2022 ᠣᠨ ᠤ ᠲᠦᠴᠢᠤᠸᠠᠨ ᠰᠢᠶᠠᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/1/10
              ᠵᠠᠰᠠᠭ ᠤᠨ ᠣᠷᠳᠣᠨ ᠤ ᠠᠵᠢᠯ ᠤᠨ ᠢᠯᠡᠳᠬᠡᠯ  -- 2022 ᠣᠨ ᠤ 1 ᠰᠠᠷ᠎ᠠ ᠶᠢᠨ 6 ᠤ ᠡᠳᠦᠷ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ               ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ  ᠲᠥᠯᠥᠭᠡᠯᠡᠭᠴᠢᠳ ᠠ᠋᠄   ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠃ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯᠳᠤᠭᠠᠨ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠭᠠᠷᠭᠠᠬᠤ ᠪᠣᠯᠪᠠᠤ᠃               ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ       ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ   ᠠᠴᠠ ᠨᠠᠰᠢᠬᠢ ᠳᠥᠷᠪᠡᠨ ᠵᠢᠯ ᠪᠣᠯ ᠮᠠᠨ ᠤ ᠰᠢᠶᠠᠨ ᠤ ᠬᠥᠭᠵᠢᠯᠲᠡ   ᠶᠢᠨ ᠶᠠᠪᠤᠴᠠ ᠳᠠᠬᠢ ᠲᠤᠶᠢᠯ ᠤᠨ ᠶᠡᠷᠦ ᠪᠤᠰᠤ   ᠶᠢᠨ ᠳᠥᠷᠪᠡᠨ ᠵᠢᠯ ᠪᠣᠯᠣᠨ᠎ᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠦᠨᠳᠦ ᠬᠡᠴᠡᠭᠦᠦ ᠰᠢᠯᠭᠠᠯᠲᠠ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠪᠠ ᠥᠭᠡᠷᠡᠴᠢᠯᠡᠯᠲᠡ ᠬᠥᠭᠵᠢᠯᠲᠡ ᠶᠢᠨ ᠬᠦᠨᠳᠦ ᠨᠦᠰᠡᠷ ᠡᠭᠦᠷᠭᠡ ᠶᠢᠨ ᠡᠮᠦᠨ᠎ᠡ᠂ ᠪᠦᠬᠦ ᠰᠢᠶᠠᠨ ᠢᠶᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶᠠᠨ ᠤ ᠵᠠᠬᠢᠷᠭ᠎ᠠ ᠪᠣᠯᠣᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠰᠠᠶᠢᠨ ᠡᠬᠢᠯᠡᠯᠲᠡ ᠲᠠᠢ ᠪᠣᠯᠭᠠᠵᠤ᠂ ᠪᠥᠬᠦ ᠤᠯᠤᠰ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠲᠦᠴᠢᠦᠸᠠᠨ ᠤ ᠬᠥᠭᠵᠢᠯᠲᠡ ᠲᠡᠦᠬᠡ ᠶᠢᠨ ᠰᠢᠨ᠎ᠡ ᠡᠬᠢᠯᠡᠯᠲᠡ ᠶᠢᠨ ᠴᠡᠭ ᠲᠤ ᠬᠥᠷᠪᠡ᠃ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠯ ᠪᠦᠷᠢ ᠳᠤᠮᠳᠠᠴᠢ ᠪᠠᠷ 9.8% ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠵᠢᠯ ᠪᠦᠷᠢ ᠳᠤᠮᠳᠠᠴᠢ ᠪᠠᠷ 22.7% ᠪᠠᠷ ᠨᠡᠮᠡᠭᠳᠡᠪᠡ︔  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 5% ᠪᠠᠷ ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 15% ᠪᠠᠷ ᠨᠡᠮᠡᠭᠳᠡᠪᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ 9 .1% ᠪᠠ 10.6% ᠪᠠᠷ ᠨᠡᠮᠡᠭᠳᠡᠪᠡ᠃    ᠲᠦᠷᠪᠡᠨ ᠵᠢᠯ ᠤᠨ ᠲᠤᠷᠰᠢ᠂ ᠪᠢᠳᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠠᠵᠤ ᠠᠬᠤᠢ ᠶᠢᠨ ᠪᠣᠳᠠᠲᠤ ᠬᠦᠴᠦᠨ ᠶᠡᠬᠡᠪᠡᠷ ᠳᠡᠭᠡᠭᠰᠢᠯᠡᠪᠡ᠃ ᠤᠳᠤ ᠦᠶ᠎ᠡ ᠶᠢᠨ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃21.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠵᠦ᠂ ᠠᠮᠤ ᠪᠤᠳᠠᠭᠠᠨ ᠤ ᠤᠨᠠᠯᠲᠠ ᠳᠥᠷᠪᠡᠨ ᠵᠢᠯ ᠳᠠᠷᠠᠭᠠᠯᠠᠨ ᠨᠡᠮᠡᠭᠳᠡᠵᠦ᠂ 24 ᠳ᠋ᠦᠩᠰᠢᠭᠤᠷ ᠵᠢᠩ ᠢ ᠳᠠᠪᠠᠵᠤ᠂ ᠤᠯᠤᠰ ᠤᠨ ᠲᠠᠰ   ᠠᠴᠠ ᠳᠠᠪᠠᠭᠰᠠᠨ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠢᠶᠠᠷ ᠦᠷᠭᠦᠯᠵᠢᠯᠡᠨ ᠦᠨᠡᠯᠡᠭᠳᠡᠪᠡ᠃ ᠮᠠᠯ ᠠᠵᠤ ᠠᠬᠤᠢ ᠪᠠᠷ ᠲᠦᠴᠢᠣᠸᠠᠨ ᠢ ᠳᠠᠬᠢᠨ  ᠪᠣᠰᠬᠠᠬᠤ ᠢᠨᠵᠧᠨᠧᠷᠢᠩ ᠭᠦᠨᠵᠡᠭᠡᠢ ᠠᠬᠢᠵᠤ᠂ ᠮᠠᠯ ᠠᠵᠤ ᠠᠬᠤᠢ ᠶᠢᠨ 120 ᠦᠢᠯᠡᠴᠢᠯᠡᠭᠡᠨ ᠤ ᠰᠢᠰᠲ᠋ᠧᠮ ᠪᠥᠬᠦ ᠰᠢᠶᠠᠨ ᠢ ᠬᠠᠮᠤᠷᠴᠤ᠂ ᠮᠢᠬ᠎ᠠ ᠰᠠᠭᠠᠯᠢ ᠶᠢᠨ ᠦᠨᠢᠶᠡᠨ ᠤ ᠲᠤᠭ᠎ᠠ ᠭᠤᠷᠪᠠ ᠳᠠᠬᠢᠨ ᠨᠡᠮᠡᠭᠳᠡᠵᠦ᠂ 18.2 ᠲᠦᠮᠡᠨ ᠲᠣᠯᠣᠭᠠᠢ ᠳᠤ ᠬᠥᠷᠪᠡ᠃ 15 ᠲᠦᠮᠡᠨ ᠭᠠᠭ᠋ᠠᠢ ᠲᠡᠵᠢᠭᠡᠵᠦ᠂ 109.4 ᠲᠦᠮᠡᠨ ᠠᠯᠠᠰᠢᠨ ᠬᠤᠨᠢ ᠲᠡᠵᠢᠭᠡᠵᠦ᠂ 6000 ᠲᠦᠮᠡᠨ ᠠᠯᠠᠰᠢᠨ ᠲᠠᠬᠢᠶ᠎ᠠ ᠲᠡᠵᠢᠭᠡᠨ ᠦᠷᠡᠵᠢᠭᠦᠯᠬᠦ ᠴᠢᠳᠠᠪᠤᠷᠢ ᠲᠠᠢ ᠪᠣᠯᠵᠤ᠂ ᠨᠢᠭᠡᠳᠦᠭᠡᠷ ᠤᠨᠠᠯᠲᠠ ᠳᠤ ᠡᠵᠡᠯᠡᠬᠦ ᠮᠠᠯ ᠠᠵᠤ ᠠᠬᠤᠢ ᠶᠢᠨ ᠬᠤᠪᠢ ᠶᠢᠨ ᠵᠢᠩ 55% ᠬᠦᠷᠴᠦ᠂ ᠲᠠᠷᠢᠶᠠᠯᠠᠩ ᠤᠨ ᠪᠦᠲᠦᠴᠡ ᠶᠢ ᠰᠢᠯᠢᠳᠡᠭᠵᠢᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠪᠠ᠃ ᠦᠬᠡᠷ ᠬᠤᠨᠢᠨ ᠤ ᠬᠦᠢᠲᠡᠨ ᠬᠡᠯᠬᠢᠶᠡᠲᠦ ᠪᠣᠯᠪᠠᠰᠤᠷᠠᠭᠤᠯᠬᠤ ᠲᠥᠪ᠂ ᠢ ᠮᠢᠨ ᠠᠮᠢᠳᠤ ᠪᠣᠳᠠᠰ ᠤᠨ 20 ᠲᠦᠮᠡᠨ ᠲᠣᠨ ᠣᠷᠭᠠᠨᠢᠭ ᠪᠣᠷᠳᠣᠭᠤᠷ ᠵᠡᠷᠭᠡ ᠨᠢᠭᠡ ᠪᠦᠯᠦᠭ ᠤᠷᠲᠤᠳᠬᠠᠨ ᠬᠡᠯᠬᠢᠶᠡᠵᠢᠭᠦᠯᠬᠦ ᠨᠥᠬᠦᠪᠦᠷᠢ ᠬᠡᠯᠬᠢᠶᠡᠨ ᠤ ᠵᠦᠢᠯᠡᠰ ᠢ ᠪᠠᠶᠢᠭᠤᠯᠤᠨ ᠪᠦᠲᠦᠭᠡᠵᠦ ᠠᠵᠢᠯᠯᠠᠭᠤᠯᠪᠠ᠃  ᠠᠨᠳᠠ ᠮᠠᠯ ᠠᠵᠤ ᠠᠬᠤᠢ ᠤᠯᠤᠰ ᠤᠨ ᠳᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠪᠣᠯᠪᠠ᠃ ︽ ᠲᠠᠢ ᠾᠧ ᠨᠠᠷᠢᠮᠤ︾  ᠨᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠭᠠᠵᠠᠷ ᠵᠦᠢ ᠶᠢᠨ ᠪᠡᠯᠭᠡ ᠲᠡᠮᠳᠡᠭ ᠤᠨ ᠢᠯᠡ ᠨᠡᠶᠢᠲᠡᠯᠡᠬᠦ ᠨᠡᠷᠡᠰ ᠤᠨ ᠵᠢᠭᠰᠠᠭᠠᠯᠲᠠ ᠳᠤ ᠣᠷᠣᠪᠠ᠃ ᠰᠠᠢ ᠶᠢᠨ ᠬᠤᠸᠠ ᠪᠣᠯᠣᠨ ᠱᠤ᠋ ᠭᠤᠸᠠᠩ ᠬᠦᠷᠢᠶᠡᠯᠡᠩ ᠲᠣᠭᠤᠷᠢᠭ ᠨᠢ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠵᠦ᠂ ᠱᠤ᠋ ᠭᠤᠸᠠᠩ ᠬᠦᠷᠢᠶᠡᠯᠡᠩ ᠲᠣᠭᠤᠷᠢᠭ ᠨᠢ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠳᠤ ᠳᠡᠪᠰᠢᠪᠡ᠃ ᠮᠠᠨ ᠤ ᠰᠢᠶᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠪᠦᠬᠦ ᠤᠯᠤᠰ ᠤᠨ ᠭᠤᠣᠯ ᠪᠣᠯᠬᠤ ᠲᠠᠷᠢᠮᠠᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠠᠰᠢᠨᠴᠢᠯᠠᠯᠲᠠ ᠶᠢᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠳᠦᠷᠢᠮ ᠢ ᠥᠷᠭᠡᠳᠬᠡᠨ ᠲᠡᠰ ᠳᠡᠪ᠊ᠰᠢᠭᠦᠯᠪᠡ᠃ ᠠᠶᠢᠮᠠᠭ ᠤᠨ ᠲᠠᠰ ᠤᠨ ᠨᠡᠶᠢᠲᠡ 63 ᠵᠦᠢᠯ ᠤᠨ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 92.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠂ ᠡᠭᠦᠨ ᠳᠤ 18 ᠵᠦᠢᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠪᠠᠶᠢᠵᠤ᠂ 57.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠮᠣᠭᠠᠢ ᠡᠷᠢᠶᠡᠨ ᠴᠢᠯᠠᠭᠤᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠤᠶᠢᠯ ᠤᠨ ᠴᠢᠳᠬᠤᠯᠲᠠ ᠶᠢᠨ ᠠᠵᠤ ᠦᠢᠯᠡᠳᠪᠦᠷᠢ ᠶᠢᠨ ᠮᠠᠰᠢᠨ ᠬᠥᠮᠥᠨ ᠵᠡᠷᠭᠡ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠦᠢᠯᠡᠰ ᠤᠨ ᠵᠦᠢᠯᠡᠰ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠵᠧᠩ ᠲᠠᠢ ᠬᠡᠷᠡᠯ ᠸᠣᠯᠲ᠂ ᠳ᠋ᠠ ᠲᠠᠩ ᠤᠨ ᠰᠠᠯᠬᠢᠨ ᠬᠦᠴᠦᠨ ᠤ ᠴᠠᠬᠢᠯᠭᠠᠨ ᠵᠡᠷᠭᠡ 8 ᠴᠡᠪᠡᠷ ᠡᠨᠧᠷᠭᠢ ᠶᠢᠨ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠪᠠ᠃ ᠬᠠᠨ ᠵᠢᠶᠠᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠢᠯᠡᠰ᠂ ᠰᠢᠩ ᠮᠧᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠠᠵᠤ ᠠᠬᠤᠶᠢᠯᠠᠯ ᠠᠰᠢᠭᠯᠠᠯᠲᠠ ᠳᠤ ᠣᠷᠣᠪᠠ᠃ ᠹᠦ᠋ ᠱᠧᠩ ᠰᠢᠨᠵᠢᠯᠡᠬᠦ ᠤᠬᠠᠭᠠᠨ ᠮᠡᠷᠭᠡᠵᠢᠯ᠂ ᠭᠤᠸᠠᠩ ᠬᠤᠸᠠᠨ ᠰᠢᠨ᠎ᠡ ᠡᠨᠧᠷᠭᠢ ᠵᠡᠷᠭᠡ 5 ᠠᠵᠤ ᠠᠬᠤᠶᠢᠯᠠᠯ ᠠᠮᠵᠢᠯᠲᠠ ᠲᠠᠢ ᠪᠠᠷ ᠳᠦᠷᠢᠮ ᠳᠤ ᠣᠷᠣᠵᠤ᠂ ᠳᠦᠷᠢᠮ ᠳᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 14 ᠪᠣᠯᠵᠤ᠂ ᠦᠢᠯᠡᠳᠬᠦᠨ ᠤ ᠥᠷᠲᠡᠭ ᠨᠢ ᠵᠢᠯ ᠪᠦᠷᠢ ᠳᠤᠮᠳᠠᠴᠢ ᠪᠠᠷ 34.3% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ 63 ᠠᠵᠤ ᠠᠬᠤᠶᠢᠯᠠᠯ ᠳᠤ ᠣᠷᠣᠵᠤ ᠰᠠᠭᠤᠭᠠᠳ᠂ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠲᠤ ᠬᠦᠷᠴᠦ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠡᠭᠡᠭᠡᠯᠲᠡ ᠶᠢᠨ ᠲᠣᠭᠤᠷᠢᠭ ᠤᠨ ᠭᠤᠣᠯ ᠴᠣᠭᠴᠠ ᠶᠢᠨ ᠬᠦᠷᠢᠶᠡᠯᠡᠩ ᠲᠣᠭᠤᠷᠢᠭ ᠪᠣᠯᠪᠠ᠃ ᠭᠤᠷᠪᠠᠳᠤᠭᠠᠷ ᠠᠵᠤ ᠦᠢᠯᠡᠰ ᠤᠨ ᠠᠮᠢᠳᠤᠯᠢᠭ ᠬᠦᠴᠦᠨ ᠢ ᠪᠠᠳᠠᠷᠠᠭᠤᠯᠪᠠ᠃ ᠪᠦᠬᠦ ᠴᠠᠷᠠᠭ᠎ᠠ ᠶᠢᠨ ᠵᠤᠭᠠᠴᠠᠯ ᠤᠨ ᠠᠵᠢᠯ ᠢ ᠡᠬᠢᠯᠡᠭᠦᠯᠵᠦ᠂ ᠪᠦᠦ ᠴᠧᠩ᠂ ᠮᠢᠩ ᠰᠢᠩ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠯᠦᠪᠵᠢᠭᠦᠯᠭᠡ ᠶᠢ ᠪᠡᠶᠡᠯᠡᠭᠦᠯᠵᠦ᠂ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠢ᠂ ᠬᠤᠪᠢ ᠶᠢᠨ ᠮᠠᠰᠢᠨ ᠲᠡᠷᠭᠡ ᠪᠠᠷ ᠵᠤᠭᠠᠴᠠᠬᠤ ᠪᠠᠭᠤᠴᠠ᠂  ᠬᠤᠸᠠᠷ ᠤᠨ ᠲᠠᠯᠠᠢ ᠭᠤᠸᠠ ᠶᠢᠨ ᠲᠠᠷᠢᠶᠠᠨ ᠤ ᠤᠯᠠᠭ᠎ᠠ ᠦᠷᠲᠡᠭᠡ ᠶᠢ ᠬᠢᠯᠢ ᠥᠩᠭᠡᠷᠡᠬᠦ ᠵᠤᠭᠠᠴᠠᠯ᠂ ᠡᠷᠬᠢᠨ ᠲᠣᠭᠤᠷᠢᠨ ᠤ ᠵᠤᠭᠠᠴᠠᠯ ᠤᠨ ᠺᠠᠷᠲ ᠴᠣᠬᠢᠬᠤ ᠭᠠᠵᠠᠷ ᠪᠣᠯᠭᠠᠵᠤ᠂ ᠵᠤᠭᠠᠴᠠᠭᠰᠠᠳ ᠢ ᠨᠡᠶᠢᠳᠡ 203 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 15.5 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠪᠦᠲᠦᠭᠡᠨ ᠪᠠᠶᠢᠭᠤᠯᠤᠯᠲᠠ ᠶᠢᠨ ᠪᠠᠩᠬᠢ ᠣᠷᠣᠵᠤ ᠰᠠᠭᠤᠭᠠᠳ ᠡᠵᠡᠩᠨᠡᠯᠲᠡ ᠬᠢᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ 8 ᠪᠣᠯᠵᠤ᠂ ᠵᠢᠭᠡᠯᠡᠯᠭᠡ ᠶᠢᠨ ᠦᠯᠡᠳᠡᠪᠦᠷᠢ 54.8 ᠳ᠋ᠦᠩᠰᠢᠭᠤᠷ ᠲᠥᠭᠦᠷᠢᠭ ᠲᠤ ᠬᠦᠷᠴᠦ᠂ 2017 ᠣᠨ ᠤ ᠬᠢ ᠠᠴᠠ 12.9% ᠪᠠᠷ ᠨᠡᠮᠡᠭᠳᠡᠪᠡ᠃ ᠴᠦᠨ ᠵᠧᠦ ᠶᠢᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠥᠲᠥᠯᠥᠨ ᠳᠠᠭᠠᠭᠤᠯᠬᠤ ᠦᠢᠯᠡᠳᠦᠯ ᠢᠯᠡᠷᠬᠡᠢ ᠪᠠᠶᠢᠵᠤ᠂ ᠡᠳ᠋ ᠪᠠᠷᠠᠭᠠᠨ ᠤ ᠭᠦᠢᠯᠭᠡᠭᠡᠨ ᠤ ᠲᠣᠣᠷ ᠬᠤᠲᠠ ᠬᠥᠳᠡᠭᠡ ᠶᠢ ᠬᠠᠮᠤᠷᠴᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 5.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 38.5% ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠵᠤ ᠭᠤᠪᠢᠭᠤᠯᠭ᠎ᠠ ᠣᠯᠣᠭᠰᠠᠨ ᠨᠢ 730.8 ᠲᠦᠮᠡᠨ ᠲᠥᠭᠦᠷᠢᠭ ᠲᠤ ᠬᠦᠷᠴᠦ᠂ ᠬᠤᠣᠰ ᠡᠷᠭᠢᠯᠲᠡᠲᠦ ᠠᠭᠤᠰᠤᠯᠴᠠᠯ ᠤᠨ ᠴᠢᠳᠠᠪᠤᠷᠢ ᠦᠷᠭᠦᠯᠵᠢᠯᠡᠨ ᠴᠢᠩᠭᠠᠷᠠᠪᠠ᠃      ᠲᠦᠷᠪᠡᠨ ᠵᠢᠯ ᠤᠨ ᠲᠤᠷᠰᠢ᠂ ᠪᠢᠳᠡ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠪᠦᠬᠦ ᠲᠠᠯ᠎ᠠ ᠪᠠᠷ ᠢᠯᠠᠯᠲᠠ ᠣᠯᠪᠠ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠡᠶᠢᠲᠡ 10.3 ᠳ᠋ᠦᠩᠰᠢᠭᠤᠷ ᠲᠥᠭᠦᠷᠢᠭ ᠣᠷᠣᠭᠤᠯᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠵᠡᠷᠭᠡ ᠲᠥᠷᠥ ᠶᠢᠨ ᠪᠣᠳᠣᠯᠭ᠎ᠠ ᠶᠢ ᠪᠦᠬᠦᠨ ᠢ ᠨᠠᠶᠢᠳᠠᠪᠤᠷᠢᠵᠢᠭᠤᠯᠤᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠪᠠᠷ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠶᠠᠳᠠᠭᠤ   ᠠᠴᠠ ᠠᠩᠭᠢᠵᠢᠷᠠᠭᠤᠯᠵᠤ᠂ ᠤᠯᠤᠰ ᠤᠨ ᠶᠠᠳᠠᠭᠤ ᠬᠦᠴᠢᠷᠳᠡᠯᠲᠡᠢ ᠰᠢᠶᠠᠨ ᠤ ᠲᠠᠰ ᠳᠠᠷᠠᠭᠠᠯᠠᠯ   ᠠᠴᠠ ᠠᠮᠵᠢᠯᠲᠠ ᠲᠠᠢ ᠪᠠᠷ ᠤᠬᠤᠷᠢᠨ ᠭᠠᠷᠪᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠡᠯᠪᠡᠭ ᠳᠡᠯᠪᠡᠭ ᠪᠠᠶᠢᠵᠤ᠂ ᠴᠠᠭ ᠠᠭᠤᠷ ᠢᠶᠠᠷ ᠶᠠᠳᠠᠭᠤ ᠶᠢ ᠲᠡᠳᠬᠦᠬᠦ ︽ᠲᠦᠴᠢᠦᠸᠠᠨ ᠤ ᠵᠠᠭᠪᠤᠷ︾ ᠨᠢ ᠤᠯᠤᠰ ᠤᠨ ᠲᠠᠰ ᠤᠨ ᠬᠡᠪ ᠳᠠᠭᠤᠷᠢᠶᠠᠯ ᠪᠣᠯᠵᠤ᠂ ᠯᠢ ᠴᠢᠦᠸᠠᠨ ᠤ ᠰᠠᠭᠤᠭᠠᠯᠢ ᠲᠣᠭᠤᠷᠢᠭ ᠨᠢ ᠪᠥᠬᠦ ᠤᠯᠤᠰ ᠤᠨ ᠦᠵᠡᠰᠬᠦᠯᠡᠩᠲᠦ ᠰᠠᠶᠢᠬᠠᠨ ᠨᠡᠭᠦᠯᠭᠡᠵᠦ ᠲᠥᠪᠬᠢᠨᠡᠭᠦᠯᠬᠦ ᠲᠣᠭᠤᠷᠢᠭ ᠢᠶᠠᠷ ᠦᠨᠡᠯᠡᠭᠳᠡᠵᠦ᠂ ︽2355︾ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠢᠷᠤᠮᠵᠢᠭᠤᠯᠤᠨ ᠬᠠᠮᠢᠶᠠᠷᠬᠤ ᠵᠠᠭᠪᠤᠷ ᠪᠥᠬᠦ ᠤᠯᠤᠰ ᠤᠨ ᠨᠡᠶᠢᠲᠡᠯᠢᠭ ᠵᠢᠱᠢᠶ᠎ᠡ ᠪᠣᠯᠵᠤ᠂ ᠪᠥᠬᠦ ᠤᠯᠤᠰ ᠤᠨ ᠶᠠᠳᠠᠭᠤ   ᠠᠴᠠ ᠠᠩᠭᠢᠵᠢᠷᠠᠭᠤᠯᠬᠤ ᠪᠡᠷᠬᠡ ᠰᠡᠳᠦᠪ   ᠢ ᠰᠢᠢᠳᠪᠦᠷᠢᠯᠡᠬᠦ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ ᠱᠠᠩᠨᠠᠯ᠂ ᠪᠥᠬᠦ ᠤᠯᠤᠰ ᠤᠨ ᠶᠠᠳᠠᠭᠤ   ᠠᠴᠠ ᠠᠩᠭᠢᠵᠢᠷᠠᠭᠤᠯᠬᠤ ᠪᠡᠷᠬᠡ ᠰᠡᠳᠦᠪ   ᠢ ᠰᠢᠢᠳᠪᠦᠷᠢᠯᠡᠬᠦ ᠲᠡᠷᠢᠭᠦᠨ ᠤ ᠬᠠᠮᠲᠤ ᠨᠡᠶᠢᠲᠡ ᠪᠣᠯᠪᠠ᠃ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠨ᠎ᠡ᠃18.98 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠭᠴᠡᠭᠡ ᠶᠢ ᠲᠥᠯᠥᠵᠦ᠂ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠦᠨᠳᠦᠰᠦᠨ ᠳᠡᠭᠡᠨ ᠲᠥᠯᠥᠵᠦ‌‍ᠪᠠᠩᠬᠢ ᠶᠢᠨ ᠥᠷᠢ ᠥᠭᠴᠡᠭᠡ ᠠᠴᠠ ᠮᠠᠭᠤ ᠰᠠᠨᠠᠭ᠎ᠠ ᠲᠠᠢ ᠪᠠᠷ ᠵᠠᠶᠢᠯᠠᠬᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠬᠠᠤᠯᠢ ᠪᠤᠰᠤ ᠪᠠᠷ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ᠂ ᠠᠷᠠᠳ ᠤᠨ ᠠᠭᠠᠷ ᠤᠨ ᠰᠡᠷᠭᠡᠶᠢᠯᠡᠯᠲᠡ᠂ ᠨᠡᠭᠦᠷᠡᠰᠦ᠂ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠃ ᠠᠮᠢ ᠠᠬᠤᠢ ᠶᠢᠨ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ ᠬᠥᠬᠡᠮᠳᠦᠭ ᠲᠡᠭᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠡᠷᠡᠰ ᠰᠠᠶᠢᠲᠤᠷ ᠬᠢᠵᠦ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ᠡᠷᠬᠢᠨ ᠬᠠᠷᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠤ ᠱᠠᠲᠤ ᠦᠶ᠎ᠡ ᠶᠢᠨ ᠴᠢᠨᠠᠷᠲᠠᠢ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠭᠠᠷ ᠰᠠᠶᠢᠨ ᠡᠳᠦᠷ ᠤᠨ ᠲᠤᠭ᠎ᠠ 96.8% ᠠᠴᠠ ᠳᠡᠭᠡᠭᠰᠢ ᠪᠠᠶᠢᠳᠠᠭ᠃ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠤᠷᠮ᠎ᠠ ᠶᠢ 100% ᠪᠠᠷ ᠪᠠᠲᠤᠯᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠴᠥᠮ 85%   ᠠᠴᠠ ᠳᠡᠭᠡᠭᠰᠢ ᠳᠤ ᠬᠦᠷᠦᠭᠦᠯᠦᠨ᠎ᠡ᠃ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾ ︽ᠣᠶ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠶᠢ ᠪᠡᠶᠡᠯᠡᠭᠦᠯᠵᠦ᠂ 11 ᠵᠢᠵᠢᠭ ᠰᠠᠪᠠ ᠭᠠᠵᠠᠷ ᠢ ᠵᠠᠰᠠᠵᠤ᠂ 37.8 ᠲᠦᠮᠡᠨ ᠮᠦ ᠣᠶᠢᠵᠢᠭᠤᠯᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 28.85% ᠳᠤ ᠬᠥᠷᠪᠡ᠃ ᠡᠪᠦᠭᠡᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ︽ᠳᠤᠮᠳᠠᠳᠤ ᠤᠯᠤᠰ ᠤᠨ ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠢᠶᠠᠷ ᠦᠨᠡᠯᠡᠭᠳᠡᠪᠡ᠃     ᠲᠦᠷᠪᠡᠨ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠤᠲᠠ ᠪᠠᠯᠭᠠᠰᠤ ᠶᠢᠨ ᠴᠢᠳᠠᠮᠵᠢ ᠶᠢ ᠢᠯᠡᠳᠲᠡ ᠳᠡᠭᠡᠭᠰᠢᠯᠡᠭᠦᠯᠦᠨ᠎ᠡ᠃ 47 ᠬᠠᠭᠤᠴᠢᠨ  ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 4 ᠲᠦᠮᠡᠨ ᠲᠡᠭᠰᠢ ᠳᠥᠷᠪᠡᠯᠵᠢᠨ ᠮᠧᠲᠷ ᠤᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠪᠡ᠃ ᠪᠠᠶᠢᠰᠢᠩ ᠭᠡᠷ ᠤᠨ ᠲᠣᠭᠤᠷᠢᠭ ᠤᠨ ᠲᠤᠷᠰᠢᠯᠲᠠ ᠶᠢᠨ  ᠴᠡᠭ ᠤᠨ ᠥᠭᠡᠷᠡᠴᠢᠯᠡᠯᠲᠡ ᠶᠢ ᠰᠦᠪᠡᠭᠴᠢᠯᠡᠨ ᠠᠬᠢᠭᠤᠯᠤᠨ᠎ᠠ᠃ ᠰᠢᠨ᠎ᠡ ᠪᠠᠷ ᠨᠡᠮᠡᠭᠳᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠠᠰᠢᠭᠯᠠᠬᠤ ᠲᠠᠯᠠᠪᠠᠢ 73 ᠲᠦᠮᠡᠨ ᠲᠡᠭᠰᠢ ᠳᠥᠷᠪᠡᠯᠵᠢᠨ ᠮᠧᠲᠷ ᠪᠣᠯᠪᠠ᠃  ᠶᠸᠦ ᠢ ᠵᠠᠮ᠂ ᠬᠤ᠋ ᠰᠢ ᠵᠠᠮ᠂ ᠱᠤ᠋ ᠭᠤᠸᠠᠩ ᠶᠡᠭᠡ ᠵᠡᠭᠡᠯᠢ ᠵᠡᠷᠭᠡ ᠵᠠᠮ ᠤᠨ ᠲᠡᠰ ᠳᠠᠪᠰᠢᠵᠤ᠂ ᠬᠠᠮᠲᠤ ᠪᠠᠷ ᠡᠳ᠋ᠯᠡᠬᠦ ᠳᠤᠭᠤᠢ ᠲᠡᠷᠭᠡ ᠶᠢ ᠪᠠᠶᠢᠷᠢᠯᠠᠭᠤᠯᠤᠨ ᠲᠠᠷᠬᠠᠭᠠᠵᠤ᠂ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠬᠤᠳᠠ ᠬᠥᠳᠡᠭᠡ ᠳᠤ ᠨᠡᠪᠲᠡᠷᠡᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠣᠯᠪᠠ᠃ ᠤᠰᠤᠨ ᠤ ᠡᠬᠢ ᠰᠤᠷᠪᠤᠯᠵᠢ ᠶᠢᠨ ᠬᠤᠶᠠᠳᠤᠭᠠᠷ ᠭᠠᠵᠠᠷ ᠢ ᠠᠰᠢᠭᠯᠠᠯᠲᠠ ᠳᠤ ᠣᠷᠣᠭᠤᠯᠵᠤ᠂ ᠢᠯᠴᠢ ᠶᠢᠨ ᠡᠬᠢ ᠰᠤᠷᠪᠤᠯᠵᠢ ᠶᠢᠨ ᠭᠤᠷᠪᠠᠳᠤᠭᠠᠷ ᠭᠤᠣᠯ ᠴᠣᠭᠴᠠ ᠶᠢᠨ ᠠᠵᠢᠯ ᠢ ᠳᠠᠭᠤᠰᠬᠠᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠷᠢᠮᠵᠢᠶ᠎ᠠ ᠳᠤ ᠬᠦᠷᠦᠭᠦᠯᠦᠨ ᠠᠵᠢᠯᠯᠠᠭᠤᠯᠵᠤ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷᠳᠤᠯ ᠭᠠᠳᠠᠭᠰᠢᠯᠠᠭᠤᠯᠬᠤ ᠬᠤᠭᠤᠯᠠᠢ ᠶᠢ 9.3 ᠺᠢᠯᠣᠮᠧᠲᠷ ᠥᠭᠡᠷᠡᠴᠢᠯᠡᠪᠡ᠃ ᠨᠠᠨ ᠬᠤ᠋ ᠴᠡᠴᠡᠷᠯᠢᠭ᠂ ᠠᠮᠢ ᠠᠬᠤᠢ ᠶᠢᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠡᠴᠡᠷᠯᠢᠭ ᠤᠨ ᠵᠦᠢᠯᠡᠰ ᠢ ᠡᠬᠢᠯᠡᠨ ᠬᠡᠷᠡᠭᠵᠢᠭᠦᠯᠵᠦ᠂ ᠰᠠᠭᠤᠷᠢ ᠦᠢᠯᠡᠴᠢᠯᠡᠭᠡᠨ ᠤ ᠴᠢᠳᠠᠪᠤᠷᠢ ᠶᠢ ᠰᠢᠨ᠎ᠡ ᠳᠡᠭᠲᠡᠷ ᠲᠤ ᠭᠠᠷᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ  ᠵᠣᠯᠭᠠᠭᠤᠯᠦᠨ ᠡᠬᠢᠯᠡᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠱᠤᠭᠤᠮ ᠢ 998 ᠺᠢᠯᠣᠮᠧᠲᠷ ᠥᠭᠡᠷᠡᠴᠢᠯᠡᠵᠦ᠂ 1487 ᠺᠢᠯᠣᠮᠧᠲᠷ ᠵᠠᠰᠠᠮᠠᠯ ᠵᠠᠮ ᠢ ᠬᠠᠲᠠᠭᠤᠷᠠᠭᠤᠯᠵᠤ᠂ ᠵᠠᠰᠠᠭ ᠵᠠᠬᠢᠷᠭᠠᠨ ᠤ ᠭᠠᠴᠠᠭᠠᠨ ᠤ ᠵᠠᠰᠠᠮᠠᠯ ᠵᠠᠮ ᠢ ᠬᠠᠲᠠᠭᠤᠷᠠᠭᠤᠯᠤᠭᠰᠠᠨ ᠨᠤᠷᠮ᠎ᠠ᠂ ᠰᠠᠭᠠᠳ ᠦᠭᠡᠢ ᠨᠡᠪᠲᠡᠷᠡᠭᠰᠡᠨ ᠨᠤᠷᠮ᠎ᠠ ᠶᠢ 100%  ᠳᠤ ᠬᠦᠷᠭᠡᠨ᠎ᠡ᠃ G5511 ᠬᠤᠣᠰ ᠱᠤᠭᠤᠮ ᠢᠶᠠᠷ ᠨᠡᠪᠲᠡᠷᠡᠵᠦ᠂ S309᠂ X409 ᠶᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ᠃ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠨᠤᠷᠠᠬᠤ ᠠᠶᠤᠯᠲᠠᠢ ᠭᠡᠷ ᠪᠠᠶᠢᠰᠢᠩ ᠢ ᠬᠥᠳᠡᠯᠦᠩᠭᠦᠢ ᠪᠠᠷ ᠴᠡᠪᠡᠷᠯᠡᠨ᠎ᠡ᠃ ᠲᠣᠰᠬᠤᠨ ᠤ ᠱᠠᠲᠤᠨ ᠤ ᠣᠨᠴᠠᠯᠢᠭᠲᠤ ᠠᠵᠤ ᠦᠢᠯᠡᠰ ᠲᠦᠷᠭᠡᠨ ᠬᠥᠭᠵᠢᠵᠦ᠂ ᠲᠣᠰᠬᠤᠨ ᠤ ᠬᠠᠮᠲᠤ ᠶᠢᠨ ᠠᠵᠤ ᠠᠬᠤᠢ ᠵᠢᠯ ᠳᠠᠷᠠᠭᠠᠯᠠᠨ ᠨᠡᠮᠡᠭᠳᠡᠵᠦ᠂ ᠲᠣᠰᠬᠤᠨ ᠤ ᠳᠤᠮᠳᠠᠴᠢ ᠣᠷᠣᠯᠭ᠎ᠠ 31 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠵᠣᠷᠯᠣᠩ ᠢ ᠥᠭᠡᠷᠡᠴᠢᠯᠡᠨ ᠪᠣᠬᠢᠷᠳᠤᠯ ᠢ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠭᠤᠷᠪᠠᠨ ᠵᠢᠯ ᠴᠡᠭᠴᠡᠯᠡᠨ ᠵᠠᠰᠠᠬᠤ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠮᠠᠨ ᠤ ᠰᠢᠶᠠᠨ ᠪᠦᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠯᠢᠬᠡᠷ ᠳᠠᠭᠤᠷᠢᠶᠠᠯ ᠲᠣᠭᠤᠷᠢᠭ ᠤᠨ ᠲᠡᠷᠢᠭᠦᠨ ᠤ ᠰᠢᠶᠠᠨ ᠢ ᠬᠦᠷᠲᠡᠵᠦ᠂ ᠬᠤᠩ ᠭᠤᠸᠠᠩ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠪᠣᠯᠪᠠ᠃ᠬᠤᠳᠠ ᠬᠥᠳᠡᠭᠡ ᠶᠢ ᠬᠠᠮᠲᠤ ᠪᠠᠷ ᠬᠠᠮᠢᠶᠠᠷᠬᠤ ᠵᠠᠭᠪᠤᠷ ᠢ ᠠᠩᠬ᠎ᠠ ᠪᠠᠶᠢᠭᠤᠯᠪᠠ᠃ ᠬᠤᠳᠠ ᠬᠥᠳᠡᠭᠡ ᠶᠢᠨ ᠣᠷᠴᠢᠨ ᠠᠬᠤᠢ ᠶᠢ ᠶᠡᠷᠦᠩᠬᠡᠶᠢᠯᠡᠨ ᠵᠠᠰᠠᠬᠤ᠂ ᠴᠡᠴᠡᠷᠯᠢᠭ ᠤᠨ ᠣᠷᠴᠢᠨ ᠠᠬᠤᠢ ᠶᠢ ᠬᠠᠮᠠᠭᠠᠯᠠᠬᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠬᠥᠳᠡᠭᠡ ᠲᠣᠰᠬᠤᠨ ᠲᠡᠰᠢ ᠥᠷᠭᠡᠳᠬᠡᠬᠦ ᠶᠢ ᠶᠡᠭᠡ ᠪᠠᠷ ᠥᠷᠨᠢᠭᠦᠯᠦᠨ᠎ᠡ᠃ ᠢᠳᠡᠰᠢᠨ ᠨᠣᠭᠤᠭ᠎ᠠ ᠶᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠂ ᠪᠠᠷᠢᠯᠭ᠎ᠠ ᠶᠢᠨ ᠮᠠᠲ᠋ᠧᠷᠢᠶᠠᠯ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠲᠣᠭᠲᠠᠭᠤᠨ ᠢᠶᠠᠷ ᠨᠡᠭᠦᠯᠭᠡᠵᠦ᠂ ᠲᠣᠭᠲᠠᠩᠭᠤᠢ ᠲᠡᠷᠭᠡ ᠵᠣᠭᠰᠤᠭᠠᠬᠤ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠷᠢᠯᠢᠭ ᠣᠨᠣᠴᠠᠲᠠᠢ ᠬᠡᠪ ᠤᠨ ᠪᠠᠶᠢᠳᠠᠯ ᠳᠤ ᠣᠷᠣᠭᠤᠯᠪᠠ᠃ ᠲᠣᠮᠣ ᠰᠠᠷᠠᠪᠴᠢᠲᠤ ᠭᠡᠷ ᠪᠠᠶᠢᠰᠢᠩ᠂ ᠲᠣᠭᠲᠠᠭᠠᠯ   ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠪᠦᠲᠦᠮᠵᠢᠲᠡᠶ ᠵᠠᠰᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠡᠮᠬᠢ ᠵᠢᠷᠤᠮ ᠲᠠᠢ ᠰᠢᠢᠳᠪᠦᠷᠢᠯᠡᠵᠦ᠂ ᠣᠷᠣᠨ ᠤ ᠲᠠᠰ ᠤᠨ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ︽ᠵᠠᠮ ᠤᠨ ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠪᠡ᠃ ᠵᠢᠷᠭᠤᠭ᠎ᠠ  ᠶᠢ ᠠᠶᠢᠯ ᠡᠷᠦᠬᠡ ᠳᠤ ᠬᠦᠷᠴᠦ ᠦᠢᠯᠡᠴᠢᠯᠡᠬᠦ ᠳᠤ᠂ ᠬᠤᠪᠢ ᠬᠤᠷᠠᠮᠳᠤᠭᠤᠯᠵᠤ ᠣᠳᠣᠨ ᠮᠡᠴᠢᠳ ᠪᠤᠯᠢᠶᠠᠯᠳᠤᠨ ᠬᠥᠲᠥᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠣᠷᠣᠨ ᠳᠤ ᠤᠷᠢᠳᠠᠪᠠᠷ ᠡᠬᠢᠯᠡᠭᠦᠯᠵᠦ᠂ ᠪᠥᠬᠦ ᠤᠯᠤᠰ ᠤᠨ ᠬᠥᠳᠡᠭᠡ ᠲᠣᠰᠬᠤᠨ ᠤ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢᠱᠢᠶ᠎ᠡ ᠦᠵᠡᠭᠦᠯᠬᠦ ᠰᠢᠶᠠᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠲᠡᠷᠢᠭᠦᠨ ᠤ ᠰᠢᠶᠠᠨ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ᠲᠡᠷᠢᠭᠦᠨ ᠤ ᠰᠢᠶᠠᠨ ᠢᠶᠠᠷ ᠦᠨᠡᠯᠡᠭᠳᠡᠪᠡ᠃   ᠳᠥᠷᠪᠡᠨ ᠵᠢᠯ ᠤᠨ ᠲᠤᠷᠰᠢ᠂ ᠪᠢᠳᠡ ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠶᠢᠳᠡᠮ ᠬᠦᠷᠲᠡᠭᠡᠪᠡ᠃ ᠨᠡᠶᠢᠭᠡᠮ ᠤᠨ ᠦᠢᠯᠡᠰ ᠲᠦᠷᠭᠡᠨ ᠢᠶᠠᠷ ᠬᠥᠭᠵᠢᠪᠡ᠃ 3 ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂  ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠶᠠᠳᠤᠭᠠᠷ ᠰᠤᠷᠭᠠᠭᠤᠯᠢ ᠶᠢᠨ ᠲᠣᠭᠤᠷᠢᠭ ᠲᠤ ᠵᠠᠯᠭᠠᠭ᠎ᠠ ᠪᠠᠷ ᠠᠵᠢᠯ ᠡᠬᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠢᠮᠭᠡᠨ ᠤ ᠰᠤᠷᠭᠠᠭᠤᠯᠢ ᠪᠣᠯᠭᠠᠨ ᠥᠭᠡᠷᠡᠴᠢᠯᠡᠬᠦ ᠢᠨᠵᠧᠨᠧᠷᠢᠩ ᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ᠂ ᠵᠢᠩᠬᠢᠨᠢ ᠠᠩᠭᠢ ᠳᠤ ᠣᠷᠣᠭᠰᠠᠨ ᠨᠣᠷᠮ᠎ᠠ ᠨᠢ ᠵᠠᠯᠭᠠᠭ᠎ᠠ ᠪᠠᠷ ᠪᠥᠬᠦ ᠠᠶᠢᠮᠠᠭ ᠤᠨ ᠠᠳᠠᠯᠢ ᠲᠥᠷᠥᠯ ᠤᠨ ᠰᠤᠷᠭᠠᠭᠤᠯᠢ ᠶᠢᠨ ᠲᠡᠷᠢᠭᠦᠨ ᠳᠤ ᠣᠷᠣᠪᠠ᠃ ᠰᠢᠶᠠᠨ ᠤ ᠪᠦᠰᠡ ᠶᠢᠨ ᠨᠢᠭᠲᠠ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ   ᠠᠴᠠ 2020 ᠣᠨ ᠤ ᠠᠯᠪᠠᠨ   ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠᠷ ᠨᠡᠯᠢᠶᠡᠳ ᠢᠯᠡᠷᠬᠡᠢ ᠭᠠᠵᠠᠷ ᠣᠷᠣᠨ ᠢᠶᠠᠷ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠨᠢᠭᠡᠳᠦᠭᠡᠷ ᠪᠦᠯᠦᠭ ᠤᠨ ᠰᠢᠶᠠᠨ ᠢᠶᠠᠷ ᠦᠨᠡᠯᠡᠭᠳᠡᠪᠡ᠃ ᠰᠢᠶᠠᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠭᠡᠷ ᠪᠠᠶᠢᠰᠢᠩ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠦᠷᠦᠭᠡ︶᠂ ᠣᠷᠣᠰᠢᠭᠤᠯᠭ᠎ᠠ ᠶᠢᠨ ᠭᠠᠵᠠᠷ ᠵᠡᠷᠭᠡ ᠨᠢᠭᠡ ᠪᠦᠯᠦᠭ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠠᠶᠢᠭᠤᠯᠵᠤ ᠳᠠᠭᠤᠰᠬᠠᠭᠠᠳ ᠬᠡᠷᠡᠭᠯᠡᠪᠡ᠃ ᠵᠢᠶᠠ ᠾᠧ ᠨᠠᠰᠤᠲᠠᠨ ᠢ ᠠᠰᠠᠷᠠᠬᠤ ᠬᠦᠷᠢᠶᠡᠯᠡᠩ ᠨᠢ ᠪᠦᠬᠦ ᠠᠶᠢᠮᠠᠭ ᠤᠨ ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ᠬᠡᠪ ᠳᠠᠭᠤᠷᠢᠶᠠᠯ ᠪᠣᠯᠵᠠᠢ᠃ ᠪᠥᠬᠦ ᠣᠷᠣᠨ ᠤ ᠰᠢᠶᠠᠨ ᠤ ᠱᠠᠲᠤᠨ ᠤ ᠠᠩᠬᠠᠳᠠᠭᠴᠢ ᠲᠦᠷᠭᠡᠨ ᠲᠡᠰᠢᠯᠲᠡ ᠶᠢᠨ ᠣᠷᠳᠣᠨ᠂ ᠲᠠᠩ ᠪᠡᠶᠡᠲᠦ ᠲᠠᠯᠠᠪᠠᠶ ᠪᠠᠷ ᠬᠠᠮᠤᠭ ᠤᠨ ᠶᠡᠭᠡ ᠪᠡᠶ᠎ᠡ ᠶᠢᠨ ᠲᠠᠮᠢᠷ ᠤᠨ ᠣᠷᠳᠣᠨ ᠢ ᠠᠰᠢᠭᠯᠠᠯᠲᠠ ᠳᠤ ᠣᠷᠣᠭᠤᠯᠵᠤ᠂ ᠣᠷᠣᠨ ᠤ ᠲᠠᠰ ᠤᠨ 6 ᠲᠣᠮᠣ ᠬᠡᠯᠪᠡᠷᠢ ᠶᠢᠨ ᠤᠷᠤᠯᠳᠤᠭᠠᠨ ᠤ ᠵᠦᠢᠯ ᠢ ᠳᠠᠭᠠᠭᠠᠴᠢᠯᠠᠨ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ 1000 ᠭᠠᠷᠤᠢ ᠲᠠᠯᠠᠪᠤᠷ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠰᠢᠶᠠᠨ ᠢ ᠢᠷᠠᠭᠤ ᠠᠯᠳᠠᠷᠲᠠᠢ ᠪᠠᠷ ᠭᠥᠷᠳᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠡᠩ ᠬᠦᠴᠦᠲᠡᠢ ᠪᠣᠯᠪᠠ᠃ ᠠᠷᠠᠳ ᠤᠨ ᠠᠮᠢᠳᠤᠷᠠᠯ ᠳᠤ 97.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 76% ᠶᠢ ᠡᠵᠡᠯᠡᠪᠡ᠃ ᠬᠤᠲᠠ ᠪᠠᠯᠭᠠᠰᠤᠨ ᠤ 7029 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 3.2% ᠲᠤ ᠬᠦᠷᠴᠦ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠪᠡ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠵᠤ ᠦᠨᠡᠯᠡᠨ ᠲᠣᠭᠲᠠᠭᠠᠬᠤ ᠠᠷᠭ᠎ᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠬᠥᠳᠡᠯᠦᠩᠭᠦᠢ ᠬᠠᠮᠢᠶᠠᠷᠤᠯᠲᠠ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠨ᠎ᠠ᠃ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠨᠥᠬᠦᠪᠦᠷᠢ ᠶᠢᠨ ᠪᠠᠷᠢᠮᠵᠢᠶ᠎ᠠ ᠶᠢ ᠨᠡᠶᠢᠳᠡᠮ ᠳᠡᠭᠡᠭᠰᠢᠯᠡᠭᠦᠯᠵᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠡ ᠶᠢ ᠵᠢᠯ ᠳᠠᠷᠠᠭᠠᠯᠠᠨ ᠳᠡᠭᠡᠭᠰᠢᠯᠡᠭᠦᠯᠪᠡ᠃ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ᠂ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ᠂ ᠤᠯᠠᠭᠠᠨ ᠵᠠᠭᠠᠯᠮᠠᠶᠢᠲᠠᠨ ᠤ ᠲᠡᠳᠬᠦᠮᠵᠢ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠪᠠ᠃ ᠬᠦᠨᠳᠦ ᠡᠪᠡᠳᠴᠢᠲᠡᠨ ᠢ ᠰᠢᠶᠠᠨ ᠠᠴᠠ ᠲᠤᠰᠠᠯᠠᠬᠤ᠂ ︽ᠶᠠᠳᠠᠭᠤ ᠬᠦᠴᠢᠷᠳᠡᠯᠲᠡᠢ ᠬᠥᠮᠥᠨ ᠠᠮᠠ ᠶᠢ ᠰᠡᠷᠭᠡᠶᠢᠯᠡᠬᠦ ᠪᠠᠲᠤᠯᠠᠪᠤᠷᠢ︾ ᠵᠡᠷᠭᠡ ᠨᠢᠭᠡ ᠪᠦᠯᠦᠭ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠪᠠᠷ ᠬᠤᠳᠠ ᠬᠥᠳᠡᠭᠡ ᠶᠢᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠬᠢᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠵᠡᠢ᠃ ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠬᠥᠮᠥᠰ ᠤᠨ ᠰᠡᠳᠬᠢᠯ ᠳᠤ ᠬᠠᠳᠠᠩᠰᠢᠵᠤ᠂ ᠱᠦᠢ ᠴᠢᠤᠸᠠᠨ ᠪᠠᠯᠭᠠᠰᠤ ᠶᠢᠨ ᠪᠦᠯᠬᠦᠮᠳᠡᠯ ᠲᠣᠰᠬᠤᠨ᠂ ᠲᠦᠴᠢᠦᠸᠠᠨ ᠪᠠᠯᠭᠠᠰᠤ ᠶᠢᠨ ᠶᠦᠩ ᠪᠦᠦ ᠲᠣᠰᠬᠤᠨ ᠢ ᠣᠷᠣᠨ ᠤ ᠳᠡᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠪᠡ᠃ ᠠᠮᠤᠷ ᠲᠦᠪᠰᠢᠨ ᠲᠦᠴᠢᠦᠸᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢᠯᠡᠳᠲᠡ ᠦᠷ᠎ᠡ ᠪᠦᠲᠦᠮᠵᠢ ᠣᠯᠵᠤ᠂ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠪᠠ᠃ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠷ ᠰᠢᠢᠳᠪᠦᠷᠢᠯᠡᠪᠡ᠃ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠤᠭᠤᠴᠠᠭᠠᠨ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠳᠣᠯᠣᠳᠤᠭᠠᠷ ᠤᠳᠠᠭᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠳᠠ ᠶᠢ ᠲᠡᠭᠦᠰ ᠠᠮᠵᠢᠯᠳᠠ ᠲᠠᠢ ᠪᠡᠶᠡᠯᠡᠭᠦᠯᠪᠡ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ ᠲᠣᠮᠣ ᠳ᠋ᠠᠶᠢᠲ᠋ᠠ + ᠲᠣᠥᠷᠵᠢᠭᠤᠯᠤᠨ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠭᠰᠢᠭᠦᠷᠢᠲᠦ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠴᠥᠮ ᠰᠦᠢᠳᠬᠡᠯ ᠬᠤᠷᠢᠶᠠᠬᠤ ᠦᠭᠡᠢ ᠪᠣᠯᠭᠠᠵᠤ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠡᠶᠢᠳᠡᠮ ᠴᠢᠩᠭᠠᠳᠬᠠᠨ᠂ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ ᠃ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠥᠷᠢ ᠰᠢᠷᠢ ᠶᠢ ᠵᠠᠰᠠᠵᠤ ᠵᠠᠷᠤᠯᠭ᠎ᠠ ᠶᠢ ᠪᠠᠲᠤᠯᠠᠬᠤ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠠᠲᠤᠯᠠᠪᠠ᠃     ᠳᠥᠷᠪᠡᠨ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠣᠷᠳᠣ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ᠦᠢᠯᠡᠴᠢᠯᠡᠭᠡᠨ ᠤ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠪᠡ᠃ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠪᠠ᠃ 522 ᠵᠦᠢᠯ ᠤᠨ ᠥᠭᠡᠷᠡᠴᠢᠯᠡᠯᠲᠡ ᠶᠢ ᠡᠬᠢᠯᠡᠭᠦᠯᠵᠦ᠂ 331 ᠵᠦᠢᠯ ᠤᠨ ᠦᠷ᠎ᠡ ᠪᠦᠲᠦᠭᠡᠯ ᠣᠯᠪᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠥᠭᠡᠷᠡᠴᠢᠯᠡᠯᠲᠡ ᠶᠢ ᠡᠮᠬᠢ ᠵᠢᠷᠤᠮ ᠲᠠᠢ ᠥᠷᠨᠢᠭᠦᠯᠪᠡ᠃ ᠤᠯᠤᠰ ᠤᠨ ᠥᠮᠴᠢᠯᠡᠯ ᠤᠨ ᠤᠢ ᠰᠢᠭᠤᠢ ᠶᠢᠨ ᠳᠠᠯᠠᠪᠠᠢ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠵᠡᠷᠭᠡ ᠶᠢᠨ ᠥᠭᠡᠷᠡᠴᠢᠯᠡᠯᠲᠡ ᠶᠢ ᠪᠦᠬᠦ ᠵᠦᠢᠯᠡᠰ ᠢ ᠣᠷᠣᠯᠠᠨ ᠪᠠᠶᠢᠭᠤᠯᠬᠤ᠂ ᠬᠥᠳᠡᠭᠡ ᠲᠣᠰᠬᠤᠨ ᠤ ᠤᠯᠠᠨ ᠨᠡᠶᠢᠲᠡ ᠶᠢᠨ ᠲᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠵᠡᠷᠭᠡ 34 ᠵᠦᠢᠯ ᠤᠨ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠢᠯᠡᠳᠲᠡ ᠦᠷ᠎ᠡ ᠪᠦᠲᠦᠮᠵᠢ ᠣᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢ ᠭᠦᠨᠵᠡᠭᠡᠢ ᠲᠦᠯᠬᠢᠨ ᠠᠬᠢᠭᠤᠯᠵᠤ᠂ ᠮᠦᠩᠭᠡ ᠰᠣᠪᠠᠭ· ᠳᠥᠷᠪᠡ ᠶᠢ ᠭᠦᠢᠴᠡᠳᠬᠡᠬᠦ ②  ᠢ ᠪᠥᠬᠦ ᠲᠠᠯ᠎ᠠ ᠪᠠᠷ ᠬᠡᠷᠡᠭᠵᠢᠭᠦᠯᠦᠨ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠠᠩᠬ᠎ᠠ ᠠᠯᠬᠤᠮ ᠪᠠᠶᠢᠭᠤᠯᠵᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠰᠦᠯᠵᠢᠶᠡᠨ ᠲᠡᠭᠡᠷ᠎ᠡ ᠭᠦᠢᠴᠡᠳᠬᠡᠬᠦ︾᠂ ᠰᠦᠯᠵᠢᠶᠡᠨ ᠭᠠᠳᠠᠨ᠎ᠠ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠬᠠᠢ ᠨᠡᠶᠢᠭᠡᠮ ᠤᠨ ᠦᠨᠡᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷᠴᠤᠳ ᠵᠠᠬ᠎ᠠ ᠳᠡᠯᠭᠡᠭᠦᠷ ᠤᠨ 9480 ᠪᠡᠶᠡᠴᠢ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠪᠡ᠃ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠠᠯᠬᠤᠴᠠ ᠲᠠᠰᠤᠷᠠᠯᠲᠠ ᠦᠭᠡᠢ ᠠᠬᠢᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ 56 ᠪᠠᠶᠢᠵᠤ᠂ 87.2 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠪᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠲᠤᠭ᠎ᠠ ᠪᠦᠷᠢᠳᠬᠡᠯ ᠤᠨ ᠬᠢᠨᠠᠯᠲᠠ᠂ ᠬᠢᠨᠠᠨ ᠪᠣᠳᠣᠯᠲᠠ ᠶᠢᠨ ᠬᠢᠨᠠᠯᠲᠠ ᠶᠢ ᠲᠠᠰᠤᠷᠠᠯᠳᠠ ᠦᠭᠡᠢ ᠴᠢᠩᠭᠠᠷᠠᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠶᠢᠨ ᠳᠦᠷᠢᠮ ᠢ ᠪᠦᠲᠦᠮᠵᠢᠲᠡᠶ ᠪᠠᠷ ᠨᠠᠶᠢᠳᠠᠪᠤᠷᠢᠵᠢᠭᠤᠯᠪᠠ᠃ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠪᠠ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠪᠦᠬᠦᠨ ᠢ ᠰᠦᠯᠵᠢᠶᠡᠨ ᠳᠡᠭᠡᠷ᠎ᠡ ᠢᠯᠡ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ᠂ ᠭᠤᠷᠪᠠᠨ ᠵᠦᠢᠯ ᠤᠨ ᠠᠯᠪᠠᠨ ᠤ ᠵᠠᠷᠤᠳᠠᠯ ᠢ ᠲᠤᠰ ᠲᠤᠰ 10% ᠪᠠ 20% ᠪᠠᠷ ᠪᠠᠭᠤᠷᠠᠭᠤᠯᠤᠨ᠎ᠠ᠃ ︽ᠬᠤᠶᠠᠷ ᠢ ᠰᠤᠷᠤᠯᠴᠠᠵᠦ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠬᠢᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ᠂ ᠰᠡᠳᠬᠢᠯ ᠬᠠᠨᠤᠮᠵᠢᠲᠠᠶ ᠪᠠᠶᠢᠬᠤ ᠨᠤᠷᠮ᠎ᠠ ᠶᠢ ᠲᠦᠷᠪᠡᠨ ᠵᠢᠯ ᠳᠠᠷᠠᠭᠠᠯᠠᠨ 100% ᠪᠠᠷ ᠪᠠᠲᠤᠯᠠᠪᠠ᠃    ᠠᠷᠠᠳ ᠤᠨ ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠮᠡᠭᠲᠡᠶᠢᠴᠦᠳ ᠬᠡᠦᠬᠡᠳ᠂ ᠴᠠᠭ ᠠᠭᠤᠷ᠂ ᠭᠠᠯ ᠰᠡᠷᠭᠡᠶᠢᠯᠡᠬᠦ᠂ ᠭᠠᠶᠢᠯᠢ ᠶᠢᠨ ᠶᠠᠪᠤᠳᠠᠯ᠂ ᠬᠠᠩᠭᠠᠨ ᠪᠣᠷᠤᠯᠠᠭᠤᠯᠭ᠎ᠠ᠂ ᠮᠡᠳᠡᠭᠡ ᠬᠤᠯᠪᠣᠭ᠎ᠠ ᠵᠡᠷᠭᠡ ᠠᠵᠢᠯ ᠴᠥᠮ ᠪᠠᠶᠠᠷᠯᠠᠭᠤᠰᠢᠲᠠᠢ ᠠᠮᠵᠢᠯᠲᠠ ᠣᠯᠪᠠ᠃     ᠲᠥᠯᠥᠭᠡᠯᠡᠭᠴᠢᠳ ᠠ᠋︕ ᠲᠦᠷᠪᠡᠨ ᠵᠢᠯ ᠤᠨ ᠬᠦᠴᠢᠷ ᠪᠡᠷᠬᠡᠰᠢᠶᠡᠯ ᠢ ᠬᠠᠮᠲᠤ   ᠳᠠᠭᠠᠨ ᠲᠤᠭᠤᠯᠵᠤ᠂ ᠪᠢᠳᠡ ᠭᠤᠷᠪᠠᠨ ᠶᠡᠭᠡ ᠪᠣᠭᠤᠮᠲᠠ ᠰᠢᠪᠲᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠶᠡᠭᠡ ᠳᠠᠶᠢᠯᠠᠯᠳᠤᠭᠠᠨ ᠤ ᠶᠡᠭᠡ ᠰᠢᠯᠭᠠᠯᠲᠠ ᠶᠢ ᠥᠩᠭᠡᠷᠡᠭᠡᠵᠦ᠂ ᠠᠵᠤ ᠠᠬᠤᠢ ᠪᠠᠭᠤᠷᠠᠬᠤ᠂ ᠨᠡᠮᠡᠭᠳᠡᠯ ᠤᠨ ᠬᠤᠷᠳᠤᠴᠠ ᠤᠳᠠᠭᠠᠰᠢᠷᠠᠬᠤ ᠵᠡᠷᠭᠡ ᠬᠦᠨᠳᠦ ᠳᠠᠷᠤᠭᠠᠰᠤ ᠶᠢ ᠳᠠᠭᠠᠭᠠᠵᠤ᠂ ᠪᠦᠬᠦ ᠲᠠᠯ᠎ᠠ ᠪᠠᠷ ᠴᠢᠨᠡᠭᠡᠯᠢᠭᠵᠢᠬᠦ᠂ ᠠᠷᠠᠳ ᠲᠦᠮᠡᠨ ᠵᠣᠯ ᠵᠢᠷᠭᠠᠯ ᠲᠠᠢ ᠪᠠᠶᠢᠬᠤ ᠠᠷᠠᠳ ᠤᠨ ᠠᠮᠢᠳᠤᠷᠠᠯ ᠤᠨ ᠵᠢᠷᠤᠭ ᠢ ᠵᠢᠷᠤᠭᠯᠠᠵᠤ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠳᠠᠪᠠᠯᠲᠠ ᠶᠢ ᠳᠠᠪᠠᠵᠤ ᠭᠦᠢᠴᠡᠵᠦ ᠳᠠᠪᠠᠭ᠋ᠤ ᠢᠲᠡᠭᠡᠯ ᠵᠣᠷᠢᠭ ᠢ ᠬᠥᠪᠴᠢᠯᠡᠪᠡ᠃ ᠠᠮᠵᠢᠯᠲᠠ ᠪᠦᠲᠦᠮᠵᠢ ᠣᠯᠬᠤ ᠳᠤ ᠠᠶᠢᠮᠠᠭ ᠤᠨ ᠨᠠᠮ ᠤᠨ ᠬᠤᠷᠢᠶ᠎ᠠ ᠵᠠᠰᠠᠭ ᠵᠠᠬᠢᠷᠭ᠎ᠠ ᠪᠠ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ   ᠠᠴᠠ ᠰᠠᠯᠵᠤ ᠴᠢᠳᠠᠬᠤ ᠦᠭᠡᠢ︔ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠶ ᠬᠢᠨᠠᠯᠲᠠ᠂ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ; ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ᠂ ᠪᠡᠭᠡᠵᠢᠩ ᠤᠨ ᠹᠠᠩᠱᠠᠨ ᠲᠣᠭᠤᠷᠢᠭ᠂ ᠣᠷᠣᠨ ᠠᠶᠢᠮᠠᠭ ᠤᠨ ᠪᠠᠶᠢᠭᠤᠯᠤᠯᠭ᠎ᠠ ᠶᠢᠨ ᠬᠢᠨ ᠦᠨᠡᠨ ᠰᠡᠳᠬᠢᠯ ᠠᠴᠠ ᠪᠠᠨ ᠵᠢᠳᠬᠦᠵᠦ᠂ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠬᠦ ᠠᠴᠠ ᠰᠠᠯᠵᠤ ᠴᠢᠳᠠᠬᠤ ᠦᠭᠡᠢ︔ ᠨᠡᠩ ᠴᠤ ᠪᠦᠬᠦ ᠰᠢᠶᠠᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠡᠷᠡᠯᠬᠡᠭᠯᠡᠨ ᠤᠷᠤᠭᠰᠢᠯᠠᠬᠤ ᠠᠴᠠ ᠰᠠᠯᠵᠤ ᠴᠢᠳᠠᠬᠤ ᠦᠭᠡᠢ ᠶᠤᠮ᠃ ᠡ᠊ᠨᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠲᠦᠴᠢᠦᠸᠠᠨ ᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠰᠠᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠲᠦᠴᠢᠦᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂  ᠨᠠᠶᠢᠵᠠ ᠨᠠᠷ᠂ ᠵᠠᠰᠠᠭ ᠤᠨ ᠣᠷᠳᠣᠨ ᠤ ᠠᠵᠢᠯ ᠢ ᠢᠮᠠᠭᠲᠠ ᠣᠶᠢᠯᠠᠭᠠᠨ ᠳᠡᠮᠵᠢᠭᠰᠡᠭᠡᠷ ᠢᠷᠡᠭᠰᠡᠨ ᠲᠥᠯᠥᠭᠡᠯᠡᠭᠴᠢᠳ᠂ ᠭᠡᠰᠢᠭᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠪᠦᠬᠦ ᠰᠢᠶᠠᠨ ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ ᠲᠣᠪᠣᠶᠢᠮ᠎ᠠ ᠣᠷᠣᠰᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠲᠠᠩ ᠴᠤᠯᠭᠤᠢ᠂ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ ᠪᠠᠶᠢᠬᠤ︔ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠨᠡᠯᠢᠶᠡᠳ ᠪᠠᠭᠤᠷᠠᠢ ᠪᠠᠶᠢᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠵᠤ᠂ ᠤᠰᠤᠨ ᠤ ᠡᠬᠢ ᠪᠠᠶᠠᠯᠢᠭ ᠬᠢᠭᠡᠳ ᠣᠷᠴᠢᠨ ᠠᠬᠤᠢ ᠶᠢᠨ ᠬᠠᠲᠠᠭᠤ ᠬᠢᠵᠠᠭᠠᠷᠯᠠᠯ ᠢ ᠲᠠᠰᠤᠷᠠᠯᠲᠠ ᠦᠭᠡᠢ ᠨᠡᠮᠡᠭᠳᠡᠭᠦᠯᠵᠦ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠪᠠᠰᠠ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠨᠡᠶᠢᠭᠡᠮ ᠤᠨ ᠵᠠᠰᠠᠯᠲᠠ ᠳᠤ ᠪᠠᠰᠠ ᠳᠤᠲᠠᠭᠤᠳᠠᠯ ᠣᠷᠣᠰᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠷᠢ ᠰᠢᠷᠢ ᠨᠡᠯᠢᠶᠡᠳ ᠤᠯᠠᠨ ᠪᠠᠶᠢᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠪᠠᠰᠠ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ ᠬᠡᠷᠡᠭᠲᠡᠢ᠃             ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠪᠠ ᠭᠤᠣᠯ ᠬᠠᠷᠠᠯᠲᠠ      ᠬᠤᠶᠢᠰᠢᠳᠠ ᠶᠢᠨ ᠲᠠᠪᠤᠨ ᠵᠢᠯ ᠪᠣᠯ ᠮᠠᠨ ᠤ ᠰᠢᠶᠠᠨ ᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠤ ᠳᠠᠷᠠᠭᠠᠬᠢ ᠰᠢᠨ᠎ᠡ ᠠᠶᠠᠨ ᠵᠠᠮ ᠢᠶᠠᠨ ᠡᠬᠢᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ 2035 ᠣᠨ ᠤ ᠠᠯᠤᠰ ᠤᠨ ᠬᠠᠷᠠᠯᠲᠠ ᠳᠠᠰᠢ ᠤᠷᠤᠭᠰᠢᠯᠠᠬᠤ ᠵᠠᠩᠭᠢᠯᠠᠭ᠎ᠠ ᠶᠢᠨ ᠲᠠᠪᠤᠨ ᠵᠢᠯ ᠮᠥᠨ᠃ ᠪᠢᠳᠡ ︽ᠤᠯᠤᠰ ᠤᠨ ᠶᠡᠭᠡ ᠦᠢᠯᠡᠰ︾ ᠢ ᠪᠠᠭᠲᠠᠭᠠᠵᠤ᠂ ᠶᠡᠷᠦᠩᠬᠡᠢ ᠱᠦᠵᠢ ᠰᠢ ᠶᠢᠨ ᠫᠢᠩ  ᠤ ᠥᠪᠥᠷ ᠮᠣᠩᠭᠤᠯ ᠳᠤ ︽ᠬᠤᠶᠠᠷ ᠬᠠᠯᠬᠠᠪᠴᠢ︾ ᠶᠢ ᠪᠠᠲᠤ ᠪᠠᠶᠢᠭᠤᠯᠵᠤ᠂ ︽ᠬᠤᠶᠠᠷ ᠰᠠᠭᠤᠷᠢᠨ︾ ᠢ ᠪᠠᠶᠢᠭᠤᠯᠵᠤ᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ③ ᠶᠢ ᠪᠠᠲᠤ ᠴᠡᠭᠡᠵᠢᠯᠡᠵᠦ᠂ ᠲᠦᠴᠢᠦᠸᠠᠨ ᠤ ᠬᠥᠭᠵᠢᠯᠲᠡ ᠶᠢ ᠪᠦᠬᠦ ᠠᠶᠢᠮᠠᠭ᠂ ᠪᠦᠬᠦ ᠣᠷᠣᠨ᠂ ᠪᠦᠬᠦ ᠤᠯᠤᠰ ᠤᠨ ᠶᠡᠭᠡ ᠲᠠᠯ᠎ᠠ ᠳᠤ ᠦᠨᠡᠨᠬᠦ ᠠᠭᠤᠰᠤᠯᠴᠠᠭᠤᠯᠤᠨ ᠪᠣᠳᠣᠯᠬᠢᠯᠠᠬᠤ ᠬᠡᠷᠡᠭᠲᠡᠢ᠃ ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠵᠤ᠂ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠬᠤᠪᠢ ᠨᠡᠮᠡᠷᠢ ᠦᠵᠡᠭᠦᠯᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃     ᠰᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠰᠡᠳᠬᠢᠴᠡ ᠶᠢ ᠨᠢᠭᠡᠨᠲᠡ ᠲᠣᠳᠣᠷᠬᠠᠢ ᠳᠤᠷᠠᠳᠴᠤ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠷᠣᠨ ᠠᠶᠢᠮᠠᠭ ᠤᠨ ᠠᠵᠢᠯ ᠤᠨ ᠱᠠᠭᠠᠷᠳᠠᠯᠭ᠎ᠠ  ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠠᠭᠤᠰᠤᠯᠴᠠᠭᠤᠯᠬᠤ᠂ ᠬᠤᠳᠠ ᠶᠢ ᠰᠢᠨᠡᠴᠢᠯᠡᠬᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠵᠢᠷᠭᠤᠭᠠᠨ ᠶᠡᠭᠡ ᠡᠭᠦᠷᠭᠡ︾ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠮᠠᠯᠵᠢᠬᠤ ᠲᠠᠷᠢᠶᠠᠯᠠᠬᠤ ᠴᠦᠨ ᠵᠧᠦ᠂  ᠬᠠᠩᠭᠠᠢ ᠲᠦᠴᠢᠣᠸᠠᠨ︾ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃     ᠬᠤᠶᠢᠰᠢᠳᠠ ᠶᠢᠨ ᠲᠠᠪᠤᠨ ᠵᠢᠯ ᠤᠨ ᠪᠦᠬᠦ ᠰᠢᠶᠠᠨ ᠤ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ ᠵᠢᠯ ᠪᠦᠷᠢ ᠳᠤᠮᠳᠠᠴᠢ ᠪᠠᠷ 7% ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠳᠤᠮᠳᠠᠴᠢ ᠪᠠᠷ 10%ᠣᠷᠴᠢᠮ ᠢᠶᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ ᠵᠢᠯ ᠪᠦᠷᠢ ᠳᠤᠮᠳᠠᠴᠢ ᠪᠠᠷ 5%ᠣᠷᠴᠢᠮ ᠢᠶᠠᠷ ᠨᠡᠮᠡᠭᠳᠡᠭᠦᠯᠦᠨ᠎ᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 5%ᠣᠷᠴᠢᠮ ᠢᠶᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠣᠰ ᠲᠣᠰ 6%   ᠠᠴᠠ ᠳᠡᠭᠡᠭᠰᠢ ᠪᠠ 10%   ᠠᠴᠠ ᠳᠡᠭᠡᠭᠰᠢ ᠨᠡᠮᠡᠭᠳᠡᠭᠦᠯᠦᠨ᠎ᠡ᠃     ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠳᠤ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠴᠣᠭᠴᠠᠯᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ᠂ ᠭᠡᠨᠡᠳᠲᠡ ᠡᠭᠦᠰᠬᠦ ᠬᠦᠴᠢᠷᠳᠡᠯ ᠲᠠᠢ ᠡᠷᠦᠬᠡ ᠵᠡᠷᠭᠡ ᠭᠤᠷᠪᠠᠨ ᠲᠦᠷᠦᠯ ᠤᠨ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠤᠨ ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠬᠤᠷᠢᠨ ᠥᠰᠥᠭ ᠤᠨ ᠴᠢᠭᠯᠡᠯᠲᠡ︾ ⑤ ᠶᠢᠨ ᠶᠡᠷᠦᠩᠬᠡᠢ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠦᠨ᠂ ᠨᠢᠭᠡ ᠪᠦᠯᠦᠭ ᠠᠵᠤ ᠦᠢᠯᠡᠰ ᠢ ᠬᠥᠭᠵᠢᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ ᠤᠷᠢᠳᠠᠪᠠᠷ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠥᠨᠳᠥᠷ ᠬᠢᠷᠢ ᠲᠦᠪᠰᠢᠨ ᠢᠶᠠᠷ ᠡᠭᠦᠳᠦᠨ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠰᠠᠶᠢᠲᠤᠷ ᠠᠰᠢᠭᠯᠠᠵᠤ᠂ ᠬᠥᠳᠡᠭᠡ ᠲᠣᠰᠬᠤᠨ ᠤ ᠠᠵᠤ ᠦᠢᠯᠡᠰ᠂ ᠴᠢᠳᠠᠪᠤᠷᠢᠲᠠᠨ᠂ ᠰᠣᠶᠣᠯ᠂ ᠠᠮᠢ ᠠᠬᠤᠢ᠂ ᠵᠣᠬᠢᠶᠠᠨ ᠪᠠᠶᠢᠭᠤᠯᠤᠯᠲᠠ ᠵᠡᠷᠭᠡ ᠶᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠵᠦ᠂ ᠵᠣᠯ ᠵᠢᠷᠭᠠᠯᠲᠤ ᠠᠮᠢᠳᠤᠷᠠᠯ ᠤᠨ ᠰᠠᠶᠢᠨ ᠰᠠᠶᠢᠬᠠᠨ ᠭᠡᠷ ᠣᠷᠣᠨ ᠢ ᠬᠦᠴᠦᠯᠡᠨ ᠴᠣᠭᠴᠠᠯᠠᠨ᠎ᠠ᠃    ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠦᠢᠯᠡᠰ ᠤᠨ ᠠᠭᠤᠰᠤᠯᠴᠠᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠭᠦᠨᠵᠡᠭᠡᠶᠢᠷᠡᠭᠦᠯᠵᠦ᠂ ᠲᠠᠷᠢᠶᠠᠯᠠᠩ ᠢᠶᠠᠷ ᠰᠠᠭᠤᠷᠢ ᠪᠣᠯᠭᠠᠭᠰᠠᠨ᠂ ᠠᠵᠤ ᠦᠢᠯᠡᠳᠪᠦᠷᠢ ᠪᠠᠷ ᠲᠤᠯᠭᠠᠭᠤᠷᠢᠯᠠᠯ ᠪᠣᠯᠭᠠᠭᠰᠠᠨ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢᠶᠠᠷ ᠭᠤᠣᠯᠳᠠᠯᠭ᠎ᠠ ᠪᠣᠯᠭᠠᠭᠰᠠᠨ ᠣᠯᠠᠨ ᠡᠰᠢᠲᠦ ᠠᠵᠤ ᠦᠢᠯᠡᠰ ᠤᠨ ᠠᠭᠤᠰᠤᠯᠴᠠᠨ ᠬᠥᠭᠵᠢᠬᠦ ᠰᠢᠰᠲ᠋ᠧᠮᠵᠢ ᠶᠢ ᠴᠢᠷᠮᠠᠶᠢᠨ ᠪᠠᠶᠢᠭᠤᠯᠤᠨ᠎ᠠ᠃ ᠠᠮᠤ ᠪᠤᠳᠠᠭᠠᠨ ᠤ ᠵᠢᠯ ᠤᠨ ᠤᠨᠠᠯᠲᠠ ᠶᠢ 23 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠵᠤ᠂ ᠮᠢᠬ᠎ᠠ ᠰᠠᠭᠠᠯᠢ ᠶᠢᠨ ᠦᠨᠢᠶ᠎ᠡ ᠶᠢ 45 ᠲᠦᠮᠡᠨ ᠲᠣᠯᠣᠭᠠᠢ ᠳᠤ ᠬᠦᠷᠦᠭᠦᠯᠵᠦ᠂ ᠨᠢᠭᠡᠳᠦᠭᠡᠷ ᠤᠨᠠᠯᠲᠠ ᠶᠢᠨ ᠦᠢᠯᠡᠳᠬᠦᠨ ᠤ ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 5%   ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠲᠠᠪᠴᠠᠩ ᠪᠣᠯᠭᠠᠨ᠂ ᠴᠡᠪᠡᠷ ᠡᠨᠧᠷᠭᠢ᠂ ᠲᠣᠨᠣᠭᠯᠠᠯ ᠦᠢᠯᠡᠳᠬᠦ ᠵᠡᠷᠭᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ ᠲᠥᠯᠦᠪᠵᠢᠭᠦᠯᠭᠡ ᠳᠤ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 23 ᠠᠴᠠ ᠳᠡᠭᠡᠭᠰᠢ ᠳᠤ ᠬᠦᠷᠴᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 115 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠦ᠂ ᠵᠢᠯ ᠪᠦᠷᠢ ᠳᠤᠮᠳᠠᠴᠢ ᠪᠠᠷ 15.9% ᠣᠷᠴᠢᠮ ᠨᠡᠮᠡᠭᠳᠡᠪᠡ᠃ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ 4A ᠲᠠᠰ ᠤᠨ ᠦᠵᠡᠮᠵᠢ ᠶᠢᠨ ᠣᠷᠣᠨ ᠢ 1 ᠠᠴᠠ ᠳᠡᠭᠡᠭᠰᠢ ᠡᠭᠦᠳᠦᠨ ᠪᠠᠶᠢᠭᠤᠯᠵᠤ᠂ ᠵᠢᠯ ᠳᠤ ᠭᠥᠯᠢᠶᠡᠨ ᠠᠪᠤᠭᠰᠠᠨ ᠵᠤᠭᠠᠴᠠᠭᠰᠠᠳ ᠢ 100 ᠲᠦᠮᠡᠨ ᠬᠥᠮᠥᠨ ᠤᠳᠠᠭ᠎ᠠ ᠠᠴᠠ ᠳᠡᠭᠡᠭᠰᠢ ᠳᠤ ᠬᠦᠷᠦᠭᠦᠯᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ   ᠢ 14   ᠠᠴᠠ ᠳᠡᠭᠡᠭᠰᠢ ᠬᠡᠮᠵᠢᠶᠡᠨ ᠳᠤ ᠬᠦᠷᠭᠡᠵᠦ᠂ ᠭᠠᠳᠠᠭᠠᠳᠤ ᠠᠷᠠᠯᠵᠢᠶᠠᠨ ᠤ ᠲᠤᠭ᠎ᠠ 2 ᠳ᠋ᠦᠩᠰᠢᠭᠤᠷ ᠲᠥᠭᠦᠷᠢᠭ   ᠢ ᠳᠠᠪᠠᠵᠤ᠂ ᠭᠤᠷᠪᠠᠳᠤᠭᠠᠷ ᠠᠵᠤ ᠦᠢᠯᠡᠰ ᠤᠨ ᠦᠢᠯᠡᠳᠬᠦᠨ ᠤ ᠪᠥᠬᠦ ᠥᠷᠲᠡᠭ   ᠢ ᠵᠢᠯ ᠪᠦᠷᠢ ᠳᠤᠮᠳᠠᠴᠢ ᠪᠠᠷ 3%   ᠠᠴᠠ ᠳᠡᠭᠡᠭᠰᠢ ᠨᠡᠮᠡᠭᠳᠡᠭᠦᠯᠦᠨ᠎ᠡ᠃    ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠳᠤ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠴᠢᠷᠮᠠᠶᠢᠨ ᠪᠠᠲᠤᠳᠬᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠶᠢ ᠳᠡᠶᠢᠯᠦᠩᠭᠦᠢ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ ᠡᠪᠳᠡᠬᠦ ᠡᠯ᠎ᠡ ᠵᠦᠢᠯ ᠤᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠭᠦᠨᠵᠡᠭᠡᠢ ᠰᠠᠶᠢᠲᠤᠷ ᠬᠢᠵᠦ᠂ ︽ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ︾᠂ ︽ᠤᠢ ᠰᠢᠭᠤᠢ ᠡᠪᠡᠰᠦ ᠪᠡᠯᠴᠢᠭᠡᠷ ᠤᠨ ᠳᠠᠷᠤᠭ᠎ᠠ ᠶᠢᠨ ᠳᠦᠷᠢᠮ︾ ᠢ ᠦᠷᠭᠦᠯᠵᠢᠯᠡᠨ ᠲᠦᠯᠬᠢᠨ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠨ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠨᠢᠭᠡ ᠪᠦᠯᠦᠭ ᠭᠤᠣᠯᠳᠠᠯᠭ᠎ᠠ ᠲᠠᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠲᠣᠭᠤᠷᠢᠨ ᠳᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠶᠢ ᠭᠦᠨᠵᠡᠭᠡᠢ ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠢ ᠶᠡᠬᠡᠪᠡᠷ ᠰᠠᠨᠠᠭᠠᠴᠢᠯᠠᠨ᠎ᠠ᠃ ᠠᠭᠠᠷ ᠤᠨ ᠴᠢᠨᠠᠷ ᠰᠠᠶᠢᠲᠠᠢ ᠡᠳᠦᠷ ᠤᠨ ᠲᠤᠭ᠎ᠠ ᠶᠢ 97%   ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠵᠤ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 31% ᠣᠷᠴᠢᠮ ᠳᠤ ᠬᠦᠷᠦᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃   ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ ᠪᠠᠯᠭᠠᠰᠤᠨ ᠤ ᠰᠢᠨ᠎ᠡ ᠳᠦᠷᠢ ᠲᠥᠷᠬᠦ ᠶᠢ ᠴᠢᠷᠮᠠᠶᠢᠨ ᠴᠣᠭᠴᠠᠯᠠᠬᠤ ᠬᠡᠷᠡᠭᠲᠡᠢ᠃ ᠬᠥᠮᠥᠨ ᠢᠶᠠᠷ ᠭᠤᠣᠯᠯᠠᠭᠤᠯᠤᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠶᠡᠬᠡᠪᠡᠷ ᠠᠬᠢᠭᠤᠯᠵᠤ᠂ ᠭᠤᠣᠯ ᠬᠤᠲᠠ ᠶᠢᠨ ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠶᠢ 20 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠳᠤ ᠬᠦᠷᠦᠭᠦᠯᠵᠦ᠂ ᠪᠠᠶᠢᠩᠭᠤ ᠰᠠᠭᠤᠭ᠎ᠠ ᠬᠥᠮᠥᠨ ᠠᠮᠠ ᠶᠢ 12 ᠲᠦᠮᠡ ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠬᠢᠭᠡᠳ ᠬᠤᠲᠠ ᠪᠠᠯᠭᠠᠰᠤᠨ ᠤ ᠬᠥᠭᠵᠢᠯᠲᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠬᠤᠲᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ᠬᠤᠲᠠ ᠶᠢᠨ ᠬᠤᠣᠰ ᠵᠠᠰᠠᠯᠲᠠ︾ ⑥ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠪᠠᠶᠢᠰᠢᠩ ᠭᠡᠷ ᠤᠨ ᠲᠣᠭᠤᠷᠢᠭ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠤᠰᠤ ᠪᠠ ᠢᠯᠴᠢ ᠬᠠᠩᠭᠠᠬᠤ ᠬᠤᠭᠤᠯᠠᠢ ᠲᠣᠣᠷ᠂ ᠪᠣᠷᠣᠭᠠᠨ ᠪᠠ ᠪᠣᠬᠢᠷᠳᠤᠯ ᠢ ᠰᠠᠯᠭᠠᠬᠤ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠳᠤᠲᠠᠭᠤᠳᠠᠯ ᠢ ᠲᠦᠷᠭᠡᠨ ᠨᠥᠬᠦᠪᠦᠷᠢᠯᠡᠨ᠎ᠡ᠃ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠣᠷᠣᠭᠤᠯᠤᠨ ᠠᠪᠴᠢᠷᠠᠵᠤ᠂ ᠠᠳᠠᠯ ᠠᠬᠤᠢ ᠶᠢᠨ ᠦᠢᠯᠡᠴᠢᠯᠡᠭᠡ᠂ ᠬᠤᠲᠠ ᠶᠢᠨ ᠶᠠᠪᠤᠳᠠᠯ ᠤᠨ ᠬᠠᠮᠢᠶᠠᠷᠤᠯᠲᠠ ᠬᠠᠮᠠᠭᠠᠯᠠᠯᠲᠠ ᠵᠡᠷᠭᠡ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ᠲᠣᠥᠷᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠠᠭᠤᠷᠢᠰᠢᠬᠤ ᠳᠤ ᠲᠣᠬᠢᠷᠠᠮᠵᠢᠲᠠᠢ᠂ ᠠᠵᠢᠯ ᠦᠢᠯᠡᠰ ᠲᠤ ᠲᠣᠬᠢᠷᠠᠮᠵᠢᠲᠠᠢ᠂ ᠵᠤᠭᠠᠴᠠᠨ ᠬᠤᠳᠠᠯᠳᠤᠭᠠᠯᠠᠬᠤ ᠳᠤ ᠲᠣᠬᠢᠷᠠᠮᠵᠢᠲᠠᠢ ᠰᠢᠨ᠎ᠡ ᠮᠠᠶ᠋ᠢᠭ ᠤᠨ ᠬᠤᠲᠠ ᠪᠠᠯᠭᠠᠰᠤ ᠶᠢ ᠪᠠᠶᠢᠭᠤᠯᠤᠨ᠎ᠠ᠃    ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠰᠢᠶᠠᠨ ᠤ ᠬᠡᠪᠴᠢᠶᠡᠨ ᠤ ᠬᠥᠭᠵᠢᠯᠲᠡ ᠶᠢᠨ ᠰᠢᠨ᠎ᠡ ᠲᠠᠯᠲᠠ ᠬᠦᠴᠦᠨ ᠢ ᠴᠢᠷᠮᠠᠶᠢᠨ ᠠᠭᠤᠳᠠᠯᠤᠨ᠎ᠠ᠃ ᠥᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠭᠦ ᠬᠦᠴᠦᠨ ᠤ ᠡᠬᠢ ᠪᠤᠯᠠᠭ ᠪᠣᠯᠭᠠᠬᠤ ᠶᠢ ᠪᠠᠷᠢᠮᠲᠠᠯᠠᠵᠤ᠂ ᠤᠯᠤᠰ᠂ ᠣᠷᠣᠨ ᠠᠶᠢᠮᠠᠭ ᠤᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠤᠨ᠎ᠠ᠃ ᠳᠠᠭᠠᠭᠠᠴᠢᠯᠠᠯᠲᠠ ᠡᠵᠡᠩᠨᠡᠯᠲᠡ ᠶᠢᠨ ᠣᠷᠴᠢᠨ ᠲᠣᠭᠤᠷᠢᠨ ᠤ ᠬᠡᠪ ᠳᠠᠭᠤᠷᠢᠶᠠᠯ ᠪᠣᠯᠬᠤ ᠭᠠᠵᠠᠷ ᠣᠷᠣᠨ ᠳᠤ᠂ ᠡᠵᠡᠩᠨᠡᠯᠲᠡ ᠶᠢᠨ ᠣᠷᠴᠢᠨ ᠲᠣᠭᠤᠷᠢᠨ ᠤ ᠲᠠᠰ ᠳᠡᠪᠰᠢᠬᠦ ᠶᠢ ᠠᠬᠢᠭᠤᠯᠤᠨ᠎ᠠ᠃ ᠰᠢᠶᠠᠨ ᠤ ᠪᠦᠰᠡ ᠶᠢᠨ ᠬᠥᠭᠵᠢᠯᠲᠡ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠲᠠᠪᠴᠠᠩ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠢᠳᠡᠪᠬᠢᠲᠡᠢ ᠪᠠᠷ ᠠᠬᠢᠭᠤᠯᠤᠨ᠂ ᠴᠠᠩᠴᠦ᠋ᠨ ᠠᠴᠠ ᠪᠠᠷᠠᠭᠤᠨ ᠬᠡᠰᠡᠭ ᠤᠨ ᠲᠡᠮᠦᠷ ᠵᠠᠮ ᠤᠨ ᠠᠵᠢᠯ ᠢ ᠰᠡᠷᠭᠦᠭᠡᠵᠦ᠂  ᠲᠦᠴᠢᠣᠸᠠᠨ ᠠᠴᠠ ᠲᠣᠦ ᠨᠠᠨ ᠤ ᠵᠠᠰᠠᠮᠠᠯ ᠵᠠᠮ ᠢ ᠳᠡᠭᠡᠳᠦ ᠬᠤᠷᠳᠣᠴᠠ ᠶᠢᠨ ᠵᠠᠰᠠᠮᠠᠯ ᠵᠠᠮ ᠤᠨ ᠲᠣᠣᠷ ᠲᠤ ᠨᠡᠶᠢᠯᠡᠭᠦᠯᠦᠨ ᠣᠷᠣᠭᠤᠯᠬᠤ ᠪᠠᠷ ᠴᠢᠷᠮᠠᠶᠢᠵᠤ᠂ ᠰᠢᠶᠠᠨ ᠤ ᠪᠦᠰᠡ ᠶᠢᠨ ᠵᠢᠭᠤᠯᠴᠢᠯᠠᠯ ᠤᠨ ᠵᠠᠮ᠂ ᠡᠨᠧᠷᠭᠢ ᠶᠢᠨ ᠵᠠᠮ ᠵᠡᠷᠭᠡ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠣᠯ ᠯᠤᠭᠰᠢᠭᠤᠨ ᠰᠤᠳᠠᠯ ᠢ ᠨᠠᠪᠲᠠᠷᠡᠭᠦᠯᠵᠦ᠂ ᠪᠢᠴᠢᠯ ᠡᠷᠭᠢᠯᠲᠡ ᠶᠢ ᠰᠠᠭᠠᠳ ᠦᠭᠡᠢ ᠨᠡᠪᠲᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠳᠤ ᠬᠦᠷᠴᠦ ᠪᠡᠭᠡᠵᠢᠩ ᠳᠤ ᠣᠷᠣᠵᠤ ᠠᠵᠢᠭᠯᠠᠬᠤ ᠡᠷᠴᠢᠮ ᠢᠶᠠᠨ ᠴᠢᠩᠭᠠᠷᠠᠭᠤᠯᠤᠨ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠵᠦ᠂ ᠨᠢᠭᠡ ᠪᠦᠯᠦᠭ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠣᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ᠂ ᠡᠷᠲᠡ ᠣᠷᠣᠢ ᠦᠭᠡᠢ ᠬᠢᠬᠦ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠪᠡᠭᠡᠵᠢᠩ ᠲᠢᠶᠠᠨᠵᠢᠨ ᠾᠧᠪᠧᠢ᠂ ᠵᠡᠭᠦᠨ ᠬᠤᠶᠢᠲᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠪᠠ ᠬᠤᠲᠠ ᠶᠢᠨ ᠲᠣᠭᠤᠷᠢᠭ ᠲᠤ ᠢᠳᠡᠪᠬᠢᠲᠡᠢ ᠪᠠᠷ ᠠᠭᠤᠰᠤᠯᠴᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ 100 ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ ᠠᠬᠢᠭᠤᠯᠤᠨ᠎ᠠ᠃   ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠳᠤ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠴᠢᠷᠮᠠᠶᠢᠨ ᠬᠠᠷᠢᠭᠤᠯᠲᠠ ᠥᠭᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠣᠷᠣᠭᠤᠯᠤᠯᠲᠠ ᠶᠢ ᠦᠷᠭᠦᠯᠵᠢᠯᠡᠨ ᠪᠠᠲᠤᠯᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠦᠢᠯᠡᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ‍ᠤᠨ‌ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠢᠯ ᠣᠯᠬᠤ ᠳᠤ ᠬᠦᠴᠢᠷᠲᠡᠢ ᠬᠥᠮᠥᠰ ᠲᠤ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ ᠬᠡᠷᠡᠭᠵᠢᠭᠦᠯᠦᠨ᠎ᠡ᠃ ᠭᠠᠯᠠᠭᠤ ᠪᠤᠴᠠᠬᠤ ᠢᠨᠵᠧᠨᠧᠷᠢᠩ ᠢ ᠶᠡᠬᠡᠪᠡᠷ ᠠᠬᠢᠭᠤᠯᠵᠤ᠂ ᠲᠦᠴᠢᠦᠸᠠᠨ ᠤ ᠭᠠᠳᠠᠨ᠎ᠠ ᠪᠠᠶᠢᠭ᠎ᠠ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠵᠢᠯ ᠣᠯᠵᠤ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠪᠠᠭᠠᠰᠬᠠᠬᠤ︾ ⑦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠪ ᠴᠢᠨᠠᠷ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠶᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠬᠠᠮᠲᠤᠪᠠᠷ ᠭᠥᠷᠳᠡᠬᠦ ᠪᠠ ᠳᠣᠷᠣᠭᠰᠢ ᠪᠠᠭᠤᠯᠭᠠᠬᠤ ᠶᠢ ᠴᠢᠩᠭᠠᠷᠠᠭᠤᠯᠤᠨ᠂ ᠬᠢᠲᠠᠳ ᠡᠸᠦ᠋ᠷᠦᠫᠡ ᠡᠮᠨᠡᠯᠭᠡ ᠶᠢᠨ ᠬᠠᠷᠢᠯᠴᠠᠨ ᠠᠬᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠬᠠᠮᠲᠤᠯᠢᠭ ᠤᠨ ᠪᠠᠲᠤᠯᠠᠭ᠎ᠠ ᠶᠢᠨ ᠬᠢᠷᠢ ᠲᠦᠪᠰᠢᠨ ᠢ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠰᠢᠶᠠᠨ ᠤ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠬᠦᠷᠲᠡᠭᠡᠨ᠎ᠡ᠃   ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠳᠤ᠂ ᠪᠢᠳᠡ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠬᠡᠷᠡᠭᠵᠢᠭᠦᠯᠬᠦ ᠶᠢ ᠴᠢᠩᠭᠠᠳᠬᠠᠵᠤ᠂ ᠠᠮᠤᠷ ᠲᠦᠪᠰᠢᠨ ᠬᠥᠭᠵᠢᠯᠲᠡ ᠶᠢᠨ ᠰᠢᠨ᠎ᠡ ᠪᠠᠲᠤᠯᠠᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ᠃  ᠬᠤᠷᠢᠭ᠎ᠠ ᠱᠤᠭᠤᠮ ᠤᠨ ᠰᠡᠳᠬᠢᠬᠦᠢ ᠪᠠ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠬᠦᠨᠳᠦ ᠶᠡᠭᠡ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠶᠢᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠬᠦ ᠳᠤ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠪᠠᠷᠢᠮᠲᠠᠯᠠᠵᠤ᠂ ᠣᠯᠠᠨ ᠲᠦᠮᠡᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠨᠡᠩ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠲᠦᠴᠢᠦᠸᠠᠨ ᠢ ᠪᠦᠲᠦᠭᠡᠨ ᠪᠠᠶᠢᠭᠤᠯᠤᠨ᠎ᠠ᠃   ᠲᠥᠯᠥᠭᠡᠯᠡᠭᠴᠢᠳ ᠠ᠋᠂ ᠵᠢᠷᠤᠭ ᠲᠥᠰᠥᠪ ᠢ ᠨᠢᠭᠡᠨᠲᠡ ᠵᠢᠷᠤᠭᠯᠠᠪᠠ᠂ ᠲᠡᠮᠡᠴᠡᠯ ᠶᠠᠭ ᠴᠠᠭ ᠲᠠᠭᠠᠨ ᠲᠣᠬᠢᠷᠠᠯ᠎ᠠ᠃ ᠪᠦᠬᠦ ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠰᠢᠨᠲᠠᠷᠠᠰᠢ ᠦᠭᠡᠢ ᠵᠢᠳᠬᠦᠳᠡᠭ ᠯᠡ ᠶᠤᠮ ᠪᠣᠯ ᠪᠢᠳᠡᠨ ᠤ ᠬᠠᠷᠠᠯᠲᠠ ᠯᠠᠪᠳᠠᠶ᠎ᠠ ᠪᠡᠶᠡᠯᠡᠭᠳᠡᠵᠦ᠂ ᠲᠦᠴᠢᠦᠸᠠᠨ ᠤ ᠢᠷᠡᠭᠡᠳᠦᠢ ᠯᠠᠪᠳᠠᠶ᠎ᠠ ᠨᠡᠩ ᠰᠠᠶᠢᠨ ᠰᠠᠶᠢᠬᠠᠨ ᠪᠣᠯᠬᠤ ᠶᠤᠮ︕           2022 ᠣᠨ ᠤ ᠠᠵᠢᠯ ᠤᠨ ᠬᠠᠷᠠᠯᠲᠠ ᠪᠠ ᠭᠤᠣᠯ ᠡᠭᠦᠷᠭᠡ      2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠩᠬᠠᠨ ᠤ ᠵᠢᠯ ᠮᠥᠨ᠂ ᠪᠠᠰᠠ ᠴᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 7% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 12% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 5% ᠠᠴᠠ ᠳᠡᠭᠡᠭᠰᠢ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 5% ᠠᠴᠠ ᠳᠡᠭᠡᠭᠰᠢ‌ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠠᠴᠠ ᠳᠡᠭᠡᠭᠰᠢ ᠪᠠ 8% ᠠᠴᠠ ᠳᠡᠭᠡᠭᠰᠢ ᠨᠡᠮᠡᠭᠳᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠲᠠᠢ ᠤᠶᠠᠯᠳᠤᠭᠤᠯᠤᠨ᠂ ᠪᠢᠳᠡ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃   ᠨᠢᠭᠡ᠂ ᠲᠥᠷᠥᠯ ᠵᠦᠢᠯ ᠢᠶᠠᠷ ᠬᠥᠳᠡᠯᠭᠡᠭᠦᠷ ᠪᠣᠯᠭᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠥᠳᠡᠯᠭᠡᠭᠦ ᠬᠦᠴᠦᠨ ᠢ ᠬᠤᠷᠠᠮᠳᠤᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ    ᠲᠥᠷᠥᠯ ᠵᠦᠢᠯ ᠤᠨ ᠨᠥᠭᠡᠴᠡ ᠶᠢ ᠴᠢᠩᠭᠠᠷᠠᠭᠤᠯᠤᠨ᠎ᠠ᠃ ᠤᠯᠤᠰ᠂ ᠣᠷᠣᠨ ᠠᠶᠢᠮᠠᠭ ᠤᠨ ᠲᠣᠭᠲᠠᠭᠤᠨ ᠢᠶᠠᠷ ᠨᠡᠮᠡᠭᠳᠡᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠪᠠ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢᠨ ᠤᠳᠤᠷᠢᠳᠤᠮᠵᠢ ᠶᠢ ᠨᠡᠪᠲᠡᠷᠡᠲᠡᠯ᠎ᠡ ᠣᠶᠢᠯᠠᠭᠠᠵᠤ᠂ ᠮᠠᠨ ᠤ ᠰᠢᠶᠠᠨ ᠤ ᠬᠥᠭᠵᠢᠯᠲᠡ ᠶᠢᠨ ᠲᠣᠳᠠᠭᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠣᠭᠤᠳᠠᠯᠯᠠᠬᠤ ᠲᠥᠷᠥᠯ ᠵᠦᠢᠯ ᠢ ᠢᠳᠡᠪᠬᠢᠲᠡᠢ ᠲᠥᠯᠥᠪᠯᠡᠵᠦ᠂ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠨ᠂ ᠨᠥᠭᠡᠴᠡᠯᠡᠬᠦ ᠲᠥᠷᠥᠯ ᠵᠦᠢᠯ ᠢ 100   ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠣᠷᠣᠨ ᠠᠶᠢᠮᠠᠭ ᠲᠤ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠲᠤᠭ᠎ᠠ ᠬᠡᠮᠵᠢᠶ᠎ᠡ ᠶᠢ 10%   ᠠᠴᠠ ᠳᠡᠭᠡᠭᠰᠢ ᠨᠡᠮᠡᠭᠳᠡᠭᠦᠯᠦᠨ᠎ᠡ᠃ ᠲᠥᠷᠥᠯ ᠵᠦᠢᠯ ᠤᠨ ᠨᠥᠭᠡᠴᠡᠯᠡᠬᠦ ᠬᠥᠮᠥᠷᠭᠡ ᠳᠤ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠨᠥᠭᠡᠴᠡᠯᠡᠬᠦ ᠲᠥᠷᠥᠯ ᠵᠦᠢᠯ ᠤᠨ ᠶᠠᠰᠤ ᠴᠢᠨᠠᠷ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃     ᠲᠥᠷᠥᠯ ᠵᠦᠢᠯ ᠤᠨ ᠥᠷᠢᠰᠦᠯᠳᠦᠭᠡᠨ ᠢ ᠰᠠᠶᠢᠲᠤᠷ ᠬᠢᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠾᠥ᠋ᠪᠸᠢ ᠵᠢᠢ ᠯᠢᠶᠣᠤ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠲᠣᠭᠲᠠᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠬᠤᠯᠪᠣᠭ᠎ᠠ ᠠᠪᠬᠤ ᠭᠠᠵᠠᠷ ᠢ ᠪᠠᠶᠢᠭᠤᠯᠵᠤ᠂ ᠬᠤᠳᠠᠯᠳᠤᠭᠠᠴᠢᠨ ᠤᠷᠢᠬᠤ ᠡᠯᠴᠢᠨ ᠰᠠᠶᠢᠳ ᠤᠨ ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ ᠶᠢ ᠲᠣᠭᠲᠠᠭᠠᠵᠤ᠂ ᠵᠢᠯ ᠤᠨ ᠳᠣᠲᠣᠷ᠎ᠠ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠦᠷᠦᠯ ᠵᠦᠢᠯ ᠢ 5 ᠠᠴᠠ ᠳᠡᠭᠡᠭᠰᠢ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠪᠡᠯᠡ ᠮᠥᠩᠭᠦ ᠶᠢ 27 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠶᠢᠳᠠᠪᠤᠷᠢᠵᠢᠭᠤᠯᠤᠨ᠎ᠠ᠃ ᠳᠡᠭᠡᠭᠰᠢ ᠪᠠᠨ ᠠᠵᠢᠭᠯᠠᠬᠤ ᠡᠷᠴᠢᠮ ᠢᠶᠠᠨ ᠴᠢᠩᠭᠠᠷᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠷᠥᠯ ᠵᠦᠢᠯ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠠᠳᠠᠯᠢ ᠬᠤᠭᠤᠴᠠᠭᠠᠨ ᠤ  ᠬᠢ ᠠᠴᠠ 10%   ᠠᠴᠠ ᠳᠡᠭᠡᠭᠰᠢ ᠨᠡᠮᠡᠭᠳᠡᠪᠡ᠃   ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠭᠦᠨᠵᠡᠭᠡᠶᠢᠷᠡᠭᠦᠯᠵᠦ᠂ ᠭᠠᠵᠠᠷ ᠬᠡᠷᠡᠭᠯᠡᠬᠦ᠂ ᠮᠥᠩᠭᠦᠨ ᠭᠦᠢᠯᠭᠡᠭᠡ ᠵᠡᠷᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠭᠵᠢᠷᠡᠯ ᠤᠨ ᠴᠡᠭ ᠪᠡᠷᠬᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠲᠥᠷᠥᠯ ᠵᠦᠢᠯ ᠤᠨ ᠡᠳᠦᠷ ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠵᠤ ᠂ ᠲᠥᠪᠯᠡᠷᠡᠭᠦᠯᠦᠨ ᠬᠢᠨᠠᠨ ᠵᠥᠪᠰᠢᠶᠡᠷᠡᠵᠦ᠂ ᠲᠥᠪᠯᠡᠷᠡᠭᠦᠯᠦᠨ ᠠᠵᠢᠯ ᠡᠬᠢᠯᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 63 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 123 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 45 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠂ ᠡᠭᠦᠨ ᠳᠤ ᠠᠶᠢᠮᠠᠭ ᠤᠨ ᠱᠠᠲᠤᠨ ᠤ 27 ᠴᠢᠬᠤᠯᠠ ᠶᠡᠭᠡ ᠲᠥᠷᠥᠯ ᠵᠦᠢᠯ᠂ ᠶᠡᠷᠦᠩᠬᠡᠢ ᠪᠡᠯᠡ ᠣᠷᠣᠭᠤᠯᠤᠯᠲᠠ ᠨᠢ 115.9 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 29.9 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃    ᠬᠤᠶᠠᠷ᠂ ᠣᠲᠣ ᠦᠶ᠎ᠡ ᠶᠢᠨ ᠲᠠᠷᠢᠶᠠᠯᠠᠩ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ     ᠲᠠᠷᠢᠮᠠᠯ ᠤᠨ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠶᠢ ᠲᠠᠷᠢᠶᠠᠨ ᠭᠠᠵᠠᠷ ᠲᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠂ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠢ 25 ᠲᠦᠮᠡᠨ ᠮᠦ ᠪᠠᠶᠢᠭᠤᠯᠵᠤ᠂ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ 80 ᠲᠦᠮᠡᠨ ᠮᠦ ᠬᠡᠷᠡᠭᠵᠢᠭᠦᠯᠵᠦ᠂ ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ 220 ᠲᠦᠮᠡᠨ ᠮᠦ ᠣᠷᠣᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠢ ᠪᠦᠰᠡᠯᠢᠭ ᠬᠡᠯᠪᠡᠷᠢ ᠪᠠᠷ ᠨᠡᠶᠢᠯᠡᠭᠦᠯᠦᠨ 1 ᠲᠦᠮᠡᠨ ᠮᠦ ᠳᠠᠷᠢᠵᠤ᠂ 262.5 ᠲᠦᠮᠡᠨ ᠮᠦ ᠠᠮᠤ ᠪᠤᠳᠠᠭ᠎ᠠ ᠳᠠᠷᠢᠬᠤ ᠪᠠᠷ ᠴᠢᠷᠮᠠᠶᠢᠨ᠎ᠠ᠃ ︽ᠢᠳᠡᠰᠢᠨ ᠨᠣᠭᠤᠭ᠎ᠠ ︾ ᠶᠢᠨ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠲᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠢ ᠬᠥᠭᠵᠢᠭᠦᠯᠵᠦ᠂ 500 ᠨᠡᠷᠡᠨ ᠬᠡᠷᠡᠯ ᠤᠨ ᠬᠦᠯᠡᠮᠵᠢ ᠶᠢ ᠲᠥᠪᠯᠡᠷᠡᠭᠦᠯᠦᠨ ᠪᠦᠲᠦᠭᠡᠨ ᠪᠠᠶᠢᠭᠤᠯᠵᠤ᠂ 200   ᠠᠴᠠ ᠳᠡᠭᠡᠭᠰᠢ ᠰᠤᠯᠠ ᠪᠠᠶᠢᠭ᠎ᠠ ᠬᠦᠯᠡᠮᠵᠢ ᠶᠢ ᠠᠮᠢᠯᠠᠭᠤᠯᠤᠨ᠎ᠠ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠯᠤᠭ᠎ᠠ ᠬᠠᠮᠲᠤᠷᠠᠯᠴᠠᠵᠤ᠂ ᠬᠦᠯᠡᠮᠵᠢ ᠶᠢᠨ ᠳᠤᠯᠠᠭᠠᠨ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ᠂ ᠬᠥᠲᠥᠴᠢ ᠠᠵᠤ ᠠᠬᠤᠶᠢᠯᠠᠯ ᠪᠠ ᠬᠤᠷᠰᠢᠶ᠎ᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠡᠯᠡᠳᠭᠡᠮᠵᠢᠳᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠮᠠᠯ ᠠᠵᠤ ᠠᠬᠤᠢ ᠶᠢᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ᠮᠠᠯ ᠠᠵᠤ ᠠᠬᠤᠢ ᠶᠢᠨ ᠳᠠᠬᠢᠨ ᠪᠠᠶᠢᠭᠤᠯᠤᠭᠰᠠᠨ ᠲᠦᠴᠢᠦᠸᠠᠨ  ᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠣᠰᠬᠤᠨ ᠡᠷᠦᠬᠡ ᠳᠤ ᠬᠦᠷᠲᠡᠯ᠎ᠡ ᠦᠬᠡᠷ ᠲᠡᠵᠢᠭᠡᠬᠦ ᠲᠥᠷᠥᠯ ᠵᠦᠢᠯ ᠢ ᠶᠡᠬᠡᠪᠡᠷ ᠬᠥᠭᠵᠢᠭᠦᠯᠦᠨ᠂ ᠯᠢᠦᠢ ᠹᠧᠩ ᠴᠢᠤᠸᠠᠨ ᠠᠯᠠᠰᠢᠨ ᠦᠬᠡᠷ ᠤᠨ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠠᠯᠠᠰᠢᠨ ᠦᠬᠡᠷ ᠤᠨ ᠲᠤᠭ᠎ᠠ ᠲᠣᠯᠣᠭᠠᠢ ᠶᠢ 22 ᠲᠦᠮᠡ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠦᠬᠡᠷ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠮᠠᠯ ᠠᠵᠤ ᠠᠬᠤᠢ ᠶᠢᠨ 120 ᠨᠡᠶᠢᠭᠡᠮᠴᠢᠯᠡᠭᠰᠡᠨ ᠬᠤᠳᠠᠯᠳᠤᠨ ᠠᠪᠬᠤ ᠦᠢᠯᠡᠴᠢᠯᠡᠭᠡᠨ ᠤ ᠡᠵᠡᠩᠨᠡᠯᠲᠡ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠮᠠᠯ ᠠᠵᠤ ᠠᠬᠤᠢ ᠶᠢᠨ ᠣᠨᠣᠰᠢᠯᠠᠨ ᠡᠮᠨᠡᠵᠦ ᠰᠠᠶᠢᠵᠢᠷᠠᠭᠤᠯᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠬᠦ ᠲᠥᠷᠥᠯ ᠵᠦᠢᠯ ᠢ ᠬᠡᠷᠡᠭᠵᠢᠭᠦᠯᠵᠦ᠂ ᠦᠬᠡᠷ ᠨᠢᠭᠡᠪᠦᠷᠢ ᠶᠢᠨ ᠳᠠᠭᠠᠳᠬᠠᠯ ᠤᠨ ᠵᠠᠷᠤᠳᠠᠯ ᠳᠤ ᠵᠠᠰᠠᠭ ᠤᠨ ᠣᠷᠳᠣᠨ   ᠠᠴᠠ 80% ᠨᠥᠬᠦᠪᠦᠷᠢ ᠥᠭᠴᠦ᠂ ᠦᠬᠡᠷ ᠤᠨ ᠠᠵᠤ ᠦᠢᠯᠡᠰ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠮᠥᠨ ᠮᠠᠯ ᠢ ᠰᠠᠯᠭᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠠᠯᠠᠰᠢᠨ ᠬᠤᠨᠢ ᠶᠢ ᠬᠠᠰᠢᠶᠠᠯᠠᠨ ᠲᠡᠵᠢᠭᠡᠨ ᠦᠷᠡᠵᠢᠭᠦᠯᠬᠦ ᠶᠢ ᠳᠡᠮᠵᠢᠵᠦ᠂ ᠭᠠᠭ᠋ᠠᠢ ᠲᠡᠵᠢᠭᠡᠬᠦ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠂ ᠮᠠᠯ ᠠᠵᠤ ᠠᠬᠤᠢ ᠶᠢᠨ ᠣᠨ ᠤ ᠮᠠᠯ ᠤᠨ ᠲᠤᠭ᠎ᠠ ᠲᠣᠯᠣᠭᠠᠢ ᠶᠢ 10%   ᠠᠴᠠ ᠳᠡᠭᠡᠭᠰᠢ ᠨᠡᠮᠡᠭᠳᠡᠭᠦᠯᠦᠨ᠎ᠡ᠃     ᠠᠵᠤ ᠦᠢᠯᠡᠰᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠤᠨᠤᠮᠠᠯ ᠬᠡᠯᠬᠢᠶ᠎ᠡ ᠪᠠᠷ ᠬᠡᠯᠬᠢᠶ᠎ᠡ ᠶᠢ ᠨᠥᠬᠦᠪᠦᠷᠢᠯᠡᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠯᠢᠦᠢ ᠹᠧᠩ ᠴᠢᠤᠸᠠᠨ ᠦᠬᠡᠷ ᠬᠤᠨᠢᠨ ᠤ ᠬᠦᠢᠲᠡᠨ ᠬᠡᠯᠬᠢᠶ᠎ᠡ ᠶᠢ ᠡᠳ᠋ᠰᠢᠭᠦᠯᠬᠦ ᠲᠥᠪ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠡᠷᠳᠡᠨᠢ ᠰᠢᠰᠢ ᠶᠢᠨ ᠡᠯᠳᠡᠪ ᠠᠮᠤ ᠡᠯᠳᠡᠪ ᠪᠤᠷᠴᠠᠭ ᠵᠡᠷᠭᠡ ᠢᠳᠡᠭᠡᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠦᠷ᠎ᠡ ᠪᠦᠲᠦᠮᠵᠢ ᠳᠤ ᠬᠦᠷᠦᠭᠦᠯᠬᠦ ᠶᠢ ᠲᠡᠳᠬᠦᠨ ᠳᠡᠮᠵᠢᠨ᠎ᠡ᠃ ᠬᠥᠯᠳᠡᠭᠡᠵᠦ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠵᠤ᠂ ᠬᠥᠯᠳᠡᠭᠡᠵᠦ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠬᠤᠷᠰᠢᠶ᠎ᠠ ᠵᠡᠷᠭᠡ ᠣᠯᠠᠨ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠠᠷ ᠪᠣᠶᠢᠵᠢᠭᠤᠯᠵᠤ᠂ ᠠᠶᠢᠮᠠᠭ ᠤᠨ ᠱᠠᠲᠤᠨ ᠤ ᠵᠢᠷᠤᠮᠵᠢᠭᠰᠠᠨ ᠬᠤᠷᠰᠢᠶ᠎ᠠ 30᠂ ᠵᠢᠱᠢᠶ᠎ᠡ ᠦᠵᠡᠭᠦᠯᠬᠦ ᠬᠤᠷᠰᠢᠶ᠎ᠠ 4᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ 60 ᠰᠢᠨ᠎ᠡ ᠪᠠᠷ ᠨᠡᠮᠡᠭᠳᠡᠭᠦᠯᠦᠨ᠎ᠡ᠃ ᠲᠠᠷᠢᠶᠠᠯᠠᠩ ᠤᠨ ᠣᠨᠴᠠ ᠭᠠᠷᠤᠯᠲᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠭᠤᠷᠤᠬ᠎ᠠ ᠶᠢᠨ ᠪᠤᠷᠭᠠᠰᠤᠨ ᠤ ᠪᠣᠷᠣ ᠬᠠᠯᠢᠰᠤᠲᠤ ᠰᠠᠷᠢᠮᠰᠠᠭ᠂ ᠲᠠᠢ ᠾᠧ ᠨᠠᠷᠢᠮᠤ᠂ ᠲᠦᠴᠢᠦᠸᠠᠨ ᠤ ᠯᠦ ᠬᠤᠸᠠ ᠲᠠᠬᠢᠶ᠎ᠠ ᠵᠡᠷᠭᠡ ᠨᠠᠷᠠᠲᠤ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠦᠨ᠎ᠡ᠃ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠭᠡᠷᠡᠴᠢᠯᠡᠯ ᠢ ᠥᠷᠨᠢᠭᠦᠯᠵᠦ᠂ ᠤᠯᠤᠰ ᠤᠨ ᠲᠠᠰ ᠤᠨ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ 1᠂ ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ 1 ᠰᠢᠨ᠎ᠡ ᠪᠠᠷ ᠨᠡᠮᠡᠭᠳᠡᠵᠦ᠂ ᠪᠦᠲᠦᠭᠡᠭᠳᠡᠬᠦᠨ ᠤ ᠥᠷᠲᠡᠭ ᠨᠡᠮᠡᠭᠳᠡᠬᠦ᠂ ᠠᠵᠤ ᠦᠢᠯᠡᠰ ᠤᠨ ᠦᠷ᠎ᠡ ᠠᠰᠢᠭ ᠤᠨ ᠨᠡᠮᠡᠭᠳᠡᠬᠦ ᠶᠢ ᠳᠠᠶᠢᠴᠢᠯᠠᠨ᠎ᠠ᠃    ᠭᠤᠷᠪᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠦᠷᠢᠮ ᠢ ᠥᠷᠭᠡᠳᠬᠡᠨ ᠲᠠᠰ ᠳᠡᠪᠰᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ    ᠠᠵᠤ ᠠᠬᠤᠶᠢᠯᠠᠯ ᠤᠨ ᠠᠵᠢᠯᠯᠠᠭᠠᠨ ᠢ ᠲᠣᠭᠲᠠᠪᠤᠷᠢᠵᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠲᠤᠰᠬᠠᠢ ᠨᠠᠷᠢᠯᠢᠭ ᠣᠨᠴᠠᠭᠠᠶ ᠰᠢᠨ᠎ᠡ︾ ᠴᠢᠭᠯᠡᠯ ᠲᠡᠶᠢᠰᠢ ᠬᠥᠭᠵᠢᠬᠦ ᠶᠢ ᠵᠣᠷᠢᠭᠵᠢᠭᠤᠯᠤᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠰᠢᠯᠢᠳᠡᠭ ᠢ ᠪᠣᠶᠢᠵᠢᠭᠤᠯᠤᠨ ᠬᠦᠴᠦᠷᠬᠡᠭ ᠢ ᠲᠡᠳᠬᠦᠬᠦ ᠶᠢ ᠴᠢᠩᠭᠠᠳᠬᠠᠵᠤ᠂ ᠯᠦᠩ ᠶᠤᠸᠠᠨ᠂ ᠵᠧᠩ ᠲᠠᠢ ᠵᠡᠷᠭᠡ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠢ ᠮᠢᠨ ᠠᠮᠢᠳᠤ ᠪᠣᠳᠠᠰ᠂ ᠺᠠᠢ ᠴᠧᠩ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ᠂ ᠷᠦᠢ ᠡᠯ ᠤᠨ ᠠᠮᠢᠳᠤ ᠪᠣᠳᠠᠰ ᠤᠨ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠯ ᠢ ᠠᠬᠢᠭᠤᠯᠤᠨ᠎ᠠ᠃ ᠯᠢᠦᠢ ᠹᠧᠩ ᠴᠢᠤᠸᠠᠨ᠂ ᠲᠤᠶᠢᠯ ᠢᠶᠠᠷ ᠴᠢᠳᠬᠤᠬᠤ ᠠᠵᠤ ᠦᠢᠯᠡᠰ ᠵᠡᠷᠭᠡ ᠠᠵᠤ ᠠᠬᠤᠶᠢᠯᠠᠯ ᠢ ᠲᠣᠭᠲᠠᠭᠠᠯ ᠳᠤ ᠣᠷᠣᠭᠤᠯᠤᠨ ᠪᠣᠶᠢᠵᠢᠭᠤᠯᠬᠤ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 2   ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 30 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠵᠤ᠂ ᠨᠡᠮᠡᠭᠳᠡᠯ ᠤᠨ ᠬᠤᠷᠳᠤᠴᠠ ᠶᠢ 27.8%   ᠠᠴᠠ ᠳᠡᠭᠡᠭᠰᠢ ᠪᠣᠯᠭᠠᠨ᠎ᠠ᠃    ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ 5 ᠲᠦᠮᠡᠨ ᠲᠣᠨ ᠦᠬᠡᠷ ᠬᠤᠨᠢᠨ ᠤ ᠲᠡᠵᠢᠭᠡᠯ ᠪᠣᠷᠳᠤᠭ᠎ᠠ ᠡᠳ᠋ᠰᠢᠭᠦᠯᠬᠦ᠂ 6 ᠲᠦᠮᠡᠨ ᠲᠣᠨ ᠲᠡᠵᠢᠭᠡᠨ ᠦᠷᠡᠵᠢᠭᠦᠯᠬᠦ ᠪᠠᠭᠠᠰᠤᠨ ᠪᠣᠬᠢᠷᠳᠤᠯ ᠢ ᠰᠢᠢᠳᠪᠦᠷᠢᠯᠡᠬᠦ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠬᠤᠸᠠ ᠨᠧᠩ ᠨᠡᠷᠡᠮᠵᠢᠲᠦ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ᠂ ᠰᠢᠨ ᠱᠧᠩ ᠨᠡᠷᠡᠮᠵᠢᠲᠦ 20 ᠲᠦᠮᠡᠨ ᠺᠢᠯᠣᠸᠠᠲ ᠤᠨ ᠭᠡᠷᠡᠯ ᠸᠣᠯᠲ ᠵᠡᠷᠭᠡ ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠦᠩ ᠭᠤᠸᠠᠩ ᠨᠡᠷᠡᠮᠵᠢᠲᠦ ᠴᠥᠮ᠎ᠡ ᠶᠢᠨ ᠠᠮᠢᠳᠤ ᠪᠣᠳᠠᠰ ᠪᠠᠶᠢᠭᠠᠯᠢ ᠶᠢᠨ ᠰᠢᠲᠠᠮᠠᠬᠠᠢ ᠬᠡᠢ ᠶᠢᠨ ᠵᠦᠢᠯᠡᠰ ᠤᠨ ᠠᠵᠢᠯ ᠢ ᠲᠦᠷᠭᠡᠬᠡᠨ ᠰᠡᠷᠭᠦᠭᠡᠪᠡ᠃ ᠨᠠᠷᠢᠯᠢᠭ ᠴᠢᠳᠬᠤᠨ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠤᠢ ᠪᠣᠯᠭᠠᠵᠤ᠂ ᠭᠤᠸᠠᠩᠳᠦ᠋ᠩ ᠤᠨ ᠯᠢᠶᠠᠨ ᠱᠧᠩ ᠤᠨ ᠳᠠᠷᠤᠨ ᠴᠢᠳᠬᠤᠬᠤ ᠮᠠᠰᠢᠨ ᠤ ᠵᠦᠢᠯᠡᠰ ᠢ ᠪᠣᠳᠠᠲᠠᠢ ᠪᠠᠷ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ ᠰᠢᠩ ᠮᠧᠶ ᠰᠢᠨᠵᠢᠯᠡᠬᠦ ᠤᠬᠠᠭᠠᠨ ᠮᠡᠷᠭᠡᠵᠢᠯ ︵ᠬᠤᠶᠠᠳᠤᠭᠠᠷ ᠬᠤᠭᠤᠴᠠᠭ᠎ᠠ︶᠂ ᠵᠢᠦᠢ ᠰᠢᠩ ᠰᠢᠨᠵᠢᠯᠡᠬᠦ ᠤᠬᠠᠭᠠᠨ ᠮᠡᠷᠭᠡᠵᠢᠯ᠂ ᠲᠤᠶᠢᠯ ᠤᠨ ᠴᠢᠳᠬᠤᠨ ᠴᠢᠳᠬᠤᠬᠤ ᠠᠵᠤ ᠦᠢᠯᠡᠳᠪᠦᠷᠢ ᠶᠢᠨ ᠮᠠᠰᠢᠨ ᠬᠥᠮᠥᠨ ᠤ ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠮᠣᠭᠠᠢ ᠡᠷᠢᠶᠡᠨ ᠴᠢᠯᠠᠭᠤᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂  ᠬᠠᠨ ᠵᠢᠶᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠦᠢᠯᠡᠳᠪᠦᠷᠢᠯᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠢ 55 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃      ᠬᠦᠷᠢᠶᠡᠯᠡᠩ ᠲᠣᠭᠤᠷᠢᠭ ᠤᠨ ᠲᠠᠪᠴᠠᠩ ᠢ ᠰᠢᠯᠢᠳᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠨᠥᠬᠦᠴᠡᠯ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠪᠡᠶᠡᠯᠡᠭᠦᠯᠦᠨ᠂ ᠴᠠᠬᠢᠯᠭᠠᠨ ᠬᠠᠩᠭᠠᠬᠤ ᠭᠠᠵᠠᠷ ᠪᠠᠶᠢᠭᠤᠯᠵᠤ᠂ 6.2 ᠺᠢᠯᠣᠮᠧᠲᠷ ᠵᠠᠮ ᠢ ᠥᠭᠡᠷᠡᠴᠢᠯᠡᠨ ᠵᠠᠰᠠᠵᠤ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠭᠡᠷ ᠪᠠᠶᠢᠰᠢᠩ ᠢ ᠣᠷᠣᠯᠠᠨ ᠪᠠᠶᠢᠭᠤᠯᠪᠠ᠃ ᠬᠦᠷᠢᠶᠡᠯᠡᠩ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠢᠶᠠᠷᠤᠯᠲᠠ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠣᠷᠣᠬᠤ ᠵᠥᠪᠰᠢᠶᠡᠷᠡᠯ ᠢ ᠴᠢᠩᠳᠠᠯᠠᠵᠤ᠂ ︽ᠬᠤᠶᠠᠷ ᠥᠨᠳᠥᠷ︾  ᠤᠨ ᠲᠥᠷᠥᠯ ᠵᠦᠢᠯ ᠢ ᠴᠢᠩᠭ᠎ᠠ ᠬᠢᠵᠠᠭᠠᠷᠯᠠᠨ᠎ᠠ ⑧᠃ ᠦᠢᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ  ᠢ ᠢᠯᠭᠠᠷᠠᠭᠤᠯᠤᠨ ᠴᠡᠭᠴᠡᠯᠡᠵᠦ᠂ ᠰᠤᠯᠠ ᠪᠠᠶᠢᠭ᠎ᠠ ᠭᠠᠵᠠᠷ ᠰᠢᠷᠣᠢ  ᠶᠢ ᠠᠮᠢᠳᠤᠯᠢᠭ ᠠᠰᠢᠭᠯᠠᠨ᠎ᠠ᠃ ᠴᠡᠴᠡᠷᠯᠢᠭ ᠲᠤ ᠣᠷᠣᠭᠤᠯᠬᠤ ᠠᠵᠤ ᠠᠬᠤᠶᠢᠯᠠᠯ ᠢ 2   ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠦᠷᠳᠡᠭ 31 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 3% ᠠᠴᠠ ᠳᠡᠭᠡᠭᠰᠢ ᠨᠡᠮᠡᠭᠳᠡᠵᠡᠢ᠃     ᠳᠥᠷᠪᠡ᠂ ᠭᠤᠷᠪᠠᠳᠤᠭᠠᠷ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠳᠠᠯᠳᠠ ᠬᠦᠴᠦᠨ ᠢ ᠪᠠᠳᠠᠷᠠᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ     ᠪᠥᠬᠦ ᠣᠷᠣᠨ ᠪᠦᠰᠡ ᠶᠢᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠦᠨ᠎ᠡ᠃ ᠪᠥᠬᠦ ᠠᠶᠢᠮᠠᠭ ᠤᠨ ︽ᠲᠠᠪᠤᠨ ᠪᠦᠷᠢᠨ ᠵᠢᠭᠤᠯᠴᠢᠯᠠᠯ︾ ᠤᠨ ᠬᠥᠭᠵᠢᠯᠲᠡ ᠶᠢᠨ ᠣᠨᠣᠯᠵᠢᠬᠤᠨ ⑨ ᠢ ᠲᠤᠤᠱᠯᠠᠭᠤᠯᠵᠤ᠂ ︽ᠨᠢᠭᠡ ᠠᠭᠤᠯᠠ᠂ ᠬᠤᠶᠠᠷ ᠨᠠᠭᠤᠷ᠂ ᠬᠤᠶᠠᠷ ᠬᠦᠷᠢᠶᠡᠯᠡᠩ︾ ᠤᠨ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠵᠤ᠂ ᠥᠨᠳᠥᠷ ᠪᠠᠷᠢᠮᠵᠢᠶ᠎ᠠ ᠪᠠᠷ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠤᠨ᠎ᠠ᠃ᠡᠪᠦᠭᠡᠨ ᠠᠭᠤᠯᠠ ᠶᠢᠨ ᠲᠣᠭᠤᠷᠢᠨ ᠳᠤ᠂ ᠣᠶ ᠰᠢᠭᠤᠢ ᠶᠢᠨ ᠲᠠᠯᠠᠪᠠᠶ ᠶᠢᠨ ᠠᠮᠢᠳᠤᠷᠠᠯ ᠤᠨ ᠲᠣᠭᠤᠷᠢᠭ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪᠴᠢᠶᠡᠨ ᠳᠤ ᠣᠷᠣᠭᠤᠯᠵᠤ᠂ ᠣᠨᠴᠠᠯᠢᠭᠲᠤ ᠠᠷᠠᠳ ᠤᠨ ᠣᠷᠣᠨ ᠰᠠᠭᠤᠴᠠ᠂ ᠴᠠᠭᠠᠨ ᠭᠤᠣᠯ ᠤᠨ ᠤᠰᠤᠨ ᠳᠡᠭᠡᠷᠡᠬᠢ ᠴᠡᠩᠭᠡᠯ ᠤᠨ ᠬᠦᠷᠢᠶᠡᠯᠡᠩ ᠢ ᠪᠦᠲᠦᠭᠡᠨ ᠪᠠᠶᠢᠭᠤᠯᠵᠤ᠂ ᠠᠭᠤᠯᠠ ᠶᠢ ᠣᠯᠵᠤ ᠬᠠᠷᠠᠬᠤ᠂ ᠤᠰᠤ ᠶᠢ ᠣᠯᠵᠤ ᠬᠠᠷᠠᠬᠤ ᠣᠶ ᠰᠢᠭᠤᠢ ᠶᠢᠨ ᠵᠠᠩ ᠳᠠᠳᠬᠠᠯ ᠤᠨ ᠰᠣᠶᠣᠯ ᠢ ᠣᠶᠢᠯᠠᠭᠠᠬᠤ ᠣᠷᠣᠨ ᠢ ᠪᠠᠶᠢᠭᠤᠯᠤᠨ᠎ᠠ᠃ ᠱᠤᠸᠠᠩ ᠴᠧᠩ ᠨᠠᠭᠤᠷ ᠤᠨ ᠲᠣᠭᠤᠷᠢᠨ ᠳᠤ᠂ ᠯᠢᠶᠤᠤᠵᠢᠨ ᠤ ᠰᠣᠶᠣᠯ ᠤᠨ ᠠᠵᠢᠯ ᠢ ᠰᠠᠶᠢᠲᠤᠷ ᠬᠢᠵᠦ᠂ ᠴᠦᠨᠵᠸᠤ ᠮᠦᠽᠧᠢ ᠶᠢ ᠳᠡᠯᠭᠡᠨ ᠦᠵᠡᠭᠦᠯᠵᠦ᠂ ᠵᠢᠶᠣᠣ ᠯᠢᠦ ᠾᠧ ᠭᠤᠣᠯ ᠤᠨ ᠬᠥᠪᠥᠮᠡᠯ ᠴᠡᠴᠡᠷᠯᠢᠭ᠂ ᠱᠤᠸᠠᠩ ᠴᠧᠩ ᠨᠠᠭᠤᠷ ᠤᠨ ᠬᠥᠪᠡᠭᠡᠨ ᠤ ᠤᠰᠤᠨ ᠤ ᠴᠡᠩᠭᠡᠯ ᠤᠨ ᠬᠦᠷᠢᠶᠡᠯᠡᠩ᠂ ᠴᠦᠨᠵᠸᠤ ᠶᠢᠨ ᠡᠷᠲᠡᠨ ᠤ ᠬᠤᠳᠠ ᠶᠢᠨ ᠵᠤᠭᠠᠴᠠᠭᠰᠠᠳ ᠤᠨ ᠲᠥᠪ ᠪᠣᠯᠣᠨ ᠶᠢᠨ ᠴᠢᠶᠠᠨ ᠤ ᠶᠡᠭᠡ ᠬᠤᠸᠠᠷᠠᠨ ᠢ ᠪᠠᠶᠢᠭᠤᠯᠵᠤ᠂ ᠳᠤᠮᠳᠠᠳᠤ ᠤᠯᠤᠰ ᠤᠨ ᠠᠩᠬᠠᠳᠠᠭᠴᠢ ᠯᠢᠶᠤᠤᠵᠢᠨ ᠤ ᠭᠤᠣᠯ ᠰᠡᠳᠦᠪᠲᠦ ᠣᠨᠴᠠᠯᠢᠭᠲᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠤᠯᠤᠰ ᠤᠨ ᠳᠣᠲᠣᠭᠠᠳᠤ ᠳᠤ ᠠᠯᠳᠠᠷᠲᠠᠢ ᠯᠢᠶᠤᠤᠵᠢᠨ ᠤ ᠰᠣᠶᠣᠯ ᠢ ᠪᠡᠶᠡᠴᠢᠯᠡᠨ ᠣᠶᠢᠯᠠᠭᠠᠬᠤ ᠭᠠᠵᠠᠷ ᠢ ᠴᠣᠭᠴᠠᠯᠠᠨ᠎ᠠ᠃ ᠮᠢᠩ ᠰᠢᠩ ᠨᠠᠭᠤᠷ ᠤᠨ ᠲᠣᠭᠤᠷᠢᠨ ᠳᠤ᠂ ᠨᠠᠭᠤᠷ ᠴᠥᠭᠦᠷᠥᠮ ᠪᠠ ᠵᠢᠭᠠᠰᠤᠨ ᠠᠵᠤ ᠠᠬᠤᠢ ᠶᠢᠨ ᠣᠨᠴᠠᠯᠢᠭ ᠢ ᠪᠠᠳᠠᠷᠠᠭᠤᠯᠵᠤ᠂ ᠤᠰᠤᠰᠠᠭ ᠡᠯᠡᠰᠦᠨ ᠲᠠᠩ᠂ ᠲᠤᠲᠤᠷᠭ᠎ᠠ ᠶᠢᠨ ᠨᠠᠢᠮᠠᠯᠵᠢ ᠶᠢᠨ ᠴᠡᠴᠡᠷᠯᠢᠭ᠂ ᠣᠨᠴᠠᠯᠢᠭᠲᠤ ᠣᠩᠭᠤᠴᠠᠨ ᠤ ᠪᠠᠭᠤᠳᠠᠯ ᠪᠠ ᠲᠣᠭᠤᠷᠢᠭ ᠤᠨ ᠬᠤᠲᠠ ᠶᠢᠨ ᠴᠤᠭᠯᠠᠷᠠᠯ ᠢ ᠪᠦᠲᠦᠭᠡᠨ ᠪᠠᠶᠢᠭᠤᠯᠵᠤ᠂ ᠵᠢᠭᠠᠰᠤ ᠠᠩᠨᠠᠬᠤ ᠭᠤᠣᠯ ᠰᠡᠳᠦᠪᠲᠦ ᠣᠨᠴᠠᠯᠢᠭᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠵᠤ᠂ ᠣᠶᠢᠷ᠎ᠠ ᠲᠡᠭᠦᠷᠭᠡ ᠶᠢᠨ ᠵᠢᠭᠠᠰᠤ ᠠᠩᠨᠠᠬᠤ ᠠᠷᠠᠳ ᠤᠨ ᠵᠠᠩ ᠦᠶᠯᠡ ᠶᠢᠨ ᠡᠴᠢᠭᠡ ᠡᠬᠡ ᠦᠷ᠎ᠡ ᠬᠡᠦᠬᠡᠳ ᠤᠨ ᠪᠡᠶ᠎ᠡ ᠪᠠᠷ ᠢᠶᠠᠨ ᠣᠶᠢᠯᠠᠭᠠᠬᠤ ᠵᠢᠭᠤᠯᠴᠢᠯᠠᠯ ᠢ ᠬᠥᠭᠵᠢᠭᠦᠯᠦᠨ᠎ᠡ᠃ ᠦᠷ ᠤᠨ ᠲᠤᠶᠠᠭ᠎ᠠ᠂ ᠰᠠᠶᠢᠶᠢᠨ ᠴᠡᠴᠡᠷᠯᠢᠭ ᠲᠣᠭᠤᠷᠢᠭ ᠤᠨ ᠲᠣᠭᠤᠷᠢᠨ ᠳᠤ᠂ ᠠᠵᠤ ᠦᠢᠯᠡᠰ ᠤᠨ ᠠᠭᠤᠰᠤᠯᠴᠠᠯ ᠤᠨ ᠳᠠᠪᠠᠭᠤᠯᠢᠭ ᠢ ᠬᠥᠭᠵᠢᠭᠡᠵᠦ᠂ ᠦᠷ ᠤᠨ ᠲᠤᠶᠠᠭ᠎ᠠ ᠴᠡᠴᠡᠭ ᠤᠨ ᠲᠡᠯᠡᠶ ᠶᠢ ᠲᠠᠰ ᠳᠡᠪᠰᠢᠭᠦᠯᠵᠦ᠂  ᠰᠠᠢ ᠶᠢᠨ ᠬᠤᠸᠠ ᠣᠲᠣ ᠦᠶ᠎ᠡ ᠶᠢᠨ ᠰᠡᠯᠡᠭᠦᠴᠡᠯ ᠤᠨ ᠲᠠᠷᠢᠶᠠᠯᠠᠩ ᠤᠨ ᠪᠡᠶᠡᠴᠢᠯᠡᠨ ᠣᠶᠢᠯᠠᠭᠠᠬᠤ ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ ᠥᠪᠡᠷ ᠢᠶᠠᠨ ᠵᠢᠯᠤᠭᠤᠳᠴᠤ ᠵᠤᠭᠠᠴᠠᠬᠤ ᠬᠤᠸᠠᠷᠠᠨ ᠢ ᠪᠠᠶᠢᠭᠤᠯᠤᠨ᠂ ᠥᠪᠡᠷᠮᠢᠴᠡ ᠣᠨᠴᠠᠯᠢᠭ ᠲᠠᠢ ᠢᠳᠡᠭᠡᠨ ᠤᠮᠳᠠᠭᠠᠨ ᠢ ᠬᠥᠭᠵᠢᠭᠦᠯᠵᠦ᠂ ᠰᠣᠨᠢᠷᠬᠠᠨ ᠰᠣᠨᠢᠷᠬᠠᠬᠤ᠂ ᠵᠤᠭᠠᠴᠠᠨ ᠴᠡᠩᠭᠡᠯᠳᠦᠬᠦ ︽ᠵᠢᠪᠦᠮᠡᠯ ᠮᠠᠶ᠋ᠢᠭ︾ ᠤᠨ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠣᠶ ᠪᠣᠯᠭᠠᠨ᠎ᠠ᠃ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠰᠠᠭᠤᠷᠢ ᠮᠥᠩᠭᠦ ᠶᠢ ᠪᠠᠶᠢᠭᠤᠯᠵᠤ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠲᠦᠷᠭᠡᠳᠬᠡᠨ᠂ ᠲᠣᠰ ᠭᠠᠵᠠᠷ ᠤᠨ ᠣᠨᠴᠠᠯᠢᠭ ᠲᠠᠢ ᠵᠢᠭᠤᠯᠴᠢᠯᠠᠯ ᠤᠨ ᠳᠤᠷᠠᠰᠬᠠᠯ ᠤᠨ ᠡᠳ᠋ ᠢ ᠨᠡᠭᠡᠭᠡᠨ ᠬᠥᠭᠵᠢᠭᠦᠯᠵᠦ᠂ ᠭᠦᠢᠯᠡᠰᠦᠨ ᠴᠡᠴᠡᠭ ᠤᠨ ᠪᠠᠶᠠᠷ ᠂ ᠠᠮᠲᠠᠲᠤ ᠢᠳᠡᠭᠡᠨ ᠤ ᠪᠠᠶᠠᠷ᠂ ᠮᠥᠰᠥ ᠴᠠᠰᠤᠨ ᠤ ᠪᠠᠶᠠᠷ ᠵᠡᠷᠭᠡ ᠵᠢᠭᠤᠯᠴᠢᠯᠠᠯ ᠤᠨ ᠠᠵᠢᠯᠯᠠᠭ᠎ᠠ ᠶᠢ ᠡᠷᠭᠢᠯᠡᠨ᠎ᠡ᠃ ᠵᠢᠭᠤᠯᠴᠢᠯᠠᠯ ᠤᠨ ᠬᠥᠮᠥᠨ ᠤ ᠲᠤᠭ᠎ᠠ ᠶᠢ 80 ᠲᠦᠮᠡ ᠠᠴᠠ ᠳᠠᠪᠠᠭᠤᠯᠬᠤ ᠪᠠᠷ ᠴᠢᠷᠮᠠᠶᠢᠵᠤ᠂ ᠵᠢᠭᠤᠯᠴᠢᠯᠠᠯ ᠤᠨ ᠣᠷᠣᠯᠭ᠎ᠠ ᠶᠢ 5.8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ᠃     ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠪᠦᠬᠦ ︽ᠵᠠᠰᠠᠭ ᠮᠥᠩᠭᠦ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠮᠥᠩᠭᠦᠨ ᠭᠦᠢᠯᠭᠡᠭᠡᠨ ᠤ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠣᠭᠲᠠᠭᠤᠨ ᠨᠠᠶᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠲᠥᠷᠥᠯ ᠵᠦᠢᠯ ᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠵᠤ᠂ ᠨᠠᠩ ᠣᠯᠠᠨ ᠮᠥᠩᠭᠦᠨ ᠭᠦᠢᠯᠭᠡᠭᠡᠨ ᠤ ᠬᠥᠷᠥᠩᠭᠡ ᠶᠢ ᠪᠥᠬᠦ ᠴᠠᠷᠠᠭᠠᠨ ᠤ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠣᠷᠣᠭᠤᠯᠬᠤ ᠶᠢ ᠳᠠᠶᠢᠴᠢᠯᠠᠵᠤ᠂ ᠵᠢᠭᠡᠯᠡᠯᠭᠡ ᠲᠠᠯᠪᠢᠬᠤ ᠲᠤᠭ᠎ᠠ ᠬᠡᠮᠵᠢᠶ᠎ᠡ ᠶᠢ 10% ᠠᠴᠠ ᠳᠡᠭᠡᠭᠰᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠ ᠢᠲᠡᠭᠡᠯ ᠢᠶᠠᠨ ᠠᠯᠳᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠳ᠋ ᠬᠥᠷᠥᠩᠭᠡ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠡᠷᠡᠭᠦᠯ ᠪᠤᠰᠤ ᠡᠳ᠋ ᠬᠥᠷᠥᠩᠭᠡ ᠶᠢ ᠲᠣᠬᠢᠲᠠᠢ ᠪᠥᠭᠡᠳ ᠡᠮᠬᠢ ᠵᠢᠷᠤᠮ ᠲᠠᠢ ᠰᠢᠢᠳᠪᠦᠷᠢᠯᠡᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃     ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠲᠦᠷᠭᠡᠳᠬᠡᠨ ᠬᠥᠭᠵᠢᠭᠦᠯᠦᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠵᠠᠷ ᠳᠣᠣᠷᠠᠬᠢ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠴᠦᠨᠵᠸᠤ ᠬᠤᠲᠠ ᠶᠢᠨ ᠠᠭᠤᠳᠠᠮ ᠲᠠᠯᠠᠪᠠᠶ ᠶᠢᠨ ᠠᠷᠠᠯᠵᠢᠶ᠎ᠠ ᠬᠤᠳᠠᠯᠳᠤᠭᠠᠨ ᠤ ᠲᠣᠭᠤᠷᠢᠭ ᠤᠨ ᠠᠵᠢᠯ ᠢᠶᠠᠨ ᠲᠦᠷᠭᠡᠳᠬᠡᠨ ᠳᠠᠭᠤᠰᠬᠠᠬᠤ ᠶᠢ ᠠᠬᠢᠭᠤᠯᠵᠤ᠂ ᠰᠢᠨ᠎ᠡ ᠳᠡᠯᠡᠬᠡᠢ ᠶᠢᠨ ᠬᠤᠶᠠᠳᠤᠭᠠᠷ ᠬᠤᠭᠤᠴᠠᠭᠠᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠠᠰᠢᠭᠯᠠᠯᠲᠠ ᠳᠤ ᠣᠷᠣᠭᠤᠯᠤᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 2 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠶᠢᠨ ᠲᠤᠭ᠎ᠠ ᠵᠢ‌‍ᠴᠦ᠋ᠨᠵᠸᠤ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠠᠩᠭᠠᠯᠭ᠎ᠠ ᠶᠢᠨ ᠬᠡᠯᠬᠢᠶᠡᠨ ᠤ ᠲᠣᠬᠢᠷᠠᠭᠤᠯᠤᠨ ᠬᠦᠷᠭᠡᠬᠦ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠬᠤᠳᠠᠯᠳᠤᠭᠠᠨ ᠤ ᠲᠣᠣᠷ ᠰᠦᠯᠵᠢᠶ᠎ᠡ ᠵᠢᠨ‌ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠤᠶᠢᠵᠢᠯᠲᠠ ᠶᠢ ᠲᠦᠷᠭᠡᠳᠬᠡᠵᠦ᠂ ᠬᠥᠮᠥᠨ ᠳᠤᠮᠳᠠᠴᠢ ᠶᠢᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ ᠪᠥᠬᠦ ᠠᠶᠢᠮᠠᠭ ᠤᠨ ᠲᠣᠮᠳᠠᠴᠢ ᠬᠢᠷᠢ ᠲᠦᠪᠰᠢᠨ ᠳᠤ ᠬᠦᠷᠭᠡᠨ᠎ᠠ᠃      ᠲᠠᠪᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠣᠯᠭᠠᠯᠴᠠᠭ᠎ᠠ ᠶᠢ ᠪᠠᠬᠢᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ     ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠬᠤᠶᠠᠷ ᠲᠤ ᠵᠣᠪᠠᠭ᠋ᠤ ᠦᠭᠡᠢ ᠪᠠᠶᠢᠬᠤ᠂ ᠭᠤᠷᠪᠠ ᠶᠢ ᠪᠠᠲᠤᠯᠠᠬᠤ︾᠂ ︽ᠶᠠᠳᠠᠭᠤ ᠶᠢ ᠰᠡᠷᠭᠡᠶᠢᠯᠡᠵᠦ ᠪᠠᠲᠤᠯᠠᠬᠤ︾ ᠵᠡᠷᠭᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠡᠷᠡᠰ ᠰᠡᠷᠭᠡᠶᠢᠯᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠪᠣᠯᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ ᠪᠠᠷ ᠬᠥᠲᠥᠯᠥᠮᠵᠢ ᠪᠣᠯᠭᠠᠵᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠴᠦᠷᠬᠡᠭᠵᠢᠭᠦᠯᠦᠨ ᠬᠥᠭᠵᠢᠭᠦᠯᠵᠦ᠂ ᠨᠢᠭᠡ ᠪᠦᠯᠦᠭ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ᠂ ᠵᠢᠱᠢᠶ᠎ᠡ ᠦᠵᠡᠭᠦᠯᠬᠦ ᠡᠷᠦᠬᠡ ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠴᠢᠩᠭᠠᠳᠬᠠᠵᠤ᠂ ᠳᠤᠲᠠᠭᠤᠳᠠᠯ ᠢ ᠨᠥᠬᠦᠪᠦᠷᠢᠯᠡᠬᠦ ᠲᠦᠷᠦᠯ ᠵᠦᠢᠯ ᠢ ᠬᠡᠷᠡᠭᠵᠢᠭᠦᠯᠵᠦ᠂ ᠨᠡᠭᠦᠯᠭᠡᠭᠰᠡᠨ ᠡᠷᠦᠬᠡ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠬᠥᠷᠥᠩᠭᠡ ᠶᠢᠨ ᠠᠰᠢᠭ ᠣᠯᠵᠠᠪᠤᠷᠢ ᠶᠢᠨ ᠪᠡᠯᠡ ᠮᠥᠩᠭᠦ ᠶᠢᠨ ᠡᠵᠡᠩᠨᠡᠯᠲᠡ ᠶᠢᠨ ᠲᠦᠭᠰᠢᠭᠦᠷᠢ ᠶᠢ ᠡᠮᠬᠢ ᠵᠢᠷᠤᠮ ᠲᠠᠢ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠦᠢᠯᠡᠰ ᠢ ᠦᠷᠭᠦᠯᠵᠢᠯᠡᠨ ᠬᠡᠷᠡᠭᠵᠢᠭᠦᠯᠵᠦ᠂ ᠭᠠᠴᠠᠭᠠᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠵᠡᠷᠭᠡ ᠡᠯ᠎ᠡ ᠲᠠᠯ᠎ᠠ ᠶᠢᠨ ᠬᠠᠪᠰᠤᠷᠤᠨ ᠲᠡᠳᠬᠦᠬᠦ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃     ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠵᠠᠰᠠᠭ ᠵᠠᠬᠢᠷᠭᠠᠨ ᠤ ᠲᠣᠰᠬᠤᠨ ᠤ ᠣᠯᠠᠨ ᠲᠥᠯᠦᠪᠵᠢᠭᠦᠯᠭᠡ ᠶᠢ ᠨᠢᠭᠡᠳᠬᠡᠭᠰᠡᠨ ᠬᠡᠷᠡᠭᠯᠡᠭᠡᠨ ᠤ ᠴᠢᠨᠠᠷᠲᠠᠢ ᠠᠶᠢᠯ ᠲᠣᠰᠬᠤᠨ ᠤ ᠬᠡᠰᠡᠭ ᠠᠶᠢᠯ ᠲᠣᠰᠬᠤᠨ ᠢ ᠰᠣᠩᠭᠤᠨ ᠬᠥᠳᠡᠭᠡ ᠲᠣᠰᠬᠤᠨ ᠤ ᠵᠢᠭᠤᠯᠴᠢᠯᠠᠯ᠂ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠨᠢᠭᠡ ᠪᠦᠯᠦᠭ ᠵᠦᠢᠯᠡᠰ ᠢ ᠲᠥᠪᠯᠡᠷᠡᠭᠦᠯᠦᠨ ᠪᠦᠲᠦᠭᠡᠨ ᠪᠠᠶᠢᠭᠤᠯᠤᠨ᠎ᠠ᠃ S210᠂ ᠨᠠᠷᠠᠲᠤ ᠬᠥᠮᠥᠰ ᠤᠨ ᠨᠠᠭᠤᠷ ᠤᠨ ᠲᠣᠭᠤᠷᠢᠯ ᠵᠠᠮ ᠤᠨ ᠢᠨᠵᠧᠨᠧᠷᠢᠩ ᠢ ᠡᠬᠢᠯᠡᠭᠦᠯᠵᠦ᠂ ᠪᠠᠶᠢᠭᠠᠯᠢ ᠶᠢᠨ ᠠᠶᠢᠯ ᠲᠣᠰᠬᠤᠨ ᠢ ᠰᠠᠭᠠᠳ ᠦᠭᠡᠢ ᠨᠡᠪᠲᠡᠷᠡᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠨᠡᠯᠢᠶᠡᠳ ᠲᠣᠮᠣ ᠪᠠᠶᠢᠭᠠᠯᠢ ᠶᠢᠨ ᠠᠶᠢᠯ ᠲᠣᠰᠬᠤᠨ ᠢ ᠵᠢᠯ ᠤᠨ ᠳᠣᠲᠣᠷ᠎ᠠ 100% ᠪᠠᠷ ᠰᠠᠭᠠᠳ ᠦᠭᠡᠢ ᠨᠡᠪᠲᠡᠷᠡᠭᠦᠯᠬᠦ ᠪᠠᠷ ᠴᠢᠷᠮᠠᠶᠢᠨ᠎ᠠ᠃ ᠠᠶᠢᠯ ᠲᠣᠰᠬᠤᠨ ᠤ ᠵᠠᠰᠠᠮᠠᠯ ᠵᠠᠮ ᠤᠨ ᠦᠵᠡᠮᠵᠢ ᠶᠢ ᠭᠤᠶᠣᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠲᠣᠰᠬᠤᠨ ᠤ ᠳᠣᠲᠣᠷᠠᠬᠢ ᠵᠡᠭᠡᠯᠢ ᠭᠤᠳᠤᠮᠵᠢ᠂ ᠬᠡᠰᠡᠭ ᠪᠤᠰᠠᠭ ᠬᠤᠭᠤᠰᠤᠨ ᠭᠠᠵᠠᠷ ᠲᠤ ᠵᠢᠮᠢᠰ ᠤᠨ ᠮᠣᠳᠣᠨ ᠤ ᠠᠵᠤ ᠠᠬᠤᠢ ᠶᠢᠨ ᠣᠶ ᠪᠠᠷ ᠭᠤᠣᠯ ᠪᠣᠯᠭᠠᠭᠰᠠᠨ ᠵᠢᠵᠢᠭ ᠦᠵᠡᠮᠵᠢ ᠶᠢᠨ ᠣᠷᠣᠨ᠂ ᠵᠢᠵᠢᠭ ᠬᠡᠰᠡᠭᠲᠦ ᠣᠶ᠂ ᠵᠢᠵᠢᠭ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︔ ᠭᠤᠣᠯ ᠵᠠᠰᠠᠮᠠᠯ ᠵᠠᠮ ‍ᠦᠨ‌ᠬᠤᠶᠠᠷ ᠬᠠᠵᠠᠭᠤ ᠪᠠᠷ ᠫᠧᠷᠰ ᠤᠳᠪᠠᠯᠠ ᠲᠠᠷᠢᠵᠤ᠂ ᠨᠣᠭᠤᠭᠠᠷᠠᠭᠤᠯᠤᠯᠲᠠ ᠶᠢᠨ ᠦᠵᠡᠮᠵᠢ ᠶᠢᠨ ᠪᠦᠰᠡ ᠶᠢ 30 ᠺᠢᠯᠣᠮᠧᠲᠷ ᠪᠤᠢ ᠪᠣᠯᠭᠠᠨ᠎ᠠ᠃ ︽ᠳᠥᠷᠪᠡᠨ ᠰᠢᠶᠠᠩ ᠤᠨ ᠢᠨᠵᠧᠨᠧᠷᠢᠩ︾ ⑩ ᠢ ᠭᠦᠨᠵᠡᠭᠡᠢ ᠲᠦᠯᠬᠢᠨ ᠠᠬᠢᠭᠤᠯᠵᠤ᠂ ︽ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠬᠡᠨ᠎ᠡ᠃      ᠠᠮᠢ ᠠᠬᠤᠢ ᠶᠢᠨ ᠬᠠᠮᠢᠶᠠᠷᠤᠯᠲᠠ ᠵᠠᠰᠠᠯᠲᠠ ᠶᠢ ᠴᠢᠩᠭᠠᠳᠬᠠᠨ᠎ᠠ᠃ ᠬᠥᠬᠡᠮᠳᠦᠭ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠬᠤᠵᠢᠷᠰᠢᠭᠰᠠᠨ ᠠᠰᠢᠭᠯᠠᠭᠠᠳᠤᠢ ᠭᠠᠵᠠᠷ ᠢ ᠵᠠᠰᠠᠬᠤ ᠪᠠ ᠤᠯᠤᠰ ᠤᠨ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠲᠥᠷᠥᠯ ᠵᠦᠢᠯ ᠢ ᠴᠢᠷᠮᠠᠶᠢᠨ ᠪᠡᠶᠡᠯᠡᠭᠦᠯᠵᠦ᠂ 4.9 ᠲᠦᠮᠡᠨ ᠮᠦ ᠮᠣᠳᠣ ᠳᠠᠷᠢᠵᠤ ᠣᠶᠢᠵᠢᠭᠤᠯᠤᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠵᠢᠴᠢ ᠬᠤᠭ ᠨᠣᠪᠰᠢ ᠪᠣᠬᠢᠷ ᠤᠰᠤ ᠶᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ︽ᠬᠤᠪᠢ ᠬᠤᠷᠠᠮᠳᠤᠭᠤᠯᠵᠤ ᠣᠳᠣᠨ ᠮᠡᠴᠢᠳ ᠪᠤᠯᠢᠶᠠᠯᠳᠤᠬᠤ︾ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠢ ᠨᠠᠩ ᠴᠡᠪᠡᠷ ᠲᠡᠭᠰᠢ᠂ ᠠᠮᠢ ᠠᠬᠤᠢ ᠶᠢ ᠨᠠᠩ ᠰᠠᠶᠢᠨ ᠰᠠᠶᠢᠬᠠᠨ ᠪᠣᠯᠭᠠᠨ᠎ᠠ᠃   ᠵᠢᠷᠭᠤᠭ᠎ᠠ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠴᠢᠨᠠᠷ ᠳᠡᠰ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ    ᠬᠤᠳᠠ ᠶᠢᠨ ᠬᠦᠷᠢᠶᠡᠯᠡᠩ ᠢ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠬᠤ ᠶᠢ ᠲᠦᠯᠬᠢᠨ‌ᠬᠤᠲᠠ ᠳᠤ 15 ᠲᠦᠮᠡᠨ ᠲᠡᠭᠰᠢ ᠳᠥᠷᠪᠡᠯᠵᠢᠨ ᠮᠧᠲᠷ ᠤᠨ ᠭᠠᠵᠠᠷ ᠤᠨ ᠲᠡᠮᠳᠡᠭᠲᠦ ᠴᠡᠴᠡᠷᠯᠢᠭ ᠪᠠᠶᠢᠭᠤᠯᠵᠤ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ ᠤ ᠡᠯᠧᠮᠧᠨ᠋ᠲ ᠲᠤ ᠠᠭᠤᠰᠤᠯᠴᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠣᠶᠣᠯ ᠤᠨ ᠭᠤᠣᠯ ᠰᠡᠳᠦᠪ ᠢ ᠲᠣᠪᠤᠶᠢᠯᠭᠠᠨ ᠪᠠᠬᠢᠵᠢᠭᠦᠯᠵᠦ᠂ ᠳᠡᠭᠡᠷ᠎ᠡ ᠲᠠᠯ᠎ᠠ ᠳᠤᠨᠢ ᠭᠤᠣᠯ ᠰᠡᠳᠦᠪᠲᠦ ᠠᠭᠤᠳᠠᠮ ᠲᠠᠯᠠᠪᠠᠶ ᠲᠠᠢ᠂ ᠳᠣᠣᠷ᠎ᠠ ᠲᠠᠯ᠎ᠠ ᠳᠤᠨᠢ ᠠᠷᠠᠳ ᠲᠤ ᠲᠥᠬᠦᠮ ᠦᠵᠡᠭᠦᠯᠬᠦ ᠠᠷᠠᠯᠵᠢᠶ᠎ᠠ ᠬᠤᠳᠠᠯᠳᠤᠭᠠᠨ ᠤ ᠰᠡᠯᠡᠭᠦᠴᠡᠯ ᠤᠨ ᠪᠠᠷᠠᠭ᠎ᠠ ᠬᠤᠳᠠᠯᠳᠤᠨ ᠠᠪᠬᠤ ᠲᠣᠭᠤᠷᠢᠭ ᠢ ᠪᠠᠶᠢᠭᠤᠯᠤᠨ᠎ᠠ᠃ ᠬᠤᠲᠠ ᠶᠢᠨ ᠡᠮᠦᠨ᠎ᠡ ᠲᠠᠯ᠎ᠠ ᠳᠤ ᠨᠠᠨ ᠬᠤ᠋ ᠨᠠᠭᠤᠷ ᠵᠢᠴᠢ ᠵᠢᠭᠤᠯᠴᠢᠯᠠᠯ ᠤᠨ ᠤᠯᠠᠭ᠎ᠠ ᠥᠷᠲᠡᠭᠡ ᠶᠢᠨ ᠲᠣᠭᠤᠷᠢᠨ ᠳᠤ᠂ ᠤᠰᠤ ᠨᠠᠭᠠᠳᠬᠤ ᠡᠯᠡᠰᠦᠨ ᠲᠠᠩ᠂ ᠬᠡᠦᠬᠡᠳ ᠤᠨ ᠴᠡᠩᠭᠡᠯ ᠤᠨ ᠬᠦᠷᠢᠶᠡᠯᠡᠩ᠂ ᠤᠰᠤ ᠳᠣᠲᠣᠨᠣᠴᠢᠯᠠᠬᠤ ᠬᠥᠭᠦᠷᠭᠡᠨ ᠵᠠᠮ ᠵᠡᠷᠭᠡ ᠪᠡᠯᠡᠳᠬᠡᠮᠵᠢ ᠶᠢᠨ ᠡᠯᠧᠮᠧᠨ᠋ᠲ ᠢ ᠣᠷᠣᠭᠤᠯᠤᠨ ᠠᠪᠴᠢᠷᠠᠵᠤ᠂ ᠤᠰᠤᠨ ᠤ ᠦᠵᠡᠮᠵᠢ ᠶᠢᠨ ᠵᠤᠭ᠎ᠠ ᠴᠡᠩᠭᠡᠯ ᠤᠨ ᠴᠡᠴᠡᠷᠯᠢᠭ ᠢ ᠪᠠᠶᠢᠭᠤᠯᠤᠨ᠎ᠠ᠃ ᠬᠤᠲᠠ ᠶᠢᠨ ᠬᠤᠶᠢᠲᠤ ᠲᠠᠯ᠎ᠠ ᠳᠤ ᠡᠮᠡᠭᠡᠳ ᠭᠤᠣᠯ ᠢᠶᠠᠷ ᠭᠤᠣᠯ ᠲᠡᠩᠭᠡᠯᠢᠭ ᠱᠤᠭᠤᠮ ᠪᠣᠯᠭᠠᠵᠤ᠂ ᠠᠮᠢ ᠠᠬᠤᠢ ᠶᠢ ᠰᠡᠷᠭᠦᠭᠡᠬᠦ ᠵᠢᠴᠢ ᠦᠵᠡᠮᠵᠢ ᠶᠢᠨ ᠢᠨᠵᠧᠨᠧᠷᠢᠩ ᠢ ᠬᠡᠷᠡᠭᠵᠢᠭᠦᠯᠦᠨ᠂ ᠳᠠᠯᠳᠠ ᠤᠷᠤᠰᠬᠠᠯ ᠤᠨ ᠨᠤᠭᠤ ᠭᠠᠵᠠᠷ᠂ ᠬᠥᠭᠦᠷᠭᠡᠨ ᠳᠣᠣᠷᠠᠬᠢ ᠴᠡᠴᠡᠭ ᠤᠨ ᠲᠡᠯᠡᠶ᠂ ᠳᠠᠭᠤᠯᠠᠬᠤᠢ ᠶᠢᠨ ᠣᠷᠭᠢᠯᠤᠮᠠᠯ ᠪᠤᠯᠠᠭ ᠢ ᠪᠦᠲᠦᠭᠡᠨ ᠪᠠᠶᠢᠭᠤᠯᠵᠤ᠂ ᠭᠤᠣᠯ ᠳᠠᠭᠠᠤ ᠶᠢᠨ ᠠᠮᠢ ᠠᠬᠤᠢ ᠶᠢᠨ ᠰᠡᠯᠡᠭᠦᠴᠡᠯ ᠤᠨ ᠴᠡᠴᠡᠷᠯᠢᠭ ᠢ ᠪᠠᠶᠢᠭᠤᠯᠤᠨ᠎ᠠ᠃ ᠬᠤᠲᠠ ᠶᠢᠨ ᠵᠡᠭᠦᠨᠳᠡᠬᠢ ᠠᠮᠢ ᠠᠬᠤᠢ ᠶᠢᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠥᠬᠦ ᠠᠶᠢᠮᠠᠭ ᠤᠨ ᠠᠩᠬᠠᠳᠠᠭᠴᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠡᠯᠡᠭᠦᠴᠡᠯ ᠤᠨ ᠴᠡᠴᠡᠷᠯᠢᠭ ᠢ ᠪᠠᠶᠢᠭᠤᠯᠤᠨ᠎ᠠ᠃ ᠬᠤᠳᠠ ᠶᠢᠨ ᠪᠠᠷᠠᠭᠤᠨ ᠲᠠᠯ᠎ᠠ ᠳᠤ ᠵᠠᠯᠠᠭᠤᠴᠤᠳ ᠤᠨ ᠴᠡᠴᠡᠷᠯᠢᠭ ᠲᠤ ᠵᠤᠭᠠᠴᠠᠨ ᠨᠣᠭᠤᠭᠠᠷᠠᠭᠤᠯᠵᠤ ᠂ ᠬᠠᠮᠢᠶᠠᠷᠴᠤ ᠬᠠᠮᠠᠭᠠᠯᠠᠬᠤ ᠰᠡᠯᠪᠢᠨ ᠵᠠᠰᠠᠬᠤ ᠠᠵᠢᠯ ᠢ ᠴᠢᠩᠭᠠᠳᠬᠠᠨ᠎ᠠ᠃ ᠬᠤᠲᠠ ᠶᠢᠨ ᠲᠣᠭᠤᠷᠢᠭ ᠤᠨ ᠲᠣᠭᠤᠷᠢᠯ ᠵᠠᠮ ᠳᠤ ᠨᠣᠭᠤᠭᠠᠷᠠᠭᠤᠯᠵᠤ ᠭᠤᠶᠣᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ ᠤᠨ ᠦᠵᠡᠮᠵᠢ ᠶᠢᠨ ᠳᠡᠭᠡᠭᠰᠢᠯᠡᠯᠲᠡ ᠶᠢ ᠴᠢᠩᠭᠠᠳᠬᠠᠨ᠂ ︽ᠨᠣᠭᠤᠭᠠᠨ ᠰᠤᠳᠠᠰᠤ ᠬᠤᠯᠪᠣᠯᠳᠤᠨ ᠨᠡᠪᠲᠡᠷᠡᠯᠴᠡᠵᠦ ᠂ ᠬᠤᠲᠠ ᠶᠢᠨ ᠬᠦᠷᠢᠶᠡᠯᠡᠩ ᠬᠠᠷᠢᠯᠴᠠᠨ ᠠᠭᠤᠰᠤᠯᠴᠠᠭᠰᠠᠨ︾ ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃     ᠬᠤᠳᠠ ᠪᠠᠯᠭᠠᠰᠤᠨ ᠤ ᠰᠠᠭᠤᠷᠢ ᠴᠢᠳᠠᠮᠵᠢ ᠶᠢ ᠲᠡᠭᠦᠯᠳᠡᠷᠵᠢᠭᠦᠯᠦᠨ᠎ᠡ᠃ ᠨᠠᠭᠤᠷ ᠤᠨ ᠪᠠᠷᠠᠭᠤᠨ ᠵᠠᠮ᠂ ᠬᠤᠸᠠ ᠹᠧᠩ ᠵᠡᠭᠡᠯᠢ᠂ ᠢᠦᠢ ᠸᠧᠨ ᠵᠡᠭᠡᠯᠢ ᠵᠡᠷᠭᠡ ᠵᠠᠮ ᠤᠨ ᠬᠡᠰᠡᠭ ᠢ 4.8 ᠺᠢᠯᠣᠮᠧᠲᠷ ᠳᠡᠪᠢᠰᠴᠦ᠂ ᠬᠢᠩᠭᠠᠨ ᠵᠡᠭᠡᠯᠢ ᠶᠢ ᠥᠭᠡᠷᠡᠴᠢᠯᠡᠨ ᠵᠠᠰᠠᠵᠤ᠂ 4.6 ᠺᠢᠯᠣᠮᠧᠲᠷ ᠵᠡᠭᠡᠯᠢ ᠪᠠᠶᠢᠭᠤᠯᠵᠤ᠂ ᠵᠠᠮ ᠤᠨ ᠳ᠋ᠧᠩ ᠢ 250   ᠠᠴᠠ ᠳᠡᠭᠡᠭᠰᠢ ᠰᠡᠯᠪᠢᠨ ᠵᠠᠰᠠᠵᠤ ᠥᠭᠡᠷᠡᠴᠢᠯᠡᠨ᠎ᠡ᠃ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤ ᠵᠡᠷᠭᠡ ᠬᠤᠳᠠ ᠶᠢᠨ ᠬᠠᠮᠢᠶᠠᠷᠤᠯᠲᠠ ᠶᠢᠨ ᠬᠤᠭᠤᠯᠠᠢ ᠶᠢᠨ ᠲᠣᠣᠷ ᠢ 27.6 ᠺᠢᠯᠣᠮᠧᠲᠷ ᠥᠭᠡᠷᠡᠴᠢᠯᠡᠪᠡ᠃ 4 ᠬᠠᠭᠤᠴᠢᠷᠠᠭᠰᠠᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠪᠠᠶᠢᠰᠢᠩ ᠭᠡᠷ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 4 ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠦᠷᠳᠡᠭᠡ ᠶᠢ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠰᠢᠨ ᠭᠤᠸᠠᠩ ᠢᠯᠴᠢ ᠶᠢᠨ ᠬᠦᠴᠦᠨ ᠤ ᠺᠣᠮᠫᠠᠨᠢ ᠶᠢᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠵᠦ᠂ ᠭᠤᠷᠪᠠᠳᠤᠭᠠᠷ ᠢᠯᠴᠢ ᠶᠢᠨ ᠢᠷᠡᠯᠲᠡ ᠶᠢ ᠡᠵᠡᠩᠨᠡᠯᠲᠡ ᠳᠤ ᠣᠷᠣᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃     ᠬᠤᠳᠠ ᠪᠠᠯᠭᠠᠰᠤᠨ ᠤ ᠨᠠᠷᠢᠯᠢᠭ ᠬᠠᠮᠢᠶᠠᠷᠤᠯᠲᠠ ᠶᠢ ᠴᠢᠩᠭᠠᠳᠬᠠᠨ᠎ᠠ᠃ ᠬᠤᠳᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠣᠨ ᠤ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠭᠤᠯᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠨ᠎ᠠ᠃ ᠲᠡᠷᠭᠡ ᠬᠥᠰᠬᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠡᠷᠭᠡ ᠵᠣᠭᠰᠤᠭᠠᠬᠤ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠲᠣᠭᠲᠠᠩᠭᠤᠢ ᠲᠡᠷᠭᠡ ᠵᠣᠭᠰᠤᠭᠠᠬᠤ ᠡᠮᠬᠢ ᠳᠢᠭᠯᠢᠮ ᠢ ᠵᠢᠷᠤᠮᠵᠢᠭᠤᠯᠤᠨ᠎ᠠ᠃ ᠲᠤᠰᠬᠠᠶᠢᠵᠢᠭᠰᠠᠨ ᠬᠤᠲᠠ ᠶᠢᠨ ᠶᠠᠪᠤᠳᠠᠯ ᠤᠨ ᠬᠠᠮᠢᠶᠠᠷᠴᠤ ᠬᠠᠮᠠᠭᠠᠯᠠᠬᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠴᠠᠯᠢᠩ ᠣᠯᠭᠤᠮᠵᠢ ᠪᠠ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠪᠰᠢᠭᠰᠡᠨ ᠵᠠᠮ ᠵᠠᠰᠠᠬᠤ ᠪᠠ ᠡᠳᠦᠷ ᠲᠤᠲᠤᠮ ᠤᠨ ᠠᠷᠢᠭᠤᠨ ᠴᠡᠪᠡᠷ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠡᠶᠢᠭᠡᠮ ᠲᠣᠭᠤᠷᠢᠭ   ᠠᠴᠠ ᠠᠳᠠᠯ ᠠᠬᠤᠢ ᠶᠢ ᠬᠠᠮᠢᠶᠠᠷᠴᠤ᠂ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢ ᠠᠳᠬᠤᠬᠤ ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠠᠳᠠᠯ ᠠᠬᠤᠢ ᠶᠢᠨ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠢ ᠪᠠᠶᠢᠬᠤ ᠶᠢ ᠠᠬᠢᠭᠤᠯᠤᠨ᠎ᠠ᠃     ᠳᠣᠯᠤᠭ᠎ᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ     ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠵᠢᠷᠭᠤᠳᠤᠭᠠᠷ᠂ ᠳᠣᠯᠣᠳᠤᠭᠠᠷ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠵᠤ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠤᠶᠠᠳᠤᠭᠠᠷ ᠰᠤᠷᠭᠠᠭᠤᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠳᠥᠷᠪᠡᠳᠦᠭᠡᠷ ᠬᠡᠦᠬᠡᠳ ᠤᠨ ᠴᠡᠴᠡᠷᠯᠢᠭ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠰᠢᠭᠯᠠᠯᠲᠠ ᠳᠤ ᠣᠷᠣᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ ᠢ ᠪᠠᠭᠠᠰᠬᠠᠬᠤ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠶᠠᠲᠷ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ︽ᠲᠡᠦᠬᠡ ᠶᠢᠨ ᠳᠤᠷᠠᠰᠬᠠᠯᠲᠤ ᠵᠦᠢᠯᠡᠰ ᠤᠨ ᠣᠷᠳᠣ ᠬᠤᠭᠤᠴᠠᠭᠠᠨ ᠤ ᠳᠦᠷᠢᠮ︾ ᠢ ᠨᠠᠶᠢᠳᠠᠪᠤᠷᠢᠵᠢᠭᠤᠯᠵᠤ᠂ ᠶᠢᠨ ᠵᠢᠶᠧ ᠭᠤᠤ ᠶᠢᠨ ᠪᠠᠭᠤᠷᠢ᠂ ᠴᠦᠨ ᠵᠧᠦ ᠶᠢᠨ ᠬᠤᠲᠠ ᠶᠢᠨ ᠪᠠᠭᠤᠷᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠬᠢᠲᠠᠳ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠡᠮᠴᠢᠯᠡᠭᠡᠨ ᠤ ᠪᠦᠯᠦᠭᠯᠡᠯ ᠤᠨ ᠠᠵᠢᠯᠯᠠᠭᠠᠨ ᠤ ᠪᠣᠷᠣ ᠲᠥᠯᠥᠪ ᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠪᠠ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠳᠦᠷᠢᠮ ᠢ ᠲᠡᠭᠦᠯᠳᠡᠷᠵᠢᠭᠦᠯᠵᠦ ᠂ ᠰᠢᠶᠠᠨ ᠤ ᠬᠡᠪᠴᠢᠶᠡᠨ ᠤ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠤᠮᠪᠠᠯᠲᠠ ᠶᠢᠨ ᠣᠷᠳᠣᠨ᠂ ᠰᠠᠭᠰᠤᠨ ᠪᠥᠮᠪᠦᠭᠡ ᠶᠢᠨ ᠣᠷᠳᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠪᠥᠬᠦ ᠣᠷᠣᠨ ᠤ ᠠᠯᠬᠤᠬᠤ ᠤᠷᠤᠯᠳᠤᠭᠠᠨ᠂ ᠲᠦᠷᠭᠡᠨ ᠲᠡᠰᠢᠯᠲᠡ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠢᠳᠡᠪᠬᠢᠲᠡᠢ ᠪᠠᠷ ᠳᠠᠭᠠᠭᠠᠨ ᠡᠷᠭᠢᠯᠡᠵᠦ᠂ ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠱᠢᠶᠡᠴᠢ ᠰᠢᠶᠠᠨ ᠢ ᠴᠢᠷᠮᠠᠶᠢᠨ ᠪᠠᠶᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠥᠳᠡᠯᠭᠡᠭᠡᠨ ᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠤᠯᠤᠰ ᠤᠨ ᠳᠡᠰ ᠤᠨ ᠡᠷᠡᠭᠦᠯ ᠮᠡᠨᠳᠦ ᠶᠢ ᠴᠢᠷᠮᠠᠶᠢᠨ ᠪᠤᠢ ᠪᠣᠯᠭᠠᠵᠤ ᠰᠢᠶᠠᠨ ᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠨ᠎ᠡ᠃     ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠎ᠡ᠃ ᠨᠠᠭᠠᠲᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠣᠷᠣᠯᠭ᠎ᠠ ᠪᠠᠭᠠᠲᠠᠢ ᠭᠡᠷ ᠪᠦᠯᠢ ᠶᠢᠨ ᠣᠷᠣᠨ ᠰᠠᠭᠤᠴᠠ ᠶᠢᠨ ᠪᠠᠲᠤᠯᠠᠭ᠎ᠠ ᠶᠢ ᠰᠠᠶᠢᠲᠤᠷ ᠬᠢᠵᠦ᠂ 77 ᠢᠵᠢ ᠨᠡᠶᠢᠲᠡ ᠶᠢᠨ ᠲᠦᠷᠢᠶᠡᠰᠦᠨ ᠭᠡᠷ ᠪᠠᠶᠢᠰᠢᠩ ᠢ ᠬᠤᠪᠢᠶᠠᠷᠢᠯᠠᠬᠤ ᠪᠠᠷ ᠲᠥᠯᠥᠪᠯᠡᠵᠦ᠂ 56 ᠲᠦᠮᠡᠨ ᠲᠥᠭᠦᠷᠢᠭ ᠤᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠨ᠎ᠠ᠃ ᠨᠠᠰᠤᠲᠠᠨ ᠢ ᠠᠰᠠᠷᠠᠬᠤ ᠲᠥᠪ ᠬᠦᠷᠢᠶᠡᠯᠡᠩ ᠢ ᠪᠠᠶᠢᠭᠤᠯᠵᠤ᠂ ᠭᠡᠷ ᠲᠡᠭᠡᠨ ᠬᠤᠴᠣᠷᠤᠭᠰᠠᠨ ᠬᠡᠦᠬᠡᠳ᠂ ᠥᠨᠥᠴᠢᠨ ᠬᠡᠦᠬᠡᠳ᠂ ᠵᠡᠮᠳᠡᠭᠴᠦᠳ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃1500 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠲᠠᠯᠪᠢᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 300  ᠠᠴᠠ ᠳᠡᠭᠡᠭᠰᠢ ᠨᠡᠭᠡᠭᠡᠨ ᠬᠥᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠲᠡᠳᠬᠦᠨ ᠳᠡᠮᠵᠢᠨ᠎ᠡ᠃ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠬᠤ ᠶᠢ ᠦᠨᠡᠨᠬᠦ ᠪᠠᠲᠤᠯᠠᠵᠤ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠬᠦ ᠶᠢ ᠪᠠᠲᠤᠯᠠᠨ᠎ᠠ᠃     ᠨᠡᠶᠢᠭᠡᠮ ᠤᠨ ᠵᠠᠰᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠠᠮᠤᠷ ᠲᠦᠪᠰᠢᠨ ᠲᠦᠴᠢᠦᠸᠠᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠪᠠ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢᠨ ︽ᠬᠤᠣᠰ ᠦᠭᠡᠢ︾ᠠᠵᠢᠯᠯᠠᠭ᠎ᠠ ᠶᠢ ᠥᠷᠨᠢᠭᠦᠯᠬᠦ ᠪᠤᠢ︖ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠸᠠᠺᠼᠢᠨ ᠤ ᠲᠠᠷᠢᠯᠭ᠎ᠠ ᠬᠢᠬᠦ ᠶᠢ ᠲᠦᠷᠭᠡᠳᠬᠡᠨ ᠠᠬᠢᠭᠤᠯᠵᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠤᠷᠤᠰᠬᠠᠨ ᠲᠣᠬᠢᠷᠠᠭᠤᠯᠬᠤ᠂ ᠡᠳ᠋ ᠪᠣᠳᠠᠰ ᠢ ᠪᠠᠲᠤᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃     ᠨᠠᠢᠮᠠ᠂ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃    ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠪᠠ᠃ ᠤᠯᠤᠰ ᠲᠥᠷᠥ ᠶᠢᠨ ᠪᠠᠶᠢᠭᠤᠯᠤᠯᠲᠠ  ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠴᠢᠬᠤᠯᠠ ᠶᠡᠭᠡ ᠠᠰᠠᠭᠤᠳᠠᠯ ᠢ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠤᠬᠠᠮᠰᠠᠷ ᠠᠴᠠ ᠪᠠᠨ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠦᠷᠪᠡᠨ ᠤᠬᠠᠮᠰᠠᠷ︾  ᠢᠶᠠᠨ ᠴᠢᠩᠭᠠᠳᠬᠠᠵᠤ᠂ ︽ᠲᠦᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠬᠦ ᠬᠡᠷᠡᠭᠲᠡᠢ᠃   ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠵᠠᠩᠭᠢᠯᠠᠭ᠎ᠠ ᠶᠢ ᠴᠥᠭᠡᠳᠬᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠣᠷᠣᠨ ᠪᠠᠶᠢᠷᠢ ᠶᠢᠨ ᠳᠠᠷᠠᠭᠠᠯᠠᠯ ᠢ ᠳᠡᠭᠡᠭᠰᠢᠯᠡᠭᠦᠯᠬᠦ︾ ᠶᠢ ᠲᠦᠷᠭᠡᠳᠬᠡᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠬᠥᠳᠡᠯᠦᠩᠭᠦᠢ ᠪᠠᠷ ᠲᠣᠬᠢᠷᠠᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢᠨ ︽ᠬᠠᠰᠤᠬᠤ ᠠᠷᠭ᠎ᠠ︾᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ︽ᠨᠡᠮᠡᠬᠦ ᠠᠷᠭ᠎ᠠ︾ ᠶᠢ ᠰᠠᠶᠢᠲᠤᠷ ᠬᠢᠨ᠎ᠡ᠃ ᠦᠢᠯᠡᠴᠢᠯᠡᠭᠡᠨ ᠤ ᠦᠵᠡᠯ ᠤᠬᠠᠮᠰᠠᠷ ᠢ ᠪᠥᠬᠦ ᠲᠠᠯ᠎ᠠ ᠪᠠᠷ ᠴᠢᠩᠭᠠᠷᠠᠭᠤᠯᠵᠤ᠂  ᠮᠦᠩᠭᠡ ᠰᠣᠪᠠᠭ · ᠳᠥᠷᠪᠡ ᠶᠢ ᠡᠷᠭᠢᠯᠡᠬᠦ ᠥᠭᠡᠷᠡᠴᠢᠯᠡᠯᠲᠡ ᠶᠢ ᠠᠬᠢᠭᠤᠯᠤᠨ᠂ ︽ᠮᠣᠩᠭᠤᠯ ᠠᠵᠤ ᠠᠬᠤᠶᠢᠯᠠᠯ ᠢ ᠨᠡᠪᠲᠡᠷᠡᠭᠦᠯᠬᠦ︾ ᠦᠢᠯᠡᠴᠢᠯᠡᠭᠡᠨ ᠤ ᠬᠡᠷᠡᠭᠯᠡᠯᠲᠡ ᠶᠢ ᠳᠡᠯᠭᠡᠷᠡᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠺᠠᠳ᠋ᠷᠴᠤᠳ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠲᠣᠭᠤᠷᠢᠨ ᠳᠤ᠂ ᠲᠣᠳᠠᠭᠳᠠᠯ ᠢ ᠪᠠᠶᠢᠴᠠᠭᠠᠨ᠂ ᠪᠠᠭᠤᠷᠠᠢ ᠲᠠᠯ᠎ᠠ ᠶᠢ ᠨᠥᠬᠦᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠲᠠᠰ ᠳᠡᠪᠰᠢᠬᠦ ᠶᠢ ᠲᠦᠷᠭᠡᠳᠬᠡᠨ᠎ᠡ᠃     ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ︽ᠨᠠᠢᠮᠠ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠪᠦᠯᠬᠦᠮ ᠤᠨ ᠲᠣᠭᠲᠠᠴᠠ ᠶᠢ ᠬᠡᠷᠡᠭᠵᠢᠭᠦᠯᠵᠦ᠂ ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ     ᠠᠵᠢᠯ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠡᠷᠡᠰ ᠰᠠᠶᠢᠲᠤᠷ ᠬᠢᠵᠦ᠂ ᠪᠠᠶᠢᠩᠭᠤ ᠲᠣᠬᠢᠷᠠᠭᠤᠯᠬᠤ᠂ ᠵᠣᠷᠢᠭᠲᠠᠢ ᠪᠠᠷ ᠡᠭᠦᠷᠭᠡᠯᠡᠬᠦ᠂ ᠬᠤᠷᠢᠭ᠎ᠠ ᠱᠤᠭᠤᠮ ᠢ ᠰᠠᠬᠢᠬᠤ ᠠᠵᠢᠯ ᠤᠨ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷᠴᠤᠳ ᠤᠨ ᠴᠤᠭ ᠰᠦᠯᠳᠡ ᠶᠢ ᠳᠡᠭᠡᠭᠰᠢᠯᠡᠭᠦᠯᠬᠦ ᠬᠡᠷᠡᠭᠲᠡᠢ᠃ ᠡᠷᠲᠡ ᠠᠴᠠ ᠠᠳᠬᠤᠬᠤ᠂ ᠨᠠᠷᠢᠨ ᠠᠳᠬᠤᠬᠤ᠂ ᠪᠣᠳᠠᠲᠠᠢ ᠪᠠᠷ ᠠᠳᠬᠤᠬᠤ ᠠᠵᠢᠯ ᠤᠨ ᠣᠪᠣᠷ ᠢ ᠪᠠᠷᠢᠮᠲᠠᠯᠠᠨ᠂ ᠭᠤᠣᠯᠳᠠᠯᠭ᠎ᠠ ᠲᠠᠢ ᠠᠵᠢᠯ ᠳᠤ ︽ᠲᠥᠷᠥᠯ ᠵᠦᠶᠯᠴᠢᠯᠡᠬᠦ᠂ ᠨᠠᠷᠢᠨ ᠲᠠᠩᠰᠠ ᠶᠢᠨ ᠳᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠨ᠂ ᠡᠳᠦᠷ ᠲᠤᠲᠤᠮ ᠤᠨ ᠬᠢᠨᠠᠨ ᠡᠵᠡᠮᠳᠡᠬᠦ ᠪᠠ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃     ᠠᠷᠢᠭᠤᠨ ᠴᠢᠬᠡᠴᠢ ᠠᠷᠪᠢᠴᠢ ᠭᠠᠮᠲᠠᠢ ᠪᠠᠶᠢᠬᠤ ᠶᠢ ᠪᠠᠲᠤᠯᠠᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠪᠠ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠯᠭᠠᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠ ᠵᠠᠩᠭᠢᠯᠠᠭ᠎ᠠ ᠶᠢᠨ ᠭᠤᠭᠴᠤᠭ᠎ᠠ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 4 ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠢᠯᠭᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢ ᠲᠣᠳᠠᠭᠳᠠᠯ ᠢ ᠨᠥᠬᠦᠪᠦᠷᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠨᠡᠩ ᠢᠯᠡᠭᠦᠦ ᠬᠡᠷᠡᠭᠯᠡᠨ᠎ᠡ᠃    ᠲᠥᠯᠥᠭᠡᠯᠡᠭᠴᠢᠳ ᠠ᠋᠂ ᠲᠡᠦᠬᠡ ᠶᠢ ᠴᠢᠷᠮᠠᠶᠢᠨ ᠡᠭᠦᠳᠴᠦ᠂ ᠦᠨᠡᠨ ᠪᠣᠳᠠᠲᠠᠢ ᠠᠵᠢᠯᠯᠠᠪᠠᠯ ᠢᠷᠡᠭᠡᠳᠦᠢ ᠪᠠᠨ ᠴᠣᠭᠴᠠᠯᠠᠨ᠎ᠠ᠃ ᠰᠢᠨ᠎ᠡ ᠬᠥᠭᠵᠢᠯᠲᠡ ᠶᠢᠨ ᠭᠠᠷᠤᠭ᠎ᠠ ᠳᠡᠭᠡᠷ᠎ᠡ ᠵᠣᠭᠰᠣᠵᠤ᠂ ᠪᠢᠳᠡ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠯᠠᠪᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠵᠠᠮ ᠨᠡᠭᠡᠭᠡᠨ ᠤᠷᠤᠭᠰᠢᠯᠠᠵᠤ᠂ ︽ᠮᠠᠯᠵᠢᠬᠤ ᠲᠠᠷᠢᠶᠠᠯᠠᠬᠤ ᠴᠦᠨ ᠵᠧᠦ᠂  ᠬᠠᠩᠭᠠᠢ ᠲᠦᠴᠢᠣᠸᠠᠨ︾ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ  ︕           ᠨᠡᠷ᠎ᠡ ᠦᠭᠡ ᠶᠢᠨ ᠲᠠᠶᠢᠯᠪᠤᠷᠢ       1. ︽2355︾ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠵᠢᠷᠤᠮᠵᠢᠭᠤᠯᠤᠨ ᠬᠠᠮᠢᠶᠠᠷᠬᠤ ᠵᠠᠭᠪᠤᠷ᠄ ᠡᠨᠡ ᠪᠣᠯ ᠮᠠᠨ ᠤ ᠰᠢᠶᠠᠨ ᠤ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠬᠠᠮᠢᠶᠠᠷᠬᠤ ᠠᠵᠢᠯ ᠤᠨ ᠳᠤᠮᠳᠠᠬᠢ ᠰᠢᠨ᠎ᠡ ᠶᠢ ᠡᠭᠦᠳᠬᠦ ᠵᠠᠭᠪᠤᠷ ᠮᠥᠨ᠂ ︽2︾ ᠭᠡᠳᠡᠭ ᠨᠢ ᠳᠠᠷᠤᠢ ᠬᠤᠣᠰ ᠴᠢᠭᠯᠡᠯ ᠢᠶᠠᠷ ᠮᠥᠷᠳᠡᠵᠦ᠂ ᠪᠡᠯᠡ ᠮᠥᠩᠭᠦ ᠶᠢᠨ ᠰᠢᠨᠵᠢ ᠴᠢᠨᠠᠷ ᠢᠶᠠᠷ ᠪᠠᠷᠢᠮᠵᠢᠶ᠎ᠠ ᠪᠣᠯᠭᠠᠵᠤ᠂ ᠬᠠᠮᠢᠶᠠᠷᠤᠯᠲᠠ ᠶᠢᠨ ᠬᠡᠪᠴᠢᠶ᠎ᠡ ᠶᠢ ᠬᠥᠨᠳᠡᠯᠡᠨ ᠢᠶᠠᠷ ᠵᠠᠭᠠᠭᠯᠠᠨ ᠲᠣᠭᠲᠠᠭᠠᠨ᠎ᠠ︔ ᠪᠡᠯᠡ ᠮᠥᠩᠭᠦᠨ ᠤ ᠬᠠᠨᠳᠤᠰᠢ ᠪᠠᠷ ᠭᠤᠣᠯ ᠱᠤᠭᠤᠮ ᠪᠣᠯᠭᠠᠵᠤ᠂ ᠭᠤᠯᠳᠤ ᠪᠠᠷ ᠪᠡᠯᠡ ᠬᠥᠷᠥᠩᠭᠡ ᠶᠢᠨ ᠪᠠᠶᠢᠷᠢᠰᠢᠯ ᠢ ᠡᠷᠢᠬᠦ ᠬᠡᠷᠡᠭᠲᠡᠢ᠃【3】 ᠭᠡᠳᠡᠭ ᠨᠢ ᠭᠤᠷᠪᠠᠨ ᠱᠠᠲᠤᠨ ᠤ ᠬᠠᠷᠢᠭᠤᠴᠠᠯᠭ᠎ᠠ ᠶᠢ ᠲᠣᠭᠲᠠᠭᠠᠬᠤ ᠶᠢ ᠬᠡᠯᠡᠵᠦ ᠪᠠᠶᠢᠨ᠎ᠠ᠂ ᠲᠤᠰ ᠲᠤᠰ ᠰᠢᠶᠠᠨ ᠤ ᠱᠠᠲᠤᠨ ᠠᠴᠠ ᠨᠢᠭᠡᠳᠦᠯᠲᠡᠢ ᠬᠠᠮᠢᠶᠠᠷᠬᠤ᠂ ᠰᠢᠶᠠᠩ ᠪᠠᠯᠭᠠᠰᠤᠨ ᠠᠴᠠ ᠬᠠᠷᠢᠶᠠᠯᠠᠨ ᠬᠠᠮᠢᠶᠠᠷᠬᠤ᠂ ᠭᠠᠴᠠᠭᠠᠨ ᠤ ᠱᠠᠲᠤᠨ ᠠᠴᠠ ᠰᠢᠭᠤᠳ ᠬᠠᠮᠢᠶᠠᠷᠬᠤ ᠶᠢ ᠬᠡᠯᠡᠵᠦ ᠪᠠᠶᠢᠨ᠎ᠠ᠃ ᠨᠢᠭᠡᠳᠦᠭᠡᠷ ︽5︾᠂ ᠲᠤᠬᠠᠶᠢᠯᠠᠪᠠᠯ ᠲᠠᠪᠤᠨ ᠡᠷᠬᠡ ᠶᠢ ᠢᠯᠡ ᠪᠠᠶᠢᠷᠢᠯᠠᠭᠤᠯᠤᠨ᠎ᠠ᠂ ᠲᠣᠰ ᠲᠣᠰ ᠥᠮᠴᠢᠯᠡᠯ ᠤᠨ ᠡᠷᠬᠡ ᠶᠢ ᠲᠣᠭᠲᠠᠭᠠᠬᠤ᠂ ᠡᠵᠡᠩᠨᠡᠯᠲᠡ ᠶᠢᠨ ᠡᠷᠬᠡ ᠶᠢ ᠵᠢᠷᠤᠮᠵᠢᠭᠤᠯᠬᠤ᠂ ᠠᠰᠢᠭ ᠣᠯᠬᠤ ᠡᠷᠬᠡ ᠶᠢ ᠪᠠᠲᠤᠯᠠᠬᠤ᠂ ᠬᠢᠨᠠᠯᠲᠠ ᠲᠠᠯᠪᠢᠬᠤ ᠡᠷᠬᠡ ᠶᠢ ᠨᠠᠶᠢᠳᠠᠪᠤᠷᠢᠵᠢᠭᠤᠯᠬᠤ᠂ ᠬᠢᠨᠠᠨ ᠵᠥᠪᠰᠢᠶᠡᠷᠡᠵᠦ ᠰᠢᠢᠳᠪᠦᠷᠢᠯᠡᠬᠦ ᠡᠷᠬᠡ ᠶᠢ ᠨᠠᠶᠢᠳᠠᠪᠤᠷᠢᠵᠢᠭᠤᠯᠤᠨ᠎ᠠ᠃ ᠬᠤᠶᠠᠳᠤᠭᠠᠷ ︽5︾ ᠭᠡᠳᠡᠭ ᠨᠢ ᠳᠠᠷᠤᠢ ᠲᠠᠪᠤᠴᠢᠯᠠᠭᠰᠠᠨ ᠡᠵᠡᠩᠨᠡᠯᠲᠡ ᠪᠣᠯᠣᠨ᠎ᠠ᠂ ᠡᠨᠡ ᠨᠢ ᠲᠣᠰ ᠲᠣᠰ ᠡᠵᠡᠩᠨᠡᠯᠲᠡ ᠬᠠᠮᠢᠶᠠᠷᠤᠯᠲᠠ ᠶᠢ ᠲᠤᠰᠬᠠᠶᠢᠵᠢᠭᠤᠯᠬᠤ᠂ ᠡᠳ᠋ ᠬᠥᠷᠥᠩᠭᠡ ᠶᠢᠨ ᠣᠷᠣᠭᠤᠯᠤᠯᠲᠠ ᠶᠢᠨ ᠬᠠᠨᠳᠤᠰᠢ ᠶᠢ ᠣᠯᠠᠨ ᠡᠰᠢᠵᠢᠭᠦᠯᠬᠦ᠂ ᠡᠵᠡᠩᠨᠡᠯᠲᠡ ᠶᠢᠨ ᠰᠢᠢᠳᠪᠦᠷᠢᠲᠦ ᠪᠣᠳᠣᠯᠭ᠎ᠠ ᠶᠢ ᠴᠤᠪᠤᠷᠠᠭᠤᠯᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠰᠢᠰᠲ᠋ᠧᠮᠵᠢᠭᠦᠯᠬᠦ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢᠨ ᠲᠥᠯᠥᠭᠡ ᠶᠤᠮ᠃     2. ᠮᠦᠩᠭᠡ ᠰᠣᠪᠠᠭ · ᠲᠦᠷᠪᠡ ᠶᠢ ᠭᠦᠢᠴᠡᠳᠭᠡᠬᠦ᠄ ︽ ᠮᠦᠩᠭᠡ ᠰᠣᠪᠠᠭ · ᠨᠢᠭᠡ ᠯᠠ ᠤᠳᠠᠭ᠎ᠠ ᠳᠤ ᠭᠦᠢᠴᠡᠳᠭᠡᠬᠦ︾᠂ ︽ ᠮᠦᠩᠭᠡ ᠰᠣᠪᠠᠭ · ᠲᠠᠨ ᠢ ᠬᠠᠪᠰᠤᠷᠤᠨ ᠭᠦᠢᠴᠡᠳᠭᠡᠬᠦ︾᠂ ︽ ᠮᠦᠩᠭᠡ ᠰᠣᠪᠠᠭ · ᠰᠦᠯᠵᠢᠶᠡᠨ ᠳᠡᠭᠡᠷ᠎ᠡ ᠭᠦᠢᠴᠡᠳᠭᠡᠬᠦ︾᠂ ︽ ᠮᠦᠩᠭᠡ ᠰᠣᠪᠠᠭ · ᠠᠯᠠᠭᠠᠨ ᠳᠡᠭᠡᠷ᠎ᠡ ᠭᠦᠢᠴᠡᠳᠭᠡᠬᠦ︾ ᠤᠨ ᠶᠡᠷᠦᠩᠬᠡᠢ ᠨᠡᠷᠡᠶᠢᠳᠦᠯ ᠪᠣᠯᠣᠨ᠎ᠠ᠃ ︽ ᠮᠦᠩᠭᠡ ᠰᠣᠪᠠᠭ · ᠨᠢᠭᠡ ᠯᠡ ᠤᠳᠠᠭ᠎ᠠ ᠳᠤ ᠭᠦᠢᠴᠡᠳᠬᠡᠬᠦ︾ ᠭᠡᠳᠡᠭ ᠨᠢ ᠣᠯᠠᠨ ᠰᠠᠯᠠᠭ᠎ᠠ ᠮᠥᠴᠢᠷ ᠤᠨ ᠭᠦᠢᠴᠡᠳᠬᠡᠭᠰᠡᠨ ︽ᠲᠠᠩ ᠭᠠᠭᠴᠠ ᠤᠴᠢᠷ ᠶᠠᠪᠤᠳᠠᠯ︾ ᠢ ᠠᠵᠤ ᠠᠬᠤᠶᠢᠯᠠᠯ ᠤᠨ ᠣᠯᠠᠨ ᠲᠦᠮᠡᠨ ᠤ ᠬᠠᠷᠠᠭᠠᠨ ᠳᠤ ᠲᠥᠪᠯᠡᠷᠡᠭᠦᠯᠦᠭᠰᠡᠨ ︽ᠨᠢᠭᠡ ᠶᠠᠪᠤᠳᠠᠯ︾ ᠢ ᠵᠢᠭᠠᠵᠤ ᠪᠣᠶ᠂ ︽ᠨᠢᠭᠡ ᠤᠳᠠᠭ᠎ᠠ ᠳᠤ ᠮᠡᠳᠡᠭᠳᠡᠬᠦ᠂ ᠨᠢᠭᠡ ᠢᠵᠢ ᠬᠦᠰᠦᠨᠦᠭᠲᠦ ᠬᠠᠭᠤᠳᠠᠰᠤ ᠪᠢᠴᠢᠬᠦ᠂ ᠨᠢᠭᠡ ᠤᠳᠠᠭ᠎ᠠ ᠳᠤ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠬᠠᠮᠲᠤᠷᠠᠨ ᠭᠦᠢᠴᠡᠳᠬᠡᠬᠦ᠂ ᠨᠢᠭᠡ ᠤᠳᠠᠭ᠎ᠠ ᠳᠤ ᠬᠢᠵᠦ ᠳᠠᠭᠤᠰᠬᠠᠬᠤ᠂ ᠨᠢᠭᠡ ᠴᠣᠩᠬᠤ ᠪᠠᠷ ᠦᠨᠡᠮᠯᠡᠯ ᠣᠯᠭᠤᠬᠤ︾ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠶᠢ ᠬᠡᠷᠡᠭᠵᠢᠭᠦᠯᠬᠦ ᠪᠠᠷ ᠳᠠᠮᠵᠢᠭᠤᠯᠤᠨ᠂ ︽ᠣᠯᠠᠨ ᠲᠠᠯ᠎ᠠ ᠠᠴᠠ ᠬᠠᠮᠢᠶᠠᠷᠬᠤ︾ ᠶᠢ ︽ᠲᠥᠪᠯᠡᠷᠡᠭᠦᠯᠦᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ︽ᠣᠯᠠᠨ ᠤᠳᠠᠭ᠎ᠠ ᠭᠦᠶᠦᠬᠦ︾ ᠶᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠪᠣᠯᠭᠠᠨ ᠬᠤᠪᠢᠷᠠᠭᠤᠯᠬᠤ ᠶᠢ ᠵᠢᠭᠠᠵᠤ ᠪᠣᠶ᠃ ︽ ᠮᠦᠩᠭᠡ ᠰᠣᠪᠠᠭ · ᠲᠠᠨ ᠢ ᠬᠠᠪᠰᠤᠷᠤᠨ ᠭᠦᠢᠴᠡᠳᠬᠡᠬᠦ︾ ᠭᠡᠳᠡᠭ ᠨᠢ ᠣᠷᠣᠯᠠᠨ ᠭᠦᠢᠴᠡᠳᠭᠡᠭᠴᠢ ᠠᠴᠠ ᠭᠤᠣᠯᠳᠠᠯᠭ᠎ᠠ ᠲᠠᠢ ᠲᠥᠷᠥᠯ ᠵᠦᠢᠯ ᠤᠨ ᠭᠤᠶᠤᠴᠢᠯᠠᠭᠴᠢ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ ᠵᠣᠬᠢᠴᠠᠭᠤᠯᠤᠨ ᠠᠬᠢᠭᠤᠯᠬᠤ᠂ ᠬᠠᠮᠵᠢᠯᠴᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠵᠡᠷᠭᠡ ᠲᠥᠯᠥᠪᠦᠷᠢ ᠦᠭᠡᠢ ᠦᠢᠯᠡᠴᠢᠯᠡᠭᠡ ᠬᠠᠩᠭᠠᠵᠤ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠂ ︽ᠠᠵᠤ ᠠᠬᠤᠶᠢᠯᠠᠯ ᠤᠨ ᠭᠦᠶᠦᠯᠲᠡ︾ ᠶᠢ ︽ᠵᠠᠰᠠᠭ ᠤᠨ ᠣᠷᠳᠣᠨ ᠤ ᠭᠦᠶᠦᠯᠲᠡ︾ ᠪᠣᠯᠭᠠᠨ ᠬᠤᠪᠢᠷᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠲᠥᠷᠥᠯ ᠵᠦᠢᠯ ᠢ ᠡᠷᠲᠡ ᠲᠥᠷᠥᠯ ᠵᠦᠢᠯ ᠲᠣᠭᠲᠠᠭᠠᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠬᠤ ᠶᠢ ᠵᠢᠭᠠᠵᠤ ᠪᠣᠶ᠃ ︽ᠮᠦᠩᠭᠡ ᠰᠣᠪᠠᠭ · ᠰᠦᠯᠵᠢᠶᠡᠨ ᠳᠡᠭᠡᠷ᠎ᠡ ᠭᠦᠢᠴᠡᠳᠭᠡᠬᠦ︾ ᠪᠣᠯ ᠪᠥᠬᠦ ᠣᠷᠣᠨ ᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠨᠢᠭᠡ ᠴᠣᠭᠴᠠᠵᠢᠭᠤᠯᠤᠭᠰᠠᠨ ᠲᠠᠪᠴᠠᠩ ᠤᠨ ᠲᠠᠰ ᠳᠡᠪᠰᠢᠭᠰᠡᠨ ᠬᠡᠪᠯᠡᠯ ᠢ ᠪᠣᠶ ᠪᠣᠯᠭᠠᠬᠤ ᠪᠠᠷ ᠭᠤᠣᠯᠳᠠᠯᠭ᠎ᠠ ᠪᠣᠯᠭᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠳᠠᠬᠢᠨ ᠦᠶᠯᠡᠳᠬᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠠᠬᠢᠭᠤᠯᠵᠤ᠂ ᠨᠢᠭᠡ ᠰᠦᠯᠵᠢᠶ᠎ᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ᠂ ᠶᠡᠷᠦᠩᠬᠡᠶᠢᠯᠡᠨ ᠬᠠᠮᠢᠶᠠᠷᠬᠤ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠣᠶ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ᠂ ᠰᠦᠯᠵᠢᠶᠡᠨ ᠳᠡᠭᠡᠷ᠎ᠡ ᠭᠦᠢᠴᠡᠳᠬᠡᠬᠦ ᠳᠤ ᠬᠢᠯᠪᠠᠷ᠂ ᠰᠦᠯᠵᠢᠶᠡᠨ ᠳᠡᠭᠡᠷ᠎ᠡ ᠭᠦᠢᠴᠡᠳᠬᠡᠬᠦ ᠳᠤ ᠬᠢᠯᠪᠠᠷ ᠪᠠᠶᠢᠬᠤ ᠶᠢ ᠪᠡᠶᠡᠯᠡᠭᠦᠯᠦᠨ᠎ᠡ᠃ ︽ ᠮᠦᠩᠭᠡ ᠰᠣᠪᠠᠭ · ᠠᠯᠠᠭᠠᠨ ᠳᠡᠭᠡᠷ᠎ᠡ ᠭᠦᠢᠴᠡᠳᠭᠡᠬᠦ︾ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠨᠡᠭᠦᠳᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠣᠯᠣᠨ᠎ᠠ᠂ ᠡᠭᠦᠨ ᠳᠤ ᠨᠡᠭᠦᠳᠡᠯ ᠦᠵᠦᠭᠦᠷ ᠤᠨ ᠬᠡᠷᠡᠭᠯᠡᠯᠲᠡ ᠵᠢᠴᠢ ᠵᠢᠵᠢᠭ ᠲᠠᠰ ᠳᠠᠷᠠᠭᠠᠯᠠᠯ ᠢ ᠪᠠᠭᠲᠠᠭᠠᠨ᠎ᠠ᠃ ︽ ᠮᠦᠩᠭᠡ ᠰᠣᠪᠠᠭ︾ ᠤᠨ APP ᠨᠢ ᠪᠠᠰᠠ ᠣᠯᠠᠨ ᠵᠦᠢᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠭᠡᠷ ᠠᠴᠠ ᠪᠠᠨ ᠭᠠᠷᠬᠤ ᠦᠭᠡᠢ ᠪᠠᠷ ᠠᠮᠢᠳᠤᠷᠠᠯ ᠤᠨ ᠲᠥᠬᠦᠮ ᠨᠥᠬᠦᠴᠡᠯ ᠢ ᠡᠳ᠋ᠯᠡᠭᠦᠯᠦᠭᠰᠡᠨ ᠪᠠᠶᠢᠨ᠎ᠠ᠃ ᠠᠵᠤ ᠠᠬᠤᠶᠢᠯᠠᠯ ᠤᠨ ᠣᠯᠠᠨ ᠲᠦᠮᠡᠨ ︽ ᠮᠦᠩᠭᠡ ᠰᠣᠪᠠᠭ︾ ᠤᠨ APP ᠪᠠᠭᠤᠯᠭᠠᠬᠤ ᠪᠤᠶᠤ ᠸᠢᠴᠠᠲ᠂ ᠲᠣᠭᠠᠴᠠᠭ᠎ᠠ ᠡᠷᠳᠡᠨᠢ ᠶᠢᠨ ᠵᠢᠵᠢᠭ ᠫᠷᠣᠭ᠍ᠷᠠᠮ ᠢᠶᠠᠷ ᠳᠠᠮᠵᠢᠭᠤᠯᠤᠨ᠂ ᠠᠳᠠᠯᠢ ᠪᠤᠰᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠶᠣᠰᠣᠭᠠᠷ 24 ᠴᠠᠭ ᠤᠨ ︽ᠠᠯᠠᠭᠠᠨ ᠳᠡᠭᠡᠷ᠎ᠡ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ᠂ ᠴᠣᠩᠬᠤᠨ ᠳᠤ ᠬᠦᠷᠴᠦ ᠠᠵᠢᠯ ᠶᠠᠪᠤᠳᠠᠯ ᠭᠦᠢᠴᠡᠳᠬᠡᠬᠦ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠨ᠎ᠡ᠃     3. ︽ᠬᠤᠶᠠᠷ ᠬᠠᠯᠬᠠᠪᠴᠢ︾ ᠶᠢ ᠪᠠᠲᠤ ᠪᠠᠬᠢ ᠪᠠᠶᠢᠭᠤᠯᠵᠤ᠂ ︽ᠬᠤᠶᠠᠷ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ︽ᠨᠢᠭᠡ ᠪᠠᠬᠢᠯᠡᠯᠲᠡ︾ ᠶᠢ ᠪᠠᠶᠢᠭᠤᠯᠤᠨ᠎ᠠ᠄ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ  ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ᠎ᠠ᠂ ᠲᠤᠬᠠᠶᠢᠯᠠᠪᠠᠯ᠄ ᠮᠠᠨ  ᠤ ᠤᠯᠤᠰ  ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ ᠪᠣᠯᠣᠨ ᠡᠬᠡ ᠤᠯᠤᠰ  ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ  ᠤ ᠬᠠᠯᠬᠠᠪᠴᠢ ᠶᠢ ᠪᠠᠬᠢᠵᠢᠭᠦᠯᠵᠦ᠂ ᠤᠯᠤᠰ  ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ  ᠤᠨ ᠰᠠᠭᠤᠷᠢᠨ᠂ ᠲᠠᠷᠢᠶᠠᠯᠠᠩ  ᠤᠨ ᠪᠦᠲᠦᠭᠡᠭᠳᠡᠬᠦᠨ ᠮᠠᠯ  ᠤᠨ ᠠᠰᠢᠭ ᠰᠢᠮ᠎ᠡ ᠶᠢᠨ ᠦᠢᠯᠡᠳᠪᠦᠷᠢᠯᠡᠯ  ᠤᠨ ᠰᠠᠭᠤᠷᠢᠨ  ᠢ ᠪᠠᠶᠢᠭᠤᠯᠵᠤ᠂ ᠮᠠᠨ  ᠤ ᠤᠯᠤᠰ  ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ  ᠶᠢ ᠴᠣᠭᠴᠠᠯᠠᠨ᠎ᠠ᠃     4. ︽ᠮᠠᠯᠵᠢᠬᠤ ᠲᠠᠷᠢᠶᠠᠯᠠᠬᠤ ᠴᠦᠨ ᠵᠧᠦ᠂ ᠬᠠᠩᠭᠠᠢ  ᠲᠦᠴᠢᠣᠸᠠᠨ︾᠄ ᠡᠨᠡ ᠪᠣᠯ ᠮᠠᠨ ᠤ ᠰᠢᠶᠠᠨ ᠤ ︽ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠲᠤᠤᠱᠯᠠᠭᠤᠯᠵᠤ᠂ ᠠᠵᠤ ᠦᠢᠯᠡᠰ ᠤᠨ ᠬᠥᠭᠵᠢᠯᠲᠡ᠂ ᠰᠣᠶᠣᠯ ᠤᠨ ᠴᠢᠰᠤᠨ ᠰᠤᠳᠠᠰᠤ ᠶᠢ ᠤᠯᠠᠮᠵᠢᠯᠠᠨ ᠵᠠᠯᠭᠠᠮᠵᠢᠯᠠᠬᠤ ᠪᠠ ᠪᠠᠶᠢᠭᠠᠯᠢ ᠶᠢᠨ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠣᠷᠭᠠᠨᠢᠭ ᠢᠶᠠᠷ ᠨᠢᠭᠡᠳᠬᠡᠭᠰᠡᠨ ᠰᠢᠶᠠᠨ ᠤ ᠬᠡᠪᠴᠢᠶᠡᠨ ᠤ ᠬᠥᠭᠵᠢᠯᠲᠡ ᠶᠢᠨ ᠨᠡᠷ᠎ᠡ ᠶᠢᠨ ᠬᠠᠭᠤᠳᠠᠰᠤ ᠪᠣᠯᠣᠨ᠎ᠠ᠃ ︽ ᠮᠠᠯᠵᠢᠬᠤ ᠲᠠᠷᠢᠶᠠᠯᠠᠬᠤ︾ ᠪᠣᠯ ᠮᠠᠨ ᠤ ᠰᠢᠶᠠᠨ ᠤ ᠠᠶᠢᠮᠠᠭ ᠤᠨ ᠨᠠᠮ ᠤᠨ ᠬᠤᠷᠢᠶ᠎ᠠ ᠶᠢᠨ ︽ᠬᠤᠶᠠᠷ ᠲᠠᠷᠢᠶᠠᠯᠠᠬᠤ ᠬᠤᠶᠠᠷ ᠮᠠᠯᠵᠢᠬᠤ︾ ᠤᠨ ᠬᠥᠭᠵᠢᠯᠲᠡ ᠶᠢᠨ ᠰᠡᠳᠬᠢᠮᠵᠢ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠭᠰᠠᠨ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠮᠥᠨ︔ ︽ᠴᠦᠨ ᠵᠧᠦ︾ ᠪᠣᠯ ᠮᠠᠨ ᠤ ᠰᠢᠶᠠᠨ ᠤ ᠬᠠᠭᠤᠴᠢᠨ ᠨᠡᠷᠡᠶᠢᠳᠦᠯ᠂ ᠯᠢᠶᠣᠤ ᠤᠯᠤᠰ᠂ ᠠᠯᠲᠠᠨ ᠤᠯᠤᠰ᠂ ᠮᠣᠩᠭᠤᠯ ᠶᠤᠸᠠᠨ ᠤ ᠰᠣᠶᠣᠯ ᠤᠨ ᠡᠬᠢ ᠰᠤᠷᠪᠤᠯᠵᠢ ᠮᠥᠨ︔ ︽ᠬᠠᠩᠭᠠᠢ︾ ᠭᠡᠳᠡᠭ ᠦᠭᠡ ᠪᠣᠯ ᠬᠥᠬᠡ ᠲᠡᠭᠷᠢ᠂ ᠴᠠᠭᠠᠨ ᠡᠭᠦᠯᠡ᠂ ᠲᠠᠯ᠎ᠠ ᠨᠤᠲᠤᠭ᠂ ᠭᠤᠣᠯ ᠮᠥᠷᠡᠨ᠂ ᠠᠭᠤᠯᠠ ᠪᠠ ᠤᠢ ᠰᠢᠭᠤᠢ ᠲᠠᠢ ᠭᠠᠵᠠᠷ ᠭᠡᠰᠡᠨ ᠤᠳᠬ᠎ᠠ ᠲᠠᠢ᠃      5. ︽ᠬᠤᠷᠢᠨ ᠦᠰᠦᠭ ᠤᠨ ᠴᠢᠭᠯᠡᠯᠲᠡ︾᠄ ᠡᠨᠡ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠪᠣᠯᠣᠨ᠎ᠠ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ︾ ᠪᠠᠶᠢᠬᠤ ᠶᠢ ᠵᠢᠭᠠᠵᠤ ᠪᠤᠢ᠃      6. ︽ᠬᠤᠳᠠ ᠶᠢᠨ ᠬᠤᠣᠰ ᠵᠠᠰᠠᠯᠲᠠ︾᠄ ᠠᠮᠢ ᠠᠬᠤᠢ ᠶᠢ ᠰᠡᠷᠭᠦᠭᠡᠬᠦ᠂ ᠬᠤᠳᠠ ᠶᠢ ᠰᠡᠯᠪᠢᠨ ᠵᠠᠰᠠᠬᠤ ᠶᠢ ᠵᠢᠭᠠᠵᠤ ᠪᠠᠶᠢᠨ᠎ᠠ᠂ ᠡᠨᠡ ᠪᠣᠯ ︽ᠬᠤᠳᠠ ᠶᠢᠨ ᠡᠪᠡᠳᠴᠢᠨ︾ ᠢ ᠵᠠᠰᠠᠬᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠬᠤ᠂ ᠬᠤᠳᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠪᠦᠲᠦᠮᠵᠢᠲᠡᠶ ᠠᠷᠭ᠎ᠠ ᠪᠠᠷᠢᠯ ᠪᠣᠯᠣᠨ᠎ᠠ᠃      7. ︽ᠬᠤᠶᠠᠷ ᠢ ᠬᠥᠩᠭᠡᠯᠡᠬᠦ︾᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠬᠡᠳᠦ ᠬᠦᠨᠳᠦ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠬᠦ ᠶᠢ ᠵᠢᠭᠠᠵᠤ ᠪᠠᠶᠢᠨ᠎ᠠ᠃ 2021 ᠣᠨ ᠤ 7 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠶᠢᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠬᠤᠶᠠᠷ ᠢ ᠬᠥᠩᠭᠡᠷᠡᠭᠦᠯᠬᠦ︾ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃      8. ︽ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ︾ ᠭᠡᠳᠡᠭ ᠨᠢ ᠡᠨᠧᠷᠭᠢ ᠶᠢᠨ ᠬᠤᠷᠣᠭᠳᠠᠭᠤᠯᠤᠯ ᠶᠡᠬᠡᠲᠡᠢ᠃ 2021 ᠣᠨ ᠤ 6 ᠰᠠᠷ᠎ᠠ ᠳᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠮᠤᠨ ︽ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠵᠦ᠂ ︽ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ ᠪᠣᠬᠢᠷᠳᠤᠯ ᠶᠡᠬᠡᠲᠡᠢ︾ ᠲᠥᠷᠥᠯ ᠵᠦᠢᠯ ᠤᠨ ᠲᠥᠷᠥᠯ ᠢᠯᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠲᠣᠳᠣᠷᠬᠠᠢ ᠲᠣᠭᠲᠠᠭᠠᠪᠠ᠃      9. ︽ᠲᠠᠪᠤᠨ ᠪᠦᠷᠢᠨ ᠵᠢᠭᠤᠯᠴᠢᠯᠠᠯ︾᠄ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠪᠥᠬᠦ ᠠᠶᠢᠮᠠᠭ ᠤᠨ ᠵᠢᠭᠤᠯᠴᠢᠯᠠᠯ ᠤᠨ ᠠᠵᠢᠯ ᠤᠨ ᠬᠥᠭᠵᠢᠯᠲᠡ ᠶᠢᠨ ᠣᠨᠣᠯᠵᠢᠬᠤᠨ᠂ ᠲᠤᠬᠠᠶᠢᠯᠠᠪᠠᠯ ︽ᠪᠥᠬᠦ ᠣᠷᠣᠨ ᠪᠦᠰᠡ᠂ ᠪᠥᠬᠦ ᠤᠯᠠᠷᠢᠯ ᠤᠨ᠂ ᠪᠥᠬᠦ ᠠᠷᠠᠳ᠂ ᠪᠥᠬᠦ ᠡᠵᠡᠩᠨᠡᠯᠲᠡ ᠶᠢᠨ ᠬᠡᠯᠪᠡᠷᠢ ᠪᠠᠶᠢᠳᠠᠯ᠂ ᠪᠥᠬᠦ ᠬᠦᠴᠦᠨ ᠵᠦᠢᠯ ︾ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠣᠨᠣᠯᠵᠢᠬᠤᠨ ᠪᠣᠯᠣᠨ᠎ᠠ᠃     10 . ︽ᠳᠥᠷᠪᠡᠨ ᠰᠢᠶᠠᠩ ᠤᠨ ᠢᠨᠵᠧᠨᠧᠷᠢᠩ︾᠄ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠵᠢᠭᠦᠯᠬᠦ ᠪᠠᠷ ᠲᠣᠭᠲᠠᠭᠰᠠᠨ ᠴᠢᠳᠠᠪᠤᠷᠢᠲᠠᠨ ᠨᠤᠲᠤᠭ ᠲᠠᠭᠠᠨ ᠪᠤᠴᠠᠬᠤ᠂ ᠬᠤᠲᠠ ᠶᠢᠨ ᠠᠷᠠᠳ ᠢ ᠬᠥᠳᠡᠭᠡ ᠪᠠᠭᠤᠯᠭᠠᠬᠤ᠂ ᠺᠠᠳ᠋ᠷᠴᠤᠳ ᠢ ᠰᠢᠶᠠᠩ ᠳᠤ ᠬᠦᠷᠭᠡᠬᠦ᠂ ᠠᠵᠤ ᠠᠬᠤᠶᠢᠯᠠᠯ ᠢᠶᠠᠷ ᠰᠢᠶᠠᠩ ᠢ ᠬᠥᠭᠵᠢᠭᠦᠯᠬᠦ ︽ᠳᠥᠷᠪᠡᠨ ᠰᠢᠶᠠᠩ ᠤᠨ ᠢᠨᠵᠧᠨᠧᠷᠢᠩ︾ ᠪᠣᠯᠣᠨ᠎ᠠ᠃     11. ︽ᠬᠤᠣᠰ ᠲᠡᠭ︾ ᠤᠨ ᠠᠵᠢᠯᠯᠠᠭ᠎ᠠ᠄ ᠡᠨᠡ ᠪᠣᠯ ᠮᠠᠨ ᠤ ᠰᠢᠶᠠᠨ ᠤ ᠥᠷᠨᠢᠭᠦᠯᠦᠭᠰᠡᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠠᠵᠢᠯ ᠪᠣᠯᠣᠨ᠎ᠠ᠂ ᠲᠤᠬᠠᠶᠢᠯᠠᠪᠠᠯ᠄ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠰᠢᠳᠬᠡᠯ ᠤᠨ ︽ᠲᠡᠭ ᠢ ᠡᠪᠳᠡᠬᠦ︾᠂ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠤᠨ ᠲᠠᠯᠳᠠ ᠭᠡᠮ ᠢ ︽ᠲᠡᠭ ᠢ ᠠᠷᠢᠯᠭᠠᠬᠤ︾ ᠶᠠᠪᠤᠳᠠᠯ ᠪᠣᠯᠣᠨ᠎ᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号