠡᠯ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠲᠣᠤᠷ᠂ ᠢᠯᠴᠢ ᠰᠣᠯᠢᠬᠤ ᠲᠥᠬᠦᠭᠡᠷᠦᠮᠵᠢ ᠵᠡᠷᠭᠡ ᠲᠥᠬᠦᠭᠡᠷᠦᠮᠵᠢ ᠨᠢ ᠨᠡᠯᠢᠶᠡᠳ ᠰᠢᠨ᠎ᠡ ᠪᠠᠶᠢᠵᠤ᠂ ᠠᠳᠠᠯᠢ ᠲᠠᠰ ᠤᠨ ᠢᠯᠴᠢ ᠬᠠᠩᠭᠠᠬᠤ ᠨᠥᠬᠦᠴᠡᠯ ᠳᠣᠤᠷ᠎ᠠ᠂ ᠢᠯᠴᠢ ᠬᠠᠩᠭᠠᠬᠤ ᠦᠷ᠎ᠡ ᠪᠦᠲᠦᠮᠵᠢ ᠨᠢ ᠨᠡᠶᠢᠳᠡᠮ ᠳᠡᠭᠡᠨ ᠨᠡᠯᠢᠶᠡᠳ ᠰᠠᠶᠢᠨ ᠪᠠᠶᠢᠵᠤ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠨᠢ ᠦᠨᠳᠦᠰᠦᠨ ᠳᠡᠭᠡᠨ 22 °C - 24 °C ᠪᠠᠶᠢᠵᠤ᠂ ᠵᠠᠷᠢᠮ ᠰᠠᠭᠤᠭᠠᠯᠢ ᠠᠷᠠᠳ ᠤᠨ ᠬᠡᠷ ᠨᠢ ᠴᠢᠨᠠᠭᠰᠢᠯᠠᠭᠠᠳ ᠬᠡᠰᠡᠭ ᠨᠡᠭᠡᠯᠡᠬᠡᠶ ᠪᠠᠨ ᠬᠠᠭᠠᠵᠤ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠴᠢᠬᠤᠯᠠᠲᠠᠶ ᠪᠠᠶᠢᠨ᠎ᠠ  ᠃ ᠭᠡᠪᠡᠴᠦ ᠵᠠᠷᠢᠮ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠤᠭᠰᠠᠨ ᠣᠨ ᠵᠢᠯ ᠨᠢ ᠨᠡᠯᠢᠶᠡᠳ ᠡᠷᠲᠡ ᠪᠠᠶᠢᠵᠤ᠂ ᠢᠯᠴᠢ ᠬᠠᠩᠭᠠᠬᠤ ᠬᠤᠭᠤᠯᠠᠶ ᠲᠣᠤᠷ᠂ ᠢᠯᠴᠢ ᠰᠣᠯᠢᠬᠤ ᠲᠥᠬᠦᠭᠡᠷᠦᠮᠵᠢ ᠵᠡᠷᠭᠡ ᠲᠥᠬᠦᠭᠡᠷᠦᠮᠵᠢ ᠨᠢ ᠵᠣᠬᠢᠬᠤ ᠬᠡᠮᠵᠢᠶ᠎ᠡ ᠪᠠᠷ ᠬᠠᠭᠤᠴᠢᠷᠠᠵᠤ᠂ ᠢᠯᠴᠢ ᠬᠠᠩᠭᠠᠬᠤ ᠦᠷ᠎ᠡ ᠪᠦᠲᠦᠮᠵᠢ ᠶᠢ ᠡᠩ  ᠤᠨ ᠪᠣᠯᠭᠠᠵᠤ᠂ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠵᠥᠪᠬᠡᠨ 18 °C 20 °C ᠤᠨ ᠬᠤᠭᠤᠷᠣᠨᠳᠣ ᠪᠠᠶᠢᠯᠭᠠᠵᠤ᠂ ᠣᠨᠴᠠ ᠵᠠᠷᠢᠮ ᠰᠠᠭᠤᠭᠠᠯᠢ ᠡᠷᠦᠬᠡ ᠶᠢᠨ ᠬᠢᠨ ᠴᠢᠨᠠᠭᠰᠢᠯᠠᠪᠠᠯ ᠵᠥᠪᠬᠡᠨ 18 °C ᠣᠷᠴᠢᠮ ᠪᠠᠶᠢᠯᠭᠠᠵᠤ ᠪᠠᠶᠢᠨ᠎ᠠ  ᠃ ᠬᠡᠳᠦᠶᠢᠪᠡᠷ ᠬᠠᠮᠤᠭ ᠳᠣᠤᠷ᠎ᠠ ᠳᠤᠯᠠᠭᠠᠨ ᠤ ᠪᠠᠷᠢᠮᠵᠢᠶ᠎ᠠ ᠶᠢᠨ ᠱᠠᠭᠠᠷᠳᠠᠯᠭ᠎ᠠ ᠶᠢ ᠬᠠᠩᠭᠠᠵᠤ ᠳᠡᠶᠢᠯᠬᠦ ᠪᠣᠯᠪᠠᠴᠤ᠂ ᠣᠯᠠᠩᠬᠢ ᠰᠠᠭᠤᠭᠠᠯᠢ ᠠᠷᠠᠳ ᠲᠤ ᠠᠪᠴᠤ ᠬᠡᠯᠡᠪᠡᠯ᠂ ᠣᠨᠴᠠᠭᠠᠶᠢᠯᠠᠨ ᠨᠠᠰᠤᠲᠠᠶᠢᠴᠤᠳ᠂ ᠬᠡᠦᠬᠡᠳ᠂ ᠡᠪᠡᠳᠴᠢᠨ ᠡᠮᠭᠡᠭ᠂ ᠬᠥᠬᠦᠭᠦᠯ ᠬᠤᠭᠤᠴᠠᠭᠠᠨ ᠤ ᠡᠮᠡᠭᠲᠡᠶᠢᠴᠦᠳ ᠵᠡᠷᠭᠡ ᠢᠯᠴᠢ ᠶᠢᠨ ᠬᠡᠷᠡᠭᠴᠡᠭᠡ ᠪᠠᠷ ᠨᠡᠯᠢᠶᠡᠳ ᠥᠨᠳᠥᠷ ᠬᠥᠮᠦᠰ ᠲᠤ ᠠᠪᠴᠤ ᠬᠡᠯᠡᠪᠡᠯ ᠮᠥᠨ ᠴᠦ ᠨᠢᠭᠡᠨ ᠲᠠᠭᠠᠯᠠᠮᠵᠢ ᠥᠬᠡᠶ ᠳᠤᠯᠠᠭᠠᠨ ᠤ ᠬᠡᠮᠵᠢᠶ᠎ᠡ ᠪᠣᠯᠤᠨ᠎ᠠ  ᠃ ᠡᠶᠢᠮᠦᠷᠬᠦ ᠬᠠᠯᠠᠭᠤᠨ ᠬᠦᠶᠲᠡᠨ ᠤ ᠬᠠᠷᠢᠴᠠᠯ ᠨᠢ ᠪᠠᠰᠠ ᠬᠡᠰᠡᠭ ᠰᠠᠭᠤᠭᠠᠯᠢ ᠠᠷᠠᠳ ᠤᠨ ᠰᠡᠳᠬᠢᠯ ᠳᠤ ᠵᠥᠷᠢᠶ᠎ᠡ ᠭᠠᠷᠭᠠᠵᠤ᠂ ᠬᠠᠯᠠᠭᠤᠨ ᠢ ᠬᠡᠷᠡᠭᠯᠡᠬᠦ ᠲᠠᠯ᠎ᠠ ᠪᠠᠷ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠪᠠᠭᠤᠷᠠᠭᠤᠯᠤᠭᠰᠠᠨ ᠪᠥᠭᠡᠳ ᠪᠠᠰᠠ ᠢᠯᠴᠢ ᠬᠠᠩᠭᠠᠬᠤ ᠶᠠᠰᠤ ᠴᠢᠨᠠᠷ ᠤᠨ ᠲᠤᠬᠠᠶ ᠵᠠᠭᠠᠯᠳᠤᠯᠭ᠎ᠠ ᠶᠢ ᠨᠡᠯᠢᠶᠡᠳ ᠠᠷᠪᠢᠨ ᠭᠠᠷᠭᠠᠵᠠᠶ  ᠃      ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠳᠠᠲᠠᠢ ᠰᠠᠨᠠᠭᠤᠯᠭ᠎ᠠ᠄     ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠤᠰᠬᠠᠶ ᠵᠦᠶᠯ ᠤᠨ ᠪᠡᠯᠡ ᠮᠥᠩᠭᠦ  ᠶᠢᠨ ᠪᠠᠲᠤᠯᠠᠭ᠎ᠠ ᠶᠢᠨ ᠡᠷᠴᠢᠮ ᠢᠶᠠᠨ ᠨᠡᠮᠡᠭᠳᠡᠭᠦᠯᠵᠦ᠂ ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠤᠰᠬᠠᠶ ᠵᠦᠶᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠨ᠂ ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠲᠥᠷᠥᠯ ᠵᠦᠶᠯ ᠢ ᠭᠤᠤᠯᠳᠠᠯᠭ᠎ᠠ ᠲᠠᠢ ᠲᠡᠳᠬᠦᠵᠦ᠂ ᠬᠠᠷᠢᠶ᠎ᠠ ᠣᠷᠣᠨ ᠤ ᠳᠣᠲᠣᠷᠠᠬᠢ ᠬᠠᠭᠤᠴᠢᠨ ᠬᠠᠭᠤᠴᠢᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠰᠡᠯᠪᠢᠨ ᠵᠠᠰᠠᠵᠤ ᠰᠣᠯᠢᠬᠤ ᠶᠢ ᠲᠦᠷᠭᠡᠳᠬᠡᠨ᠂ ᠰᠢᠨ᠎ᠡ ᠪᠠᠷ ᠪᠠᠶᠢᠭᠤᠯᠬᠤ ᠰᠠᠭᠤᠭᠠᠯᠢ ᠲᠣᠭᠤᠷᠢᠭ ᠬᠢᠭᠡᠳ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠢᠯᠴᠢ ᠬᠠᠩᠭᠠᠬᠤ ᠦᠷ᠎ᠡ ᠪᠦᠲᠦᠮᠵᠢ ᠲᠡᠩᠴᠡᠭᠦᠷᠢ ᠦᠭᠡᠶ ᠪᠠᠶᠢᠬᠤ ᠠᠰᠠᠭᠤᠳᠠᠯ ᠢ ᠲᠤᠶᠢᠯᠪᠤᠷᠢᠲᠠᠶ ᠰᠢᠶᠳᠪᠦᠷᠢᠯᠡᠬᠦ ᠬᠡᠷᠡᠭᠲᠡᠶ  ᠃       ᠰᠠᠨᠠᠯ ᠵᠥᠪᠯᠡᠯᠭᠡ ᠶᠢᠨ ᠳ᠋ᠤᠭᠠᠷ᠄ 116 ᠳ᠋ᠤᠭᠠᠷ       ᠰᠠᠨᠠᠯ ᠵᠥᠪᠯᠡᠯᠭᠡ ᠳᠤᠷᠠᠳᠤᠭᠰᠠᠨ ᠬᠥᠮᠦᠨ᠄ ᠡᠦ ᠰᠢᠦ ᠭᠠᠩ     ᠭᠠᠷᠴᠠᠭ᠄ ᠢᠯᠴᠢ ᠬᠠᠩᠭᠠᠬᠤ ᠠᠵᠤ ᠠᠬᠤᠶᠢᠯᠠᠯ ᠤᠨ ᠦᠶᠯᠡᠴᠢᠯᠡᠭᠡ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠰᠠᠨᠠᠯ ᠳᠤᠷᠠᠳᠤᠯᠭ᠎ᠠ       ᠠᠭᠤᠯᠭ᠎ᠠ᠄     ᠤᠮᠠᠷᠠᠲᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠠᠰᠠᠭᠤᠳᠠᠯ ᠪᠣᠯ ᠠᠷᠠᠳ ᠲᠦᠮᠡᠨ ᠤ ᠡᠳᠦᠷ ᠲᠤᠲᠤᠮ ᠤᠨ ᠠᠮᠢᠳᠤᠷᠠᠯ ᠳᠤᠮᠳᠠᠬᠢ ᠨᠢᠭᠡᠨ ᠶᠡᠭᠡ ᠠᠰᠠᠭᠤᠳᠠᠯ ᠪᠣᠯᠤᠨ᠎ᠠ᠂ ᠬᠡᠳᠦᠨ ᠵᠢᠯ ᠤᠨ ᠲᠤᠷᠰᠢ᠂ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠨᠢ ᠪᠠᠷᠢᠮᠵᠢᠶ᠎ᠠ ᠳᠤ ᠬᠥᠷᠬᠦ ᠥᠬᠡᠶ ᠪᠠᠶᠢᠬᠤ ᠲᠠᠯ᠎ᠠ ᠪᠠᠷ ᠴᠥᠮ ᠠᠳᠠᠯᠢ ᠪᠤᠰᠤ ᠬᠡᠮᠵᠢᠶᠡᠨ ᠤ ᠬᠦᠰᠡᠯ ᠱᠠᠭᠠᠷᠳᠠᠯᠭ᠎ᠠ ᠲᠠᠢ ᠪᠠᠶᠢᠵᠤ᠂ ᠳᠤᠯᠠᠭᠠᠯᠠᠭ᠎ᠠ ᠶᠢᠨ ᠲᠡᠩᠴᠡᠭᠦᠷᠢ ᠥᠬᠡᠶ ᠪᠠᠶᠢᠬᠤ ᠠᠰᠠᠭᠤᠳᠠᠯ ᠢ ᠶᠡᠷᠦ ᠠᠴᠠ ᠪᠦᠲᠦᠮᠵᠢᠲᠡᠶ ᠰᠢᠶᠳᠪᠦᠷᠢᠯᠡᠵᠦ ᠴᠢᠳᠠᠭᠰᠠᠨ ᠥᠬᠡᠶ ᠶᠤᠮ  ᠃      ᠣᠶᠢᠷ᠎ᠠ ᠶᠢᠨ ᠬᠡᠳᠦᠨ ᠵᠢᠯ ᠳᠤ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠳᠤᠯᠠᠭᠠᠯᠠᠭ᠎ᠠ ᠬᠠᠩᠭᠠᠬᠤ ᠦᠶᠯᠡᠴᠢᠯᠡᠭᠡ ᠳᠤ ᠨᠡᠮᠡᠭᠰᠡᠨ ᠵᠠᠷᠢᠮ ᠠᠯᠪᠠᠳᠠᠯᠭ᠎ᠠ ᠶᠢᠨ ᠨᠥᠬᠦᠴᠡᠯ ᠨᠢ ᠬᠡᠷᠡᠭᠯᠡᠭᠴᠢᠳ ᠢ ᠲᠥᠭᠡᠷᠢᠭᠳᠡᠭᠦᠯᠦᠭᠰᠡᠨ ᠪᠠ ᠣᠶᠢᠯᠠᠭᠠᠬᠤ ᠥᠬᠡᠶ ᠪᠣᠯᠭᠠᠵᠤ᠂ ᠲᠣᠪᠣᠶᠢᠮ᠎ᠠ ᠠᠰᠠᠭᠤᠳᠠᠯ ᠨᠢ ᠳᠤᠯᠠᠭᠠᠯᠠᠯᠭ᠎ᠠ ᠶᠢ ᠵᠣᠭᠰᠣᠭᠠᠵᠤ ᠪᠠᠶᠢᠭ᠎ᠠ ᠠᠰᠠᠭᠤᠳᠠᠯ ᠪᠣᠯᠤᠨ᠎ᠠ  ᠃ ᠵᠠᠯᠠᠢᠳ ᠬᠤᠰᠢᠭᠤᠨ ᠳᠤ ᠢᠮᠦ ᠪᠠᠢᠳᠠᠯ ᠣᠷᠣᠰᠢᠵᠤ ᠪᠠᠶᠢᠨ᠎ᠠ᠂ ᠪᠤᠰᠤᠳ ᠬᠤᠰᠢᠭᠤ᠂ ᠰᠢᠶᠠᠨ᠂ ᠬᠤᠲᠠ ᠮᠡᠳᠡᠬᠦ ᠦᠭᠡᠢ  ᠃ ᠣᠯᠠᠨ ᠵᠦᠶᠯ ᠤᠨ ᠰᠢᠯᠲᠠᠭᠠᠨ ᠠᠴᠠ ᠪᠣᠯᠵᠣ ᠡᠪᠦᠯ ᠤᠨ ᠤᠯᠠᠷᠢᠯ ᠤᠨ ᠳᠤᠯᠠᠭᠠᠯᠠᠭ᠎ᠠ  ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠲᠤ ᠡᠪᠦᠯᠵᠢᠬᠦ ᠥᠬᠡᠶ ᠢᠯᠴᠢ ᠬᠠᠩᠭᠠᠬᠤ ᠶᠢ ᠵᠣᠭᠰᠣᠭᠠᠬᠤ ᠴᠢᠬᠤᠯᠠᠲᠠᠶ ᠰᠠᠭᠤᠭᠠᠯᠢ ᠠᠷᠠᠳ ᠵᠢᠯ ᠳᠠᠷᠠᠭᠠᠯᠠᠨ ᠨᠡᠮᠡᠭᠳᠡᠭᠰᠡᠨ ᠪᠣᠯᠪᠠᠴᠤ ᠰᠠᠭᠤᠭᠠᠯᠢ ᠠᠷᠠᠳ ᠢᠯᠴᠢ ᠶᠢ ᠵᠣᠭᠰᠣᠭᠠᠬᠤ ᠭᠤᠶᠤᠴᠢᠯᠠᠯ ᠢᠶᠠᠨ ᠭᠦᠶᠴᠡᠳᠬᠡᠬᠦ ᠦᠶ᠎ᠡ ᠳᠤ ᠬᠠᠷᠢᠨ ᠪᠣᠭᠤᠮᠢ ᠶᠢᠨ ᠠᠰᠠᠭᠤᠳᠠᠯ ᠳᠤ ᠲᠤᠯᠭᠠᠷᠠᠵᠠᠶ  ᠃ ᠳᠤᠯᠠᠭᠠᠯᠭ᠎ᠠ ᠬᠠᠩᠭᠠᠬᠤ ᠠᠵᠤ ᠠᠬᠤᠶᠢᠯᠠᠯ ᠤᠨ ᠲᠣᠭᠲᠠᠭᠠᠯ ᠶᠣᠰᠣᠭᠠᠷ ᠪᠣᠯ᠂ ᠮᠡᠳᠡᠭᠦᠯᠵᠦ ᠵᠣᠭᠰᠣᠭᠠᠬᠤ ᠳᠤ ᠡᠷᠬᠡᠪᠰᠢ ᠬᠥᠷᠰᠢ ᠵᠡᠷᠭᠡᠯᠡᠳᠡᠭᠡ᠂ ᠠᠰᠠᠷ ᠳᠡᠭᠡᠷ᠎ᠡ ᠠᠰᠠᠷ ᠳᠣᠣᠷ᠎ᠠ ᠰᠠᠭᠤᠭ᠎ᠠ ᠡᠷᠦᠬᠡ ᠪᠦᠬᠦᠨ ᠵᠥᠪᠰᠢᠶᠡᠷᠡᠭᠰᠡᠨ ᠤ ᠳᠠᠷᠠᠭ᠎ᠠ ᠰᠠᠶ᠋ᠢ ᠮᠡᠳᠡᠭᠦᠯᠵᠦ ᠵᠣᠭᠰᠣᠭᠠᠬᠤ ᠭᠠᠷ ᠭᠦᠢᠴᠡᠳᠬᠡᠯ ᠬᠢᠵᠦ ᠪᠣᠯᠬᠤ ᠪᠥᠭᠡᠳ 25 % ᠶᠢᠨ ᠦᠨᠳᠦᠰᠦᠨ ᠢᠯᠴᠢ ᠶᠢᠨ ᠰᠦᠢᠳᠬᠡᠯ ᠲᠤᠰᠢᠶᠠᠬᠤ ᠬᠡᠷᠡᠭᠲᠡᠶ  ᠃     ᠣᠷᠣᠰᠢᠵᠤ ᠪᠠᠶᠢᠭ᠎ᠠ ᠭᠤᠤᠯ ᠠᠰᠠᠭᠤᠳᠠᠯ᠄ ᠬᠡᠷᠡᠭᠯᠡᠭᠴᠢ ᠢᠯᠴᠢ ᠬᠠᠩᠭᠠᠬᠤ ᠪᠠᠨ ᠮᠡᠳᠡᠭᠦᠯᠦᠭᠡᠳ ᠵᠣᠭᠰᠣᠭᠠᠵᠤ ᠪᠣᠯᠬᠤ ᠥᠬᠡᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠲᠦᠷᠢᠮ ᠤᠨ ᠲᠣᠭᠲᠠᠭᠠᠯ ᠶᠣᠰᠣᠭᠠᠷ ᠪᠣᠯ ᠵᠦᠶ ᠶᠣᠰᠣᠨ ᠤ ᠲᠣᠭᠠᠴᠢᠯᠲᠠ ᠳᠤ ᠲᠣᠭᠠᠴᠠᠭᠳᠠᠨ᠎ᠠ᠂ ᠵᠥᠪᠬᠡᠨ ᠦᠨᠳᠦᠰᠦᠨ ᠢᠯᠴᠢ  ᠶᠢᠨ ᠰᠦᠶᠳᠬᠡᠯ ᠢ ᠭᠦᠶᠴᠡᠳ ᠲᠤᠰᠢᠶᠠᠪᠠᠯ ᠪᠣᠯᠴᠢᠬᠠᠨ᠎ᠠ᠂ ᠭᠡᠪᠡᠴᠦ ᠢᠯᠴᠢ ᠬᠠᠩᠭᠠᠬᠤ ᠠᠵᠤ ᠠᠬᠤᠶᠢᠯᠠᠯ ᠨᠢ ᠮᠡᠳᠡᠭᠦᠯᠬᠦ ᠪᠠᠨ ᠵᠣᠭᠰᠣᠭᠠᠪᠠᠯ ᠪᠤᠰᠤᠳ ᠰᠠᠭᠤᠭᠠᠯᠢ ᠡᠷᠦᠬᠡ ᠶᠢᠨ ᠬᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠨᠥᠯᠥᠭᠡᠯᠡᠨ᠎ᠡ ᠭᠡᠵᠦ ᠴᠢᠬᠤᠯᠠᠴᠢᠯᠠᠳᠠᠭ᠂ ᠵᠡᠷᠭᠡᠯᠡᠳᠡᠭᠡ ᠠᠶᠢᠯ ᠤᠨ ᠰᠠᠭᠤᠭᠠᠯᠢ ᠡᠷᠦᠬᠡ ᠶᠢᠨ ᠨᠢᠭᠡ ᠡᠷᠦᠬᠡ ᠨᠢ ᠵᠥᠪᠰᠢᠶᠡᠷᠡᠬᠦ ᠥᠬᠡᠶ ᠪᠣᠯ ᠭᠦᠶᠴᠡᠳᠬᠡᠵᠦ ᠥᠭᠬᠦ ᠥᠬᠡᠶ᠂ ᠡᠭᠦᠨ ᠢ ᠦᠨᠳᠦᠰᠦᠯᠡᠪᠡᠯ ᠵᠢᠯ ᠪᠦᠷᠢ ᠴᠥᠮ ᠬᠡᠷᠡᠭᠯᠡᠭᠴᠢ ᠮᠡᠳᠡᠭᠦᠯᠬᠦ ᠪᠠᠨ ᠵᠣᠭᠰᠣᠭᠠᠵᠤ ᠳᠡᠶᠢᠯᠬᠦ ᠥᠬᠡᠶ ᠶᠤᠮ  ᠃ ᠬᠡᠷᠪᠡ 100 ᠲᠡᠭᠰᠢ ᠳᠥᠷᠪᠡᠯᠵᠢᠨ ᠮᠧᠲᠷ ᠤᠨ ᠣᠷᠣᠨ ᠰᠠᠭᠤᠴᠠ ᠪᠣᠯ᠂ ᠳᠤᠯᠠᠭᠠᠯᠠᠭ᠎ᠠ ᠶᠢᠨ ᠰᠦᠶᠳᠬᠡᠯ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 27 . 5 ᠲᠥᠭᠦᠷᠢᠭ᠂ ᠬᠡᠪ ᠤᠨ ᠶᠣᠰᠣᠭᠠᠷ ᠲᠤᠰᠢᠶᠠᠪᠠᠯ 2750 ᠲᠥᠭᠦᠷᠢᠭ᠂ ᠮᠡᠳᠡᠭᠦᠯᠵᠦ ᠵᠣᠭᠰᠣᠭᠠᠭᠰᠠᠨ ᠤ ᠳᠠᠷᠠᠭ᠎ᠠ᠂ ᠵᠥᠪᠬᠡᠨ 687 . 5 ᠶᠢᠨ ᠢᠯᠴᠢ ᠶᠢᠨ ᠰᠦᠶᠳᠬᠡᠯ ( 25 % ᠶᠢᠨ ᠦᠨᠳᠦᠰᠦᠨ ᠢᠯᠴᠢ ᠶᠢᠨ ᠰᠦᠶᠳᠬᠡᠯ ) ᠲᠤᠰᠢᠶᠠᠪᠠᠯ ᠪᠣᠯᠴᠢᠬᠠᠨ᠎ᠠ  ᠃    ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠳᠠᠲᠠᠢ ᠰᠠᠨᠠᠭᠤᠯᠭ᠎ᠠ᠄    1 . ᠢᠯᠴᠢ ᠬᠠᠩᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠴᠠᠭᠠᠵᠠ ᠶᠢᠨ ᠭᠡᠷᠡᠴᠢ ᠥᠬᠡᠶ ᠦᠶᠯᠡ ᠠᠵᠢᠯᠯᠠᠭ᠎ᠠ ᠶᠢ ᠳᠠᠭᠤᠳᠠᠵᠤ ᠵᠣᠭᠰᠣᠭᠠᠬᠤ ᠶᠢᠨ ᠬᠠᠮᠲᠤ ᠴᠠᠭᠠᠵᠠᠯᠠᠨ᠎ᠠ  ᠃    2 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠯᠴᠢ ᠬᠠᠩᠭᠠᠬᠤ ᠬᠠᠮᠢᠶᠠᠷᠤᠯᠲᠠ ᠶᠢᠨ ᠳᠦᠷᠢᠮ ᠶᠣᠰᠣᠭᠠᠷ᠂ ᠮᠠᠨ ᠤ ᠠᠶᠢᠮᠠᠭ ᠤᠨ ᠡᠯ᠎ᠡ ᠬᠤᠰᠢᠭᠤ᠂ ᠰᠢᠶᠠᠨ᠂ ᠬᠤᠲᠠ ᠨᠤᠭᠤᠳ ᠢᠯᠴᠢ ᠶᠢ ᠬᠡᠮᠵᠢᠨ ᠢᠯᠴᠢ ᠬᠠᠩᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠬᠦ ᠬᠡᠷᠡᠭᠲᠡᠶ  ᠃    3 . ᠢᠯᠴᠢ ᠬᠠᠩᠭᠠᠬᠤ ᠠᠵᠤ ᠠᠬᠤᠶᠢᠯᠠᠯ ᠤᠳ ᠥᠪᠡᠷ ᠢ ᠪᠠᠨ ᠱᠠᠭᠠᠷᠳᠠᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠦᠶᠯᠡᠴᠢᠯᠡᠭᠡᠨ ᠤ ᠦᠢᠯᠡ ᠠᠵᠢᠯᠯᠠᠭ᠎ᠠ ᠶᠢ ᠲᠠᠰᠤᠷᠠᠯᠲᠠ ᠤᠢᠭᠡᠢ ᠵᠢᠷᠤᠮᠵᠢᠭᠤᠯᠤᠨ᠂ ᠦᠶᠯᠡᠴᠢᠯᠡᠭᠡᠨ  ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠡᠶ᠎ᠡ ᠵᠣᠬᠢᠴᠠᠯ ᠲᠠᠢ ᠪᠠᠶᠢᠬᠤ ᠶᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ  ᠃     ᠰᠠᠨᠠᠯ ᠵᠥᠪᠯᠡᠯᠭᠡ ᠶᠢᠨ ᠳ᠋ᠤᠭᠠᠷ᠄ 0091 ᠳ᠋ᠦ᠋ᠭᠡᠷ     ᠰᠠᠨᠠᠯ ᠵᠥᠪᠯᠡᠯᠭᠡ ᠳᠤᠷᠠᠳᠤᠭᠰᠠᠨ ᠬᠥᠮᠦᠨ᠄ ᠵᠠᠩ ᠼᠠᠢ ᠬᠤᠸᠠ     ᠰᠠᠨᠠᠯ ᠵᠥᠪᠯᠡᠯᠭᠡ ᠶᠢᠨ ᠭᠠᠷᠴᠠᠭ᠄ ᠢᠯᠴᠢ ᠬᠠᠩᠭᠠᠬᠤ ᠲᠡᠩᠴᠡᠭᠦᠷᠢ ᠦᠭᠡᠶ ᠠᠰᠠᠭᠤᠳᠠᠯ ᠢ ᠰᠢᠶᠳᠪᠦᠷᠢᠯᠡᠬᠦ ᠲᠤᠬᠠᠶ       ᠠᠭᠤᠯᠭ᠎ᠠ᠄    ᠡᠪᠦᠯ ᠤᠨ ᠤᠯᠠᠷᠢᠯ ᠳᠤ ᠲᠥᠪᠯᠡᠷᠡᠭᠦᠯᠦᠨ ᠢᠯᠴᠢ ᠬᠠᠩᠭᠠᠬᠤ ᠪᠣᠯ ᠠᠷᠠᠳ ᠤᠨ ᠠᠮᠢᠳᠤᠷᠠᠯ ᠤᠨ ᠲᠣᠮᠣ ᠶᠠᠪᠤᠳᠠᠯ ᠮᠥᠨ᠂ ᠭᠡᠪᠡᠴᠦ ᠲᠡᠦᠬᠡ ᠶᠢᠨ ᠰᠢᠯᠲᠠᠭᠠᠨ ᠠᠴᠠ ᠪᠣᠯᠵᠣ᠂ ᠮᠠᠨ ᠤ ᠠᠶᠢᠮᠠᠭ ᠤᠨ ᠡᠯ᠎ᠡ ᠬᠤᠲᠠ ᠳᠤ ᠴᠥᠮ ᠢᠯᠴᠢ ᠬᠠᠩᠭᠠᠯᠭ᠎ᠠ ᠲᠡᠭᠰᠢ ᠪᠤᠰᠤ ᠪᠠᠶᠢᠳᠠᠯ ᠣᠷᠣᠰᠢᠵᠤ ᠪᠠᠶᠢᠨ᠎ᠠ  ᠃ ᠵᠢᠱᠢᠶᠡᠯᠡᠪᠡᠯ᠄ ᠬᠤᠭᠤᠯᠠᠶ ᠬᠠᠭᠤᠴᠢᠷᠠᠭᠰᠠᠨ ᠠᠴᠠ ᠪᠣᠯᠵᠤ᠂ ᠵᠠᠷᠢᠮ ᠬᠠᠭᠤᠴᠢᠨ ᠰᠠᠭᠤᠭᠠᠯᠢ ᠲᠣᠭᠤᠷᠢᠭ ᠢᠯᠴᠢ ᠬᠠᠩᠭᠠᠬᠤ ᠦᠭᠡᠢ︔ ᠢᠯᠴᠢ ᠶᠢᠨ ᠬᠦᠴᠦᠨ ᠤ ᠬᠥᠭᠡᠷᠭᠡ ᠶᠢᠨ ᠰᠢᠯᠲᠠᠭᠠᠨ ᠠᠴᠠ ᠪᠣᠯᠵᠤ᠂ ᠵᠠᠷᠢᠮ ᠲᠣᠭᠤᠷᠢᠭ ᠤᠨ ᠵᠠᠷᠢᠮ ᠠᠰᠠᠷ ᠨᠢ ᠬᠠᠯᠠᠭᠤᠨ ᠦᠭᠡᠢ  ᠃ ᠣᠯᠠᠨ ᠨᠡᠶᠢᠲᠡ ᠶᠢᠨ ᠡᠬᠢ ᠪᠠᠶᠠᠯᠢᠭ ᠢ ᠪᠦᠷᠢᠯᠭᠡᠨ ᠰᠦᠶᠳᠬᠡᠵᠦ᠂ ᠡᠨᠧᠷᠭᠢ ᠶᠢ ᠬᠦᠨᠳᠦ ᠨᠣᠴᠢᠲᠠᠶ ᠪᠦᠷᠢᠯᠭᠡᠨ ᠰᠦᠶᠳᠬᠡᠭᠰᠡᠨ ᠢᠶᠠᠷ ᠪᠠᠷᠠᠬᠤ ᠥᠬᠡᠶ᠂ ᠪᠠᠰᠠ ᠬᠡᠷᠡᠭᠯᠡᠭᠴᠢ ᠶᠢᠨ ᠰᠦᠶᠳᠬᠡᠯ ᠲᠤᠰᠢᠶᠠᠬᠤ ᠳᠤ ᠳᠠᠭᠠᠷᠠᠭᠤᠯᠵᠤ᠂ ᠳᠤᠯᠠᠭᠠᠯᠠᠭ᠎ᠠ ᠪᠠ ᠳᠤᠯᠠᠭᠠᠯᠠᠭ᠎ᠠ ᠶᠢᠨ ᠵᠥᠷᠢᠴᠡᠯ᠂ ᠨᠡᠶᠢᠭᠡᠮ ᠤᠨ ᠨᠠᠵᠠᠭᠠᠶ ᠨᠥᠯᠥᠭᠡ ᠶᠢ ᠮᠠᠰᠢ ᠶᠡᠭᠡ ᠪᠣᠶ ᠪᠣᠯᠭᠠᠭᠰᠠᠨ ᠪᠠᠶᠢᠨ᠎ᠠ  ᠃     ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠳᠠᠲᠠᠢ ᠰᠠᠨᠠᠭᠤᠯᠭ᠎ᠠ᠄     1 . ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠶᠢᠨ ᠳᠤᠯᠠᠭᠠᠯᠠᠭ᠎ᠠ ᠬᠠᠩᠭᠠᠭᠰᠠᠨ ᠲᠤᠷᠰᠢᠯᠭ᠎ᠠ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳᠦᠯᠲᠡᠶ ᠬᠤᠷᠢᠶᠠᠩᠭᠤᠶᠢᠯᠠᠨ ᠣᠶᠢᠯᠠᠭᠠᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠬᠤᠭᠤᠯᠠᠶ ᠬᠠᠭᠤᠴᠢᠷᠠᠭᠰᠠᠨ ᠢ ᠥᠭᠡᠷᠡᠴᠢᠯᠡᠨ ᠵᠠᠰᠠᠭᠰᠠᠨ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠦᠨ᠎ᠡ  ᠃ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠶ ᠠᠰᠠᠭᠤᠳᠠᠯ ᠳᠤ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠤᠨ᠎ᠠ  ᠃     2 . ᠡᠯ᠎ᠡ ᠬᠤᠰᠢᠭᠤ ᠰᠢᠶᠠᠨ ᠬᠤᠲᠠ ᠶᠢᠨ ᠢᠯᠴᠢ ᠬᠠᠩᠭᠠᠬᠤ ᠰᠠᠯᠠᠭ᠎ᠠ ᠮᠥᠴᠢᠷ ᠨᠢ ᠢᠯᠴᠢ ᠬᠠᠩᠭᠠᠬᠤ ᠠᠰᠠᠭᠤᠳᠠᠯ ᠣᠷᠣᠰᠢᠵᠤ ᠪᠠᠶᠢᠭ᠎ᠠ ᠬᠤᠭᠤᠯᠠᠶ ᠪᠠ ᠢᠯᠴᠢ ᠶᠢᠨ ᠬᠦᠴᠦᠨ ᠤ ᠬᠥᠭᠡᠷᠭᠡ ᠳᠤ ᠴᠢᠭᠯᠡᠭᠦᠯᠬᠦ ᠴᠢᠨᠠᠷᠲᠠᠶ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠬᠦ ᠶᠢᠨ ᠬᠠᠮᠲᠤ᠂ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠨᠡᠪᠲᠡᠷᠡᠯᠴᠡᠵᠦ᠂ ᠵᠣᠬᠢᠬᠤ ᠥᠭᠡᠷᠡᠴᠢᠯᠡᠬᠦ ᠠᠷᠭ᠎ᠠ᠂ ᠬᠠᠮᠢᠶ᠎ᠠ ᠪᠥᠬᠦᠶ ᠵᠠᠷᠤᠳᠠᠯ᠂ ᠬᠠᠮᠢᠶ᠎ᠠ ᠪᠥᠬᠦᠶ ᠰᠠᠨᠠᠯ ᠪᠠ ᠰᠠᠨᠠᠭᠤᠯᠭ᠎ᠠ ᠶᠢ ᠲᠣᠭᠲᠠᠭᠠᠵᠤ ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ᠎ᠠ  ᠃     3 . ᠵᠠᠰᠠᠭ ᠤᠨ ᠣᠷᠳᠣᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠪᠣᠯᠤᠨ ᠲᠤᠰ ᠬᠤᠰᠢᠭᠤ ᠰᠢᠶᠠᠨ ᠬᠤᠲᠠ ᠶᠢᠨ ᠢᠯᠴᠢ ᠬᠠᠩᠭᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠲᠠᠢ ᠤᠶᠠᠯᠳᠤᠭᠤᠯᠤᠨ᠂ ᠥᠭᠡᠷᠡᠴᠢᠯᠡᠨ ᠪᠠᠶᠢᠭᠤᠯᠬᠤ ᠪᠣᠳᠠᠲᠠᠶ ᠠᠷᠭ᠎ᠠ ᠶᠢ ᠪᠣᠶ ᠪᠣᠯᠭᠠᠬᠤ ᠶᠢᠨ ᠬᠠᠮᠲᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠦᠨᠵᠡᠭᠡᠶᠢᠷᠡᠵᠦ᠂ ᠢᠯᠴᠢ ᠬᠠᠩᠭᠠᠬᠤ ᠠᠰᠠᠭᠤᠳᠠᠯ ᠣᠷᠣᠰᠢᠵᠤ ᠪᠠᠶᠢᠭ᠎ᠠ ᠠᠰᠠᠷ ᠤᠨ ᠲᠣᠭᠤᠷᠢᠭ ᠪᠣᠯᠤᠨ ᠬᠡᠷᠡᠭᠯᠡᠭᠴᠢ ᠶᠢᠨ ᠰᠠᠨᠠᠯ ᠢ ᠬᠤᠷᠢᠶᠠᠬᠤ ᠬᠡᠷᠡᠭᠲᠡᠶ  ᠃ ᠰᠠᠨᠠᠯ ᠢ ᠬᠡᠷᠡᠭ ᠡᠷᠬᠢᠯᠡᠬᠦ ᠭᠠᠵᠠᠷ ᠠᠴᠠ ᠬᠤᠷᠢᠶᠠᠩᠭᠤᠶᠢᠯᠠᠭᠠᠳ ᠵᠠᠰᠠᠭ ᠤᠨ ᠣᠷᠳᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠲᠤ ᠮᠡᠳᠡᠭᠦᠯᠵᠦ᠂ ᠳᠠᠬᠢᠨᠲᠠ ᠨᠤᠲᠠᠯᠠᠬᠤ ᠪᠠ ᠥᠭᠡᠷᠡᠴᠢᠯᠡᠬᠦ ᠪᠣᠳᠠᠲᠠᠢ ᠠᠷᠭ᠎ᠠ ᠲᠤ ᠵᠠᠰᠠᠪᠤᠷᠢ ᠣᠷᠣᠭᠤᠯᠬᠤ ᠶᠢᠨ ᠬᠠᠮᠲᠤ ᠠᠷᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ  ᠃ᠳᠠᠭᠠᠯᠳᠤᠭᠤᠯᠤᠭᠰᠠᠨ ᠰᠠᠨᠠᠯ ᠵᠥᠪᠯᠡᠯᠭᠡ 92 ᠳ᠋ᠤᠭᠠᠷ    ᠰᠠᠨᠠᠯ ᠳᠤᠷᠠᠳᠤᠯᠭ᠎ᠠ ᠶᠢᠨ ᠭᠠᠷᠴᠠᠭ᠄ ᠬᠠᠯᠠᠭᠤᠨ ᠢ ᠵᠣᠭᠰᠣᠭᠠᠬᠤ ᠳᠤ ᠬᠥᠷᠰᠢ ᠵᠡᠷᠭᠡᠯᠡᠳᠡᠭᠡ ᠶᠢᠨ ᠭᠠᠷ ᠤᠨ ᠥᠰᠥᠭ ᠵᠢᠷᠤᠬᠤ ᠴᠢᠬᠤᠯᠠᠲᠠᠶ ᠰᠠᠨᠠᠯ ᠳᠤᠷᠠᠳᠤᠯᠭ᠎ᠠ    ᠰᠠᠨᠠᠯ ᠵᠥᠪᠯᠡᠯᠭᠡ ᠳᠤᠷᠠᠳᠤᠭᠰᠠᠨ ᠬᠥᠮᠦᠨ᠄ ᠵᠠᠩ ᠼᠠᠢ ᠬᠤᠸᠠ    ᠠᠭᠤᠯᠭ᠎ᠠ᠄    ᠡᠪᠦᠯ ᠤᠨ ᠤᠯᠠᠷᠢᠯ ᠤᠨ ᠳᠤᠯᠠᠭᠠᠯᠠᠭ᠎ᠠ ᠪᠣᠯ ᠠᠷᠠᠳ ᠤᠨ ᠠᠮᠢᠳᠤᠷᠠᠯ ᠤᠨ ᠲᠤᠮᠤ ᠶᠠᠪᠤᠳᠠᠯ ᠮᠥᠨ᠂ 《 ᠬᠠᠯᠠᠮᠰᠢᠯ 》 ᠨᠢ ᠲᠠᠸᠠᠷ ᠪᠣᠯᠤᠭᠰᠠᠨ ᠤ ᠬᠤᠪᠢ ᠳᠤ ᠬᠤᠳᠠᠯᠳᠤᠭᠴᠢ ᠨᠢ ᠬᠤᠳᠠᠯᠳᠤᠨ ᠠᠪᠤᠭᠴᠢ ᠳᠤ ᠦᠢᠯᠡᠴᠢᠯᠡᠵᠦ᠂ ᠬᠤᠳᠠᠯᠳᠤᠨ ᠠᠪᠤᠭᠴᠢ ᠨᠢ ᠰᠦᠢᠳᠬᠡᠯ ᠲᠤᠰᠢᠶᠠᠬᠤ ᠨᠢ ᠶᠠᠷᠢᠶᠠᠨ ᠦᠭᠡᠢ ᠶᠤᠮ  ᠃ ᠭᠡᠪᠡᠴᠦ ᠵᠠᠷᠢᠮ ᠠᠶᠢᠯ ᠠᠰᠠᠷ ᠢ ᠰᠤᠯᠠ ᠲᠠᠯᠪᠢᠵᠤ᠂ ᠵᠠᠷᠢᠮ ᠨᠢ ᠠᠰᠠᠷ ᠳᠡᠭᠡᠷ᠎ᠡ ᠠᠰᠠᠷ ᠳᠣᠣᠷ᠎ᠠ ᠪᠦᠷ ᠢᠯᠴᠢ ᠬᠠᠩᠭᠠᠵᠤ᠂ ᠥᠪᠡᠷ  ᠤᠨ ᠭᠡᠷ ᠨᠢ ᠢᠯᠴᠢ ᠬᠠᠩᠭᠠᠬᠤ ᠦᠭᠡᠢ᠂ ᠬᠠᠯᠠᠭᠤᠨ ᠢ ᠱᠦᠷᠭᠦᠭᠡᠪᠡᠯ ᠪᠣᠯᠴᠢᠬᠠᠨ᠎ᠠ ᠭᠡᠬᠦ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ᠂ ᠮᠠᠰᠢ ᠣᠯᠠᠨ ᠠᠶᠢᠯ ᠡᠪᠦᠯ ᠳᠡᠭᠡᠨ ᠢᠯᠴᠢ ᠬᠠᠩᠭᠠᠬᠤ ᠪᠠᠨ ᠵᠣᠭᠰᠣᠳᠠᠭ  ᠃ ᠪᠠᠶᠢᠴᠠᠭᠠᠯᠲᠠ ᠶᠢ ᠦᠨᠳᠦᠰᠦᠯᠡᠪᠡᠯ᠂ ᠠᠰᠠᠷ ᠤᠨ ᠣᠷᠣᠨ ᠰᠠᠭᠤᠴᠠ ᠶᠢᠨ ᠰᠣᠨᠢᠨ ᠳᠤ ᠢᠯᠴᠢ ᠬᠠᠩᠭᠠᠬᠤ ᠶᠢ ᠵᠣᠭᠰᠣᠭᠠᠬᠤ ᠨᠢ ᠵᠡᠷᠭᠡᠯᠡᠳᠡᠭᠡ ᠠᠰᠠᠷ ᠤᠨ ᠳᠡᠭᠡᠷ᠎ᠡ ᠳᠣᠤᠷ᠎ᠠ ᠳᠠᠪᠬᠤᠷᠭ᠎ᠠ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢ ᠨᠡᠯᠢᠶᠡᠳ ᠶᠡᠭᠡ ᠨᠥᠯᠥᠭᠡᠯᠡᠵᠦ᠂ ᠰᠠᠭᠤᠭᠠᠯᠢ ᠠᠷᠠᠳ ᠤᠨ ᠠᠰᠠᠷ ᠳᠡᠭᠡᠷ᠎ᠡ ᠪᠤᠶᠤ ᠠᠰᠠᠷ ᠳᠣᠤᠷ᠎ᠠ ᠨᠢᠭᠡ ᠯᠡ ᠡᠷᠦᠬᠡ ᠢᠯᠴᠢ ᠬᠠᠩᠭᠠᠬᠤ ᠶᠢ ᠵᠣᠭᠰᠣᠭᠠᠬᠤ ᠪᠠᠷ ᠮᠡᠳᠡᠭᠦᠯᠵᠦ᠂ ᠳᠤᠮᠳᠠᠬᠢ ᠬᠡᠷᠡᠭᠯᠡᠭᠴᠢ ᠶᠢᠨ ᠭᠡᠭᠡᠭᠳᠡᠭᠰᠡᠨ ᠳᠤᠯᠠᠭᠠᠨ ᠤ ᠬᠡᠮᠵᠢᠶ᠎ᠡ ᠨᠢ 2 ᠭᠷᠠᠳᠦ᠋ᠰ ᠣᠷᠴᠢᠮ ᠪᠠᠶᠢᠳᠠᠭ  ᠃ ᠬᠡᠷᠪᠡ ᠠᠰᠠᠷ ᠤᠨ ᠳᠡᠭᠡᠷ᠎ᠡ ᠳᠣᠤᠷ᠎ᠠ ᠨᠢ ᠪᠦᠷ ᠵᠣᠭᠰᠣᠪᠠᠯ᠂ ᠳᠤᠮᠳᠠ ᠨᠢ ᠬᠡᠷᠡᠭᠯᠡᠭᠴᠢ ᠶᠢᠨ ᠳᠤᠯᠠᠭᠠᠨ ᠤ ᠬᠡᠮᠵᠢᠶ᠎ᠡ 4 ᠭᠷᠠᠳᠦ᠋ᠰ ᠣᠷᠴᠢᠮ ᠪᠣᠯᠤᠨ᠎ᠠ  ᠃ ᠣᠳᠣᠬᠠᠨ ᠪᠣᠯᠲᠠᠯ᠎ᠠ᠂ ᠮᠠᠨ ᠤ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠰᠣᠨᠢᠨ ᠢ ᠵᠣᠭᠰᠣᠭᠠᠬᠤ ᠲᠤᠬᠠᠶ ᠨᠢᠭᠡᠳᠦᠯᠲᠡᠶ ᠲᠣᠭᠲᠠᠭᠠᠯ ᠥᠬᠡᠶ ᠪᠠᠶᠢᠵᠤ᠂ ᠪᠠᠰᠠ ᠮᠠᠰᠢ ᠣᠯᠠᠨ ᠢᠯᠴᠢ ᠶᠢᠨ ᠬᠡᠷᠡᠭᠯᠡᠭᠴᠢ ᠪᠣᠯᠤᠨ ᠢᠯᠴᠢ ᠬᠠᠩᠭᠠᠬᠤ ᠺᠣᠮᠫᠠᠨᠢ  ᠶᠢᠨ ᠬᠤᠭᠤᠷᠣᠨᠳᠣᠬᠢ ᠵᠥᠷᠢᠴᠡᠯ ᠢ ᠡᠭᠦᠰᠭᠡᠵᠡᠶ  ᠃     ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠣᠳᠠᠲᠠᠢ ᠰᠠᠨᠠᠭᠤᠯᠭ᠎ᠠ᠄     1 . 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ᠲᠦᠷᠢᠮ 》 ᠤᠨ 36 ᠳ᠋ᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠂ ᠰᠠᠭᠤᠭᠠᠯᠢ ᠠᠷᠠᠳ ᠳᠣᠤᠷᠠᠬᠢ ᠮᠡᠲᠦ ᠪᠠᠶᠢᠳᠠᠯ ᠲᠠᠢ ᠪᠣᠯ ᠢᠯᠴᠢ ᠬᠡᠷᠡᠭᠯᠡᠬᠦ ᠶᠢ ᠵᠣᠭᠰᠣᠭᠠᠵᠤ ᠪᠣᠯᠬᠤ ᠥᠬᠡᠶ᠄ ᠡᠭᠦᠨ ᠳᠤ ᠬᠤᠶᠠᠳᠤᠭᠠᠷ ᠪᠠᠳᠠᠭ ᠤᠨ 《 ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠪᠤᠶᠤ ᠬᠥᠷᠰᠢ ᠵᠡᠷᠭᠡᠯᠡᠳᠡᠭᠡ ᠬᠠᠯᠠᠭᠤᠨ ᠡᠷᠦᠬᠡ ᠶᠢᠨ ᠬᠡᠪ ᠤᠨ ᠢᠯᠴᠢ ᠬᠡᠷᠡᠭᠯᠡᠬᠦ ᠶᠢ ᠨᠥᠯᠥᠭᠡᠯᠡᠭᠰᠡᠨ  ᠃ 《 ᠬᠢᠩᠭᠠᠨ ᠠᠶᠢᠮᠠᠭ ᠤᠨ ᠬᠤᠲᠠ ᠪᠠᠯᠭᠠᠰᠤ ᠶᠢᠨ ᠲᠥᠪᠯᠡᠷᠡᠭᠦᠯᠦᠨ ᠢᠯᠴᠢ ᠬᠠᠩᠭᠠᠬᠤ ᠬᠠᠮᠢᠶᠠᠷᠤᠯᠲᠠ ᠶᠢᠨ ᠠᠷᠭ᠎ᠠ 》 ᠶᠢᠨ 37 ᠳ᠋ᠤᠭᠠᠷ ᠵᠦᠶᠯ ᠤᠨ ᠢᠯᠴᠢ ᠬᠠᠩᠭᠠᠬᠤ ᠶᠢ ᠮᠡᠳᠡᠭᠦᠯᠵᠦ ᠵᠣᠭᠰᠣᠭᠠᠬᠤ ᠵᠠᠷᠴᠢᠮ ᠤᠨ 3 ᠳ᠋ᠤᠭᠠᠷ ᠪᠠᠳᠠᠭ ᠢ ᠦᠨᠳᠦᠰᠦᠯᠡᠪᠡᠯ᠂ ᠮᠡᠳᠡᠭᠦᠯᠵᠦ ᠵᠣᠭᠰᠣᠭᠠᠭᠰᠠᠨ ᠬᠡᠷᠡᠭᠯᠡᠭᠴᠢ ᠨᠢ ᠡᠷᠬᠡᠪᠰᠢ ᠳᠥᠷᠪᠡᠨ ᠬᠥᠷᠰᠢ ᠵᠡᠷᠭᠡᠯᠡᠳᠡᠭᠡ ᠶᠢᠨ ᠬᠡᠷᠡᠭᠯᠡᠭᠴᠢ ᠶᠢᠨ ᠪᠥᠬᠦ ᠲᠠᠯ᠎ᠠ ᠶᠢᠨ ᠵᠥᠪᠰᠢᠶᠡᠷᠡᠯ ᠢ ᠤᠯᠬᠤ ᠶᠢᠨ ᠬᠠᠮᠲᠤ ᠲᠡᠭᠦᠨ ᠤ ᠳᠥᠷᠪᠡᠨ ᠬᠥᠷᠰᠢ ᠵᠡᠷᠭᠡᠯᠡᠳᠡᠭᠡ  ᠶᠢᠨ ᠬᠡᠷᠡᠭᠯᠡᠭᠴᠢ ᠵᠢᠴᠢ ᠢᠯᠴᠢ ᠬᠠᠩᠭᠠᠬᠤ ᠨᠢᠭᠡᠴᠡ ᠯᠦᠭᠡ ᠮᠡᠳᠡᠭᠦᠯᠵᠦ ᠵᠣᠭᠰᠣᠭᠠᠬᠤ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠬᠤ ᠵᠥᠪᠯᠡᠯᠴᠡᠭᠡᠷ ᠲᠣᠭᠲᠠᠬᠤ ᠬᠡᠷᠡᠭᠲᠡᠶ  ᠃ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠵᠥᠪᠬᠡᠨ ᠵᠠᠯᠠᠶᠢᠳ ᠬᠤᠰᠢᠭᠤ ᠲᠣᠭᠲᠠᠭᠠᠯ ᠶᠣᠰᠣᠭᠠᠷ ᠬᠠᠯᠠᠭᠤᠨ ᠢ ᠵᠣᠭᠰᠣᠭᠠᠬᠤ ᠳᠥᠷᠪᠡᠨ ᠬᠥᠷᠰᠢ ᠵᠡᠷᠭᠡᠯᠡᠳᠡᠭᠡ ᠶᠢᠨ ᠭᠠᠷ ᠤᠨ ᠥᠰᠥᠭ ᠵᠢᠷᠤᠬᠤ ᠶᠢ ᠬᠡᠷᠡᠭᠵᠢᠭᠦᠯᠵᠦ᠂ ᠬᠠᠷᠢᠨ ᠪᠥᠬᠦ ᠠᠶᠢᠮᠠᠭ ᠤᠨ ᠪᠤᠰᠤᠳ ᠬᠤᠰᠢᠭᠤ ᠰᠢᠶᠠᠨ ᠬᠤᠲᠠ ᠶᠢᠨ ᠢᠯᠴᠢ ᠬᠠᠩᠭᠠᠬᠤ ᠺᠣᠮᠫᠠᠨᠢ ᠨᠢ ᠳᠤᠯᠠᠭᠠᠨ ᠬᠠᠩᠭᠠᠬᠤ ᠶᠢ ᠵᠣᠭᠰᠣᠭᠠᠬᠤ ᠪᠠᠷ ᠮᠡᠳᠡᠭᠦᠯᠦᠭᠰᠡᠨ ᠪᠣᠯᠪᠠᠴᠤ ᠬᠡᠷᠡᠭᠵᠢᠭᠦᠯᠦᠭᠰᠡᠨ ᠥᠬᠡᠶ ᠪᠤᠶᠤ ᠴᠢᠩᠭ᠎ᠠ ᠬᠡᠷᠡᠭᠵᠢᠭᠦᠯᠦᠭᠰᠡᠨ ᠥᠬᠡᠶ ᠪᠠᠶᠢᠵᠤ᠂ ᠬᠡᠷᠡᠭᠯᠡᠭᠴᠢᠳ ᠤᠨ ᠡᠷᠬᠡ ᠠᠰᠢᠭ ᠢ ᠪᠠᠲᠤᠯᠠᠵᠤ᠂ ᠢᠯᠴᠢ ᠬᠠᠩᠭᠠᠬᠤ ᠺᠣᠮᠫᠠᠨᠢ ᠶᠢᠨ ᠰᠠᠶᠢᠨ ᠰᠠᠶᠢᠬᠠᠨ ᠨᠡᠶᠢᠭᠡᠮ ᠤᠨ ᠢᠲᠡᠭᠡᠯ ᠬᠦᠨᠳᠦ ᠶᠢ ᠳᠡᠭᠡᠭᠰᠢᠯᠡᠭᠦᠯᠬᠦ  ᠶᠢᠨ ᠲᠥᠯᠥᠭᠡ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠢᠯᠴᠢ ᠬᠠᠩᠭᠠᠬᠤ ᠺᠣᠮᠫᠠᠨᠢ ᠨᠢ ᠡᠷᠬᠡᠪᠰᠢ ᠳᠥᠷᠪᠡᠨ ᠬᠥᠷᠰᠢ ᠵᠡᠷᠭᠡᠯᠡᠳᠡᠭᠡ ᠶᠢᠨ ᠭᠠᠷ ᠤᠨ ᠥᠰᠥᠭ ᠵᠢᠷᠤᠬᠤ ᠶᠢ ᠦᠵᠡᠪᠡᠯ ᠰᠠᠶ᠋ᠢ ᠮᠡᠳᠡᠭᠦᠯᠦᠨ ᠵᠣᠭᠰᠣᠭᠠᠬᠤ ᠶᠢ ᠵᠥᠪᠰᠢᠶᠡᠷᠡᠵᠦ ᠪᠣᠯᠤᠨ᠎ᠠ  ᠃    2 . ᠵᠠᠯᠠᠶᠢᠳ ᠬᠤᠰᠢᠭᠤᠨ ᠤ ᠳᠤᠯᠠᠭᠠᠯᠠᠭ᠎ᠠ ᠬᠠᠩᠭᠠᠬᠤ ᠰᠠᠯᠠᠭ᠎ᠠ ᠮᠥᠴᠢᠷ ᠲᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ ᠪᠣᠯᠤᠨ᠎ᠠ᠂ ᠪᠦᠬᠦ ᠠᠶᠢᠮᠠᠭ ᠤᠨ ᠳᠤᠯᠠᠭᠠᠯᠠᠭ᠎ᠠ ᠬᠠᠩᠭᠠᠬᠤ ᠰᠠᠯᠠᠭ᠎ᠠ ᠮᠥᠴᠢᠷ ᠵᠠᠯᠠᠶᠢᠳ ᠬᠤᠰᠢᠭᠤᠨ ᠤ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠳᠤᠯᠠᠭᠠᠯᠠᠯᠭ᠎ᠠ ᠶᠢ ᠵᠣᠭᠰᠣᠭᠠᠬᠤ ᠬᠠᠮᠢᠶ᠎ᠠ ᠪᠦᠬᠦᠢ ᠳᠦᠷᠢᠮ ᠢ ᠳᠤᠯᠠᠭᠠᠯᠠᠯᠭ᠎ᠠ ᠶᠢ ᠵᠣᠭᠰᠣᠭᠠᠬᠤ ᠪᠠᠷ ᠪᠠᠶᠢᠭ᠎ᠠ ᠬᠡᠷᠡᠭᠯᠡᠭᠴᠢᠳ ᠲᠤ ᠮᠡᠳᠡᠭᠳᠡᠵᠦ᠂ ᠳᠤᠯᠠᠭᠠᠯᠠᠯᠭ᠎ᠠ ᠶᠢ ᠵᠣᠭᠰᠣᠭᠠᠬᠤ ᠪᠣᠭᠤᠮᠲᠠ ᠶᠢ ᠴᠢᠩᠭ᠎ᠠ ᠰᠠᠬᠢᠬᠤ ᠬᠡᠷᠡᠭᠲᠡᠶ  ᠃ ᠢᠯᠴᠢ ᠶᠢ ᠰᠠᠶᠢᠲᠤᠷ ᠬᠠᠩᠭᠠᠵᠤ᠂ ᠣᠷᠣᠨ ᠨᠤᠲᠤᠭ ᠤᠨ ᠠᠵᠤ ᠠᠬᠤᠶ ᠳᠤ ᠬᠤᠪᠢ ᠨᠡᠮᠡᠷᠢ ᠦᠵᠡᠭᠦᠯᠦᠨ᠎ᠡ  ᠃         ᠲᠦᠴᠢᠣᠸᠠᠨ ᠵᠠᠰᠠᠭ ᠦᠰᠦᠭ 202132 ᠳ᠋ᠤᠭᠠᠷ ᠲᠣᠭᠠᠲᠤ    ᠡᠦ ᠰᠢᠦ ᠭᠠᠩ᠂ ᠵᠠᠩ ᠼᠠᠢ ᠬᠤᠸᠠ᠂ ᠸᠠᠩ ᠹᠦ᠋ ᠱᠦᠨ ᠭᠡᠰᠢᠭᠦᠨ᠄     ᠲᠠᠨ ᠤ ᠳᠤᠷᠠᠳᠤᠭᠰᠠᠨ 《 ᠬᠠᠭᠤᠴᠢᠨ ᠰᠠᠭᠤᠭᠠᠯᠢ ᠲᠣᠭᠤᠷᠢᠭ ᠤᠨ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠲᠤᠬᠠᠶ ᠰᠠᠨᠠᠯ ᠳᠤᠷᠠᠳᠤᠯᠭ᠎ᠠ ( 0092 ᠳ᠋ᠤᠭᠠᠷ ᠲᠣᠭᠠᠲᠤ᠂ 016 ᠳ᠋ᠤᠭᠠᠷ ᠲᠣᠭᠠᠲᠤ᠂ 0091 ᠳ᠋ᠦ᠋ᠭᠡᠷ ᠲᠣᠭᠠᠲᠤ ᠶᠢ ᠨᠡᠶᠢᠯᠡᠭᠦᠯᠦᠨ ᠣᠷᠣᠭᠤᠯᠤᠨ᠎ᠠ ) 》 ᠶᠢ ᠣᠯᠵᠤ ᠣᠶᠢᠯᠠᠭᠠᠪᠠ᠂ ᠣᠲᠣ ᠳᠣᠤᠷᠠᠬᠢ ᠮᠡᠲᠦ ᠬᠠᠷᠢᠭᠤᠯᠲᠠ ᠥᠭᠭᠦᠶ᠎ᠡ᠄       ᠮᠠᠨ ᠤ ᠰᠢᠶᠠᠨ 2019 ᠣᠨ ᠠᠴᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠨ ᠬᠡᠷᠡᠭᠵᠢᠭᠦᠯᠵᠦ᠂ 2019 ᠣᠨ ᠳᠤ 19 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠪᠠᠷᠢᠯᠭ᠎ᠠ ᠶᠢᠨ ᠲᠠᠯᠠᠪᠠᠶ ᠨᠢ 15 . 55 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ 2197 ᠡᠷᠦᠬᠡ ᠳᠤ ᠠᠰᠢᠭ ᠬᠦᠷᠲᠡᠭᠡᠪᠡ︔ 2020 ᠣᠨ ᠳᠤ 9 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ 7 . 7 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠲᠠᠢ ᠪᠠᠷᠢᠯᠭ᠎ᠠ ᠶᠢᠨ ᠲᠠᠯᠠᠪᠠᠶ  ᠪᠠᠷ 896 ᠡᠷᠦᠬᠡ ᠳᠤ ᠠᠰᠢᠭ ᠬᠦᠷᠲᠡᠭᠡᠪᠡ︔ 2021 ᠣᠨ ᠳᠤ 19 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ ᠪᠠᠷᠢᠯᠭ᠎ᠠ ᠶᠢᠨ ᠲᠠᠯᠠᠪᠠᠶ ᠶᠢ 6 . 6 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠵᠦ᠂ 828 ᠡᠷᠦᠬᠡ ᠳᠤ ᠠᠰᠢᠭ ᠬᠦᠷᠲᠡᠭᠡᠵᠦ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ  ᠃     ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠩᠬᠠᠷᠤᠯ ᠲᠠᠯᠪᠢᠭᠰᠠᠨ ᠳᠤ ᠴᠢᠨᠢ ᠪᠠᠶᠠᠷᠯᠠᠯ᠎ᠠ︕
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号