ᠲᠦᠴᠢᠦᠸᠠᠨ ᠰᠢᠶᠠᠨ᠄ ᠰᠢᠶᠠᠨ ᠤ ᠬᠡᠪᠴᠢᠶᠡᠨ ᠤ ᠵᠢᠭᠤᠯᠴᠢᠯᠠᠯ ᠤᠨ ᠴᠢᠨᠠᠷ ᠲᠠᠰ ᠪᠠ ᠵᠡᠷᠭᠡ ᠳᠡᠰ ᠢ ᠦᠷᠭᠦᠯᠵᠢᠯᠡᠨ ᠳᠡᠭᠡᠭᠰᠢᠯᠡᠭᠦᠯᠵᠦ ︽ᠬᠦᠢᠲᠡᠨ ᠡᠬᠢ ᠪᠠᠶᠠᠯᠢᠭ︾ ᠤᠨ ︽ᠢᠯᠴᠢ ᠶᠢᠨ ᠦᠢᠯᠡᠳᠦᠯ︾ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2022/1/24
   ᠡᠪᠦᠯ ᠣᠷᠣᠭᠰᠠᠨ ᠠᠴᠠ ᠨᠠᠰᠢ᠂  ᠬᠡᠳᠦ ᠤᠳᠠᠭ᠎ᠠ ᠶᠢᠨ ᠴᠠᠰᠤ ᠨᠢ ᠳᠤᠯᠠᠭᠠᠨ ᠤ ᠬᠡᠮᠵᠢᠶ᠎ᠡ ᠶᠢ ︽ᠬᠦᠢᠲᠡᠷᠡᠭᠦᠯᠦᠭᠰᠡᠨ︾ ᠪᠣᠯᠪᠠᠴᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠢ ᠬᠠᠷᠢᠨ ︽ᠬᠠᠯᠠᠭᠤᠨ︾ ᠪᠣᠯᠭᠠᠭᠰᠠᠨ ᠪᠠᠶᠢᠨ᠎ᠠ᠃ ᠣᠶᠢᠷ᠎ᠠ ᠶᠢᠨ ᠵᠢᠯ ᠳᠤ᠂ ᠲᠦᠴᠢᠦᠸᠠᠨ ᠰᠢᠶᠠᠨ ᠤ  ᠬᠢᠨ ᠪᠦᠬᠦ ᠠᠶᠢᠮᠠᠭ ᠤᠨ ᠵᠤᠭᠠᠴᠠᠯ ᠤᠨ ᠦᠢᠯᠡᠰ ᠤᠨ︽ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠠᠷᠠᠳ᠂ ᠪᠦᠬᠦ ᠡᠵᠡᠩᠨᠡᠯᠲᠡ ᠶᠢᠨ ᠬᠡᠯᠪᠡᠷᠢ᠂ ᠪᠦᠬᠦ ᠡᠯᠧᠮᠧᠨ᠋ᠲ︾ ᠤᠨ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠬᠡᠪᠴᠢᠶᠡᠨ ᠤ ᠵᠤᠭᠠᠴᠠᠯ ᠤᠨ ᠴᠢᠨᠠᠷ ᠳᠡᠰ ᠪᠠ ᠳᠡᠰ ᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠨᠢᠭᠡ ᠡᠭᠡᠯᠵᠢ ᠶᠢᠨ ᠪᠦᠬᠦ ᠬᠡᠪᠴᠢᠶᠡᠨ ᠤ ᠵᠤᠭᠠᠴᠠᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠬᠤ᠂ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠲᠣᠭᠤᠷᠢᠭ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠥᠬᠡᠮᠳᠦᠭ ᠠᠭᠤᠯᠠ ᠬᠥᠬᠡᠮᠳᠦᠭ ᠤᠰᠤ᠂ ᠮᠥᠰᠥ ᠴᠠᠰᠤᠨ ᠳᠤ ᠬᠤᠴᠢᠭᠳᠠᠭᠰᠠᠨ ᠭᠠᠵᠠᠷ ᠢ ᠦᠨᠡᠨᠬᠦ ᠠᠷᠠᠳ ᠢ ᠪᠠᠶᠠᠵᠢᠭᠤᠯᠤᠨ ᠰᠢᠶᠠᠨ ᠢ ᠬᠦᠴᠦᠷᠬᠡᠭᠵᠢᠭᠦᠯᠬᠦ᠂ ᠠᠷᠠᠳ ᠤᠯᠠᠨ ᠳᠤ ᠪᠤᠶᠠᠨ ᠦᠢᠯᠡᠳᠬᠦ ᠠᠯᠳᠠ ᠮᠥᠩᠭᠦᠨ ᠠᠭᠤᠯᠠ ᠪᠣᠯᠭᠠᠨ ᠬᠤᠪᠢᠷᠠᠭᠤᠯᠤᠨ᠎ᠠ᠃        ᠮᠥᠰᠥ ᠴᠠᠰᠤᠨ ᠳᠤ ᠬᠠᠨᠲᠠᠯ᠎ᠠ ᠨᠠᠭᠠᠳᠴᠤ ᠳᠣᠭᠳᠣᠯᠤᠮ᠎ᠠ ᠰᠡᠳᠬᠢᠯᠭᠡ ᠶᠢ ᠡᠳ᠋ᠯᠡᠨ᠎ᠡ    ︽ᠮᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠣᠳᠣ ᠨᠢᠭᠡᠨᠲᠡ ᠭᠠᠳᠠᠭᠰᠢ ᠲᠤᠷᠰᠢᠨ ᠠᠵᠢᠯᠯᠠᠵᠤ ᠡᠬᠢᠯᠡᠵᠡᠢ᠂ ᠡᠨᠡ ᠬᠡᠳᠦᠨ ᠡᠳᠦᠷ ᠪᠢ ᠡᠳᠦᠷ ᠡᠳᠦᠷ ᠴᠠᠰᠤᠨ ᠳᠤ ᠭᠤᠯᠭᠤᠬᠤ ᠪᠠᠷ ᠢᠷᠡᠵᠦ᠂ ᠰᠢᠨᠤᠯ ᠢᠶᠠᠨ ᠬᠠᠨᠲᠠᠯ᠎ᠠ ᠥᠩᠭᠡᠷᠡᠭᠦᠯᠦᠯ᠎ᠡ︾ ᠭᠡᠵᠦ ᠬᠡᠯᠡᠪᠡ᠃ ᠲᠦᠴᠢᠦᠸᠠᠨ ᠰᠢᠶᠠᠨ ᠤ ᠴᠠᠰᠤ ᠴᠡᠨᠡᠯᠡᠯᠲᠡ ᠳᠤ ᠪᠠᠭ᠋ᠠᠲᠠᠢ ᠯᠢ ᠽᠦ ᠢ ᠶᠢᠨ ᠪᠠᠶᠠᠷᠲᠤ ᠰᠡᠳᠬᠢᠯᠭᠡ ᠦᠭᠡ ᠶᠠᠷᠢᠶ᠎ᠠ ᠪᠠᠷ ᠪᠢᠯᠬᠠᠨ᠎ᠠ᠃  
      ᠵᠤᠭᠠᠴᠠᠭᠰᠠᠳ ᠲᠦᠴᠢᠦᠸᠠᠨ ᠰᠢᠶᠠᠨ ᠤ ᠬᠠᠯᠠᠭᠤᠨ ᠷᠠᠰᠢᠶᠠᠨ ᠳᠤ ᠴᠠᠰᠤᠨ ᠳᠤ ᠭᠤᠯᠭᠤᠵᠤ ᠮᠥᠰᠥ ᠴᠠᠰᠤᠨ ᠤ ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ ᠶᠢ ᠣᠶᠢᠯᠠᠭᠠᠪᠠ᠃︵ᠭᠡᠷᠡᠯ ᠵᠢᠷᠤᠭ᠄ ᠯᠢ ᠶᠠᠩ ᠶᠠᠩ︶       ᠮᠥᠰᠥ ᠴᠠᠰᠤᠨ ᠤ ᠪᠠᠶᠠᠷ ᠪᠠᠭ᠋ᠠᠳᠤᠯ ᠪᠣᠯ ᠡᠪᠦᠯ ᠤᠨ ᠤᠯᠠᠷᠢᠯ ᠤᠨ ᠵᠤᠭᠠᠴᠠᠯ ᠤᠨ ᠬᠠᠮᠤᠭ ᠤᠨ ᠴᠢᠬᠤᠯᠠ ᠨᠢᠭᠡ ᠭᠤᠭᠴᠤᠭ᠎ᠠ ᠪᠣᠯᠣᠨ᠎ᠠ᠃ ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠢᠮᠠᠭᠲᠠ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠮᠥᠰᠥ ᠴᠠᠰᠤᠨ ᠤ ᠵᠤᠭᠠᠴᠠᠯ ᠤᠨ ᠠᠵᠤ ᠦᠢᠯᠡᠰ ᠤᠨ ᠭᠤᠣᠯᠳᠠᠯᠭ᠎ᠠ ᠶᠢ ᠴᠢᠩᠭ᠎ᠠ ᠠᠳᠬᠤᠵᠤ᠂ ᠮᠥᠰᠥ ᠴᠠᠰᠤᠨ ᠤ ᠪᠡᠶᠡᠴᠢᠯᠡᠨ ᠣᠶᠢᠯᠠᠭᠠᠬᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠤᠷᠲᠤᠳᠬᠠᠪᠠ᠃ ᠲᠦᠴᠢᠦᠸᠠᠨ ᠰᠢᠶᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠶ ᠶᠢ 2014 ᠣᠨ ᠳᠤ ᠡᠬᠢᠯᠡᠨ ᠪᠠᠶᠢᠭᠤᠯᠵᠤ᠂ ᠶᠡᠷᠦᠩᠬᠡᠢ ᠲᠠᠯᠠᠪᠠᠶ ᠨᠢ 66.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠦᠢᠯᠡᠴᠢᠯᠡᠭᠡᠨ ᠤ ᠲᠥᠪ ᠪᠠ ᠴᠠᠰᠤᠨ ᠤ ᠬᠡᠷᠡᠭᠰᠡᠯ ᠤᠨ ᠶᠡᠭᠡ ᠲᠢᠩᠬᠢᠮ ᠢ ᠨᠢᠭᠡ ᠪᠠᠶᠢᠭᠤᠯᠵᠤ᠂ ᠠᠩᠬ᠎ᠠ ᠵᠡᠷᠭᠡ ᠶᠢᠨ᠂ ᠳᠤᠮᠳᠠ ᠵᠡᠷᠭᠡ ᠶᠢᠨ᠂ ᠳᠡᠭᠡᠳᠦ ᠵᠡᠷᠭᠡ ᠶᠢᠨ ᠴᠠᠰᠤᠨ ᠤ ᠵᠠᠮ ᠢ ᠲᠣᠰ ᠲᠣᠰ 1 ᠪᠠᠶᠢᠭᠤᠯᠵᠤ᠂ ᠴᠠᠰᠤᠲᠤ ᠭᠠᠵᠠᠷ ᠤᠨ ᠮᠣᠲ᠋ᠣᠷ ᠵᠠᠮ ᠵᠢᠴᠢ ᠴᠢᠷᠭᠡᠦᠯ᠂ ᠲᠠᠲᠠᠭᠤᠷ ᠲᠡᠷᠭᠡ᠂ ᠮᠣᠲ᠋ᠣᠷᠲᠤ ᠬᠡᠪᠢᠰ ᠵᠡᠷᠭᠡ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠷᠢᠳᠦᠭᠦᠯᠦᠭᠰᠡᠨ ᠪᠠᠶᠢᠨ᠎ᠠ᠃ ᠵᠤᠭᠠᠴᠠᠭᠰᠠᠳ ᠲᠦᠴᠢᠦᠸᠠᠨ ᠰᠢᠶᠠᠨ ᠤ ᠬᠠᠯᠠᠭᠤᠨ ᠷᠠᠰᠢᠶᠠᠨ ᠤ ᠴᠠᠰᠤᠨ ᠳᠤ ᠭᠤᠯᠭᠤᠬᠤ ᠲᠠᠯᠠᠪᠠᠢ ᠳᠤ ᠭᠠᠭᠴᠠ ᠬᠤᠣᠰ ᠴᠠᠨ᠎ᠠ ᠪᠠᠷ ᠴᠠᠨᠠᠬᠤ᠂ ᠮᠥᠰᠥᠨ ᠳᠤ ᠲᠡᠰᠢᠬᠦ᠂ ᠴᠠᠰᠤᠨ ᠳᠡᠭᠡᠷᠡᠬᠢ ᠺᠠᠷᠲ᠋ᠢᠩ ᠲᠡᠷᠭᠡ᠂ ᠨᠢᠰᠦᠭᠡ ᠲᠠᠪᠠᠭ᠂ ᠮᠥᠰᠥᠨ ᠳᠡᠭᠡᠷᠡᠬᠢ ᠯᠤᠤᠲᠤ ᠣᠩᠭᠤᠴᠠ᠂ ᠴᠠᠰᠤᠨ ᠳᠡᠭᠡᠷᠡᠬᠢ ᠬᠥᠯ ᠪᠥᠮᠪᠦᠭᠡ ᠵᠡᠷᠭᠡ ᠠᠯᠢ ᠤᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠵᠤ᠂ ᠬᠠᠬᠢᠷ ᠡᠪᠦᠯ ᠢ ᠨᠡᠩ ᠬᠦᠷ ᠬᠥᠭᠵᠢᠶᠡᠨ ᠲᠠᠢ ᠪᠣᠯᠭᠠᠵᠤ᠂ ᠨᠡᠩ ᠰᠣᠨᠢᠷᠬᠠᠯᠲᠠᠢ ᠪᠣᠯᠭᠠᠵᠤ ᠪᠣᠯᠣᠨ᠎ᠠ᠃
      ᠬᠡᠦᠬᠡᠳ ᠤᠳ ᠴᠠᠰᠤᠨ ᠳᠡᠭᠡᠷ᠎ᠡ ᠴᠠᠰᠤᠨ ᠳᠤ ᠭᠤᠯᠭᠤᠬᠤ ᠶᠢ ᠰᠤᠷᠴᠤ ᠪᠠᠢᠨ᠎ᠠ᠃︵ᠭᠡᠷᠡᠯ ᠵᠢᠷᠤᠭ᠄ ᠯᠢ ᠶᠠᠩ ᠶᠠᠩ︶       2018 ᠣᠨ ᠳᠤ᠂ ᠪᠥᠬᠦ ᠣᠷᠣᠨ ᠤ ᠠᠩᠬᠠᠳᠠᠭᠴᠢ ᠬᠤᠰᠢᠭᠤ ᠰᠢᠶᠠᠨ ᠤ ᠱᠠᠲᠤᠨ ᠤ ᠲᠦᠷᠭᠡᠨ ᠲᠡᠰᠢᠯᠲᠡ ᠶᠢᠨ ᠣᠷᠳᠣᠨ ᠢ ᠲᠦᠴᠢᠦᠸᠠᠨ ᠰᠢᠶᠠᠨ ᠳᠤ ᠪᠠᠶᠢᠭᠤᠯᠤᠨ ᠬᠡᠷᠡᠭᠯᠡᠵᠦ᠂ ᠲᠦᠷᠭᠡᠨ ᠲᠡᠰᠢᠯᠲᠡ ᠶᠢᠨ ᠣᠷᠳᠣᠨ ᠢ ᠪᠠᠶᠢᠭᠤᠯᠤᠭᠰᠠᠨ ᠨᠢ ᠲᠦᠴᠢᠦᠸᠠᠨ ᠰᠢᠶᠠᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠪᠠᠶᠠᠯᠢᠭᠵᠢᠭᠤᠯᠤᠭᠰᠠᠨ ᠪᠠᠶᠢᠨ᠎ᠠ᠃︽ᠵᠢᠭᠤᠯᠴᠢᠯᠠᠯ + ᠪᠡᠶ᠎ᠡ ᠶᠢᠨ ᠲᠠᠮᠢᠷ︾ ᠤᠨ ᠬᠥᠭᠵᠢᠯᠲᠡ ᠶᠢᠨ ᠰᠡᠳᠬᠢᠮᠵᠢ ᠶᠢ ᠦᠨᠳᠦᠰᠦᠯᠡᠪᠡᠯ᠂ ᠲᠦᠷᠭᠡᠨ ᠲᠡᠰᠢᠯᠲᠡ ᠶᠢᠨ ᠣᠷᠳᠣᠨ ᠤ ᠵᠢᠭᠤᠯᠴᠢᠯᠠᠯ ᠤᠨ ᠦᠢᠯᠡᠴᠢᠯᠡᠭᠡᠨ ᠤ ᠦᠢᠯᠡᠳᠦᠯ ᠤᠯᠠᠮ ᠨᠢᠭᠡ ᠠᠯᠬᠤᠮ ᠢᠯᠡᠷᠡᠵᠦ᠂ ᠵᠢᠭᠤᠯᠴᠢᠯᠠᠭᠴᠢᠳ ᠤᠨ ᠰᠣᠨᠢᠷᠬᠠᠯ ᠢ ᠲᠠᠲᠠᠬᠤ ᠨᠢᠭᠡ ᠵᠦᠢᠯ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠴᠢᠬᠤᠯᠠ ᠦᠢᠯᠡᠳᠬᠦᠨ ᠪᠣᠯᠤᠭᠰᠠᠨ ᠪᠠᠶᠢᠨ᠎ᠠ᠃   ︽ᠲᠦᠴᠢᠦᠸᠠᠨ ᠰᠢᠶᠠᠨ ᠳᠤ ᠴᠠᠰᠤᠨ ᠳᠤ ᠭᠤᠯᠭᠤᠬᠤ᠂ ᠮᠥᠰᠥᠨ ᠳᠤ ᠲᠡᠰᠢᠬᠦ ᠳᠤ ᠪᠦᠷ ᠲᠤᠰᠬᠠᠢ ᠮᠡᠷᠭᠡᠵᠢᠯ ᠤᠨ ᠲᠠᠯᠠᠪᠤᠷ ᠪᠠ ᠲᠠᠯᠠᠪᠤᠷ  ᠲᠠᠢ᠂ ᠪᠠᠰᠠ ᠠᠯᠪᠠᠨ ᠵᠢᠷᠤᠮ ᠤᠨ ᠬᠢᠴᠢᠶᠡᠯ ᠬᠥᠮᠦᠵᠢᠯ ᠤᠨ ᠲᠤᠰᠬᠠᠢ ᠮᠡᠷᠭᠡᠵᠢᠯ ᠤᠨ ᠳᠠᠰᠬᠠᠯᠵᠢᠭᠤᠯᠤᠭᠴᠢ  ᠲᠠᠢ᠂ ᠪᠢᠳᠡᠨ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠷ᠎ᠠ ᠮᠡᠷᠭᠡᠵᠢᠯ ᠢ ᠵᠢᠭᠠᠵᠤ ᠥᠭᠲᠡᠭ᠂ ᠡᠨᠡ ᠪᠣᠯ ᠳᠠᠷᠤᠢ ᠪᠢᠳᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠤᠨ ᠳ᠋ᠧᠪᠡᠵᠡᠨ ᠤ ᠣᠷᠣᠨ ᠪᠣᠯᠣᠨ᠎ᠠ︾᠃ ᠭᠡᠵᠦ ᠲᠦᠴᠢᠦᠸᠠᠨ ᠰᠢᠶᠠᠨ ᠤ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠠᠵᠢᠯᠲᠠᠨ ᠰᠢᠦᠢ ᠵᠢᠶᠠᠨ ᠹᠸᠡᠭ ᠪᠠᠶᠠᠷ ᠬᠦᠷ ᠲᠠᠢ ᠪᠠᠷ ᠬᠡᠯᠡᠪᠡ᠃
    ᠬᠡᠦᠬᠡᠳ ᠤᠳ ᠮᠥᠰᠥᠨ ᠳᠤ ᠲᠡᠰᠢᠬᠦ ᠮᠡᠷᠭᠡᠵᠢᠯ ᠢ ᠰᠤᠷᠴᠤ ᠪᠠᠢᠨ᠎ᠠ᠃︵ᠭᠡᠷᠡᠯ ᠵᠢᠷᠤᠭ᠄ ᠯᠢ ᠶᠠᠩ ᠶᠠᠩ︶     ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠬᠢᠬᠦ ᠬᠦᠰᠡᠯ ᠲᠠᠢ ᠬᠥᠮᠥᠨ ᠪᠣᠯᠭᠠᠨ ᠳᠤ ᠮᠥᠰᠥᠨ ᠳᠡᠭᠡᠷᠡᠬᠢ ᠪᠠᠶᠠᠷ ᠪᠠᠭ᠋ᠠᠳᠤᠯ ᠪᠠ ᠷᠢᠳᠢ ᠰᠢᠳᠢ ᠶᠢ ᠮᠡᠳᠡᠷᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠮᠥᠰᠥᠨ ᠳᠡᠭᠡᠷᠡᠬᠢ ᠲᠦᠷᠦᠯ ᠵᠦᠢᠯ ᠳᠤ ᠬᠡᠷᠡᠭᠰᠡᠬᠦ ᠮᠥᠰᠥᠨ ᠭᠤᠲᠤᠯ᠂ ᠬᠠᠮᠠᠭᠠᠯᠠᠯᠲᠠ ᠶᠢᠨ ᠬᠡᠷᠡᠭᠰᠡᠯ ᠵᠡᠷᠭᠡ ᠬᠡᠷᠡᠭᠰᠡᠯ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠶᠢᠨ ᠬᠠᠮᠲᠤ ᠲᠤᠰᠬᠠᠢ ᠮᠡᠷᠭᠡᠵᠢᠯ ᠤᠨ ᠮᠥᠰᠥᠨ ᠳᠡᠭᠡᠷᠡᠬᠢ ᠳᠠᠰᠬᠠᠯᠵᠢᠭᠤᠯᠤᠭᠴᠢ ᠶᠢ ᠲᠣᠬᠢᠷᠠᠭᠤᠯᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠵᠢᠭᠠᠨ ᠰᠤᠷᠭᠠᠯᠲᠠ ᠳᠤ ᠣᠷᠣᠯᠴᠠᠭᠤᠯᠵᠤ᠂ ᠬᠥᠮᠥᠨ ᠪᠣᠯᠭᠠᠨ ᠢ ᠬᠥᠳᠡᠯᠭᠡᠭᠡᠨ ᠳᠤ ᠣᠷᠣᠯᠴᠠᠭᠤᠯᠵᠤ᠂ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠤᠷ᠎ᠠ ᠮᠡᠷᠭᠡᠵᠢᠯ ᠢ ᠡᠵᠡᠮᠰᠢᠭᠦᠯᠵᠦ᠂ ᠨᠡᠩ ᠤᠯᠠᠨ ᠬᠥᠮᠥᠰ ᠢ ᠳᠠᠭᠠᠭᠤᠯᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠣᠯᠭᠠᠵᠤ᠂ ᠤᠯᠠᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃     ᠦᠵᠡᠮᠦᠷᠢ ᠶᠢᠨ ᠭᠠᠵᠠᠷ ᠲᠤ ᠣᠶᠢᠷ᠎ᠠ ᠳᠣᠲᠣᠨᠣ ᠲᠠᠷᠢᠶᠠᠨ ᠭᠠᠵᠠᠷ ᠢ ᠰᠣᠨᠢᠷᠬᠠᠨ ᠲᠡᠭᠦᠬᠦ ︽ᠮᠠᠨ ᠤ ᠭᠡᠷ ᠤᠨ ᠭᠦᠵᠡᠯᠵᠡᠭᠡᠨ᠎ᠡ   ᠶᠢᠨ ᠵᠠᠬ᠎ᠠ ᠳᠡᠯᠭᠡᠭᠦᠷ ᠲᠤ ᠭᠠᠷᠴᠤ᠂ ᠡᠳᠦᠷ ᠪᠣᠯᠭᠠᠨ ᠢᠷᠡᠵᠦ ᠵᠤᠭᠠᠴᠠᠨ ᠨᠠᠭᠠᠳᠬᠤ ᠬᠥᠮᠥᠰ ᠲᠠᠰᠤᠷᠠᠯᠲᠠ ᠦᠭᠡᠢ ᠣᠯᠠᠰᠢᠷᠠᠵᠤ ᠪᠠᠶᠢᠨ᠎ᠠ᠂ ᠪᠠᠰᠠ ᠴᠥᠭᠡᠨ ᠪᠤᠰᠤ ᠵᠢᠭᠤᠯᠴᠢᠯᠠᠭᠴᠢᠳ ᠪᠢᠳᠡᠨ ᠲᠠᠢ ᠭᠦᠵᠡᠯᠵᠡᠭᠡᠨ᠎ᠡ   ᠶᠢ ᠵᠠᠬᠢᠶᠠᠯᠠᠨ ᠬᠤᠳᠠᠯᠳᠤᠵᠤ ᠪᠠᠶᠢᠨ᠎ᠠ᠂ ᠪᠢ ᠡᠳᠦᠷ ᠪᠣᠯᠭᠠᠨ ᠭᠡᠷ ᠲᠤᠨᠢ ᠬᠦᠷᠭᠡᠵᠦ ᠢᠷᠡᠨ᠎ᠡ  ︾ ᠭᠡᠵᠦ ᠬᠡᠯᠡᠪᠡ᠃ ᠲᠦᠴᠢᠦᠸᠠᠨ ᠰᠢᠶᠠᠨ ᠤ ᠱᠦᠢ ᠴᠢᠤᠸᠠᠨ ᠪᠠᠯᠭᠠᠰᠤᠨ ᠤ ᠾᠧ ᠹᠠ ᠲᠣᠰᠬᠤᠨ ᠤ ᠲᠠᠷᠢᠮᠠᠯ ᠤᠨ ᠡᠷᠦᠬᠡ ᠾᠧᠦ ᠬᠤᠩ ᠵᠠᠩ ᠭᠦᠵᠡᠯᠵᠡᠭᠡᠨ᠎ᠡ ᠶᠢ ᠬᠠᠷᠠᠭᠠᠳ ᠪᠠᠶᠠᠷᠲᠠᠢ ᠪᠠᠷ ᠶᠠᠷᠢᠨ᠎ᠠ᠃
      ᠵᠣᠷᠴᠢᠭᠴᠢᠳ ᠭᠦᠵᠡᠯᠵᠡᠭᠡᠨ᠎ᠡ ᠲᠡᠭᠦᠵᠦ ᠪᠠᠢᠨ᠎ᠠ᠃︵ᠭᠡᠷᠡᠯ ᠵᠢᠷᠤᠭ᠄ ᠯᠢ ᠶᠠᠩ ᠶᠠᠩ︶       ᠲᠦᠴᠢᠦᠸᠠᠨ ᠰᠢᠶᠠᠨ ᠤ ᠱᠦᠢ ᠴᠢᠦᠸᠠᠨ ᠪᠠᠯᠭᠠᠰᠤᠨ ᠤ ᠾᠧ ᠹᠠ ᠲᠣᠰᠬᠤᠨ ᠤ ᠾᠧᠦ ᠬᠤᠩ ᠵᠠᠩ ᠤᠨ ᠬᠦᠯᠡᠮᠵᠢ ᠳᠤ ᠬᠦᠷᠬᠦ ᠳᠤ᠂ ᠡᠷᠬᠢᠨ ᠲᠣᠭᠤᠷᠢᠨ ᠤ ᠵᠤᠭᠠᠴᠠᠭᠰᠠᠳ ᠬᠦᠯᠡᠮᠵᠢ ᠳᠤ ᠭᠦᠵᠡᠯᠵᠡᠭᠡᠨ᠎ᠡ ᠲᠡᠭᠦᠵᠦ ᠪᠠᠶᠢᠬᠤ ᠶᠢ ᠰᠤᠷᠪᠤᠯᠵᠢᠯᠠᠭᠴᠢ ᠣᠯᠵᠤ ᠬᠠᠷᠠᠭᠠᠳ᠂ ᠬᠦᠯᠡᠮᠵᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ᠡᠪᠦᠯ ᠤᠨ ᠤᠯᠠᠷᠢᠯ ᠤᠨ ︽ᠵᠤᠭᠠᠴᠠᠯ + ᠲᠡᠭᠦᠬᠦ︾ ᠵᠤᠭᠠᠴᠠᠯ ᠤᠨ ᠲᠠᠷᠢᠶᠠᠯᠠᠩ ᠨᠢ ᠲᠦᠴᠢᠦᠸᠠᠨ ᠰᠢᠶᠠᠨ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠥᠷᠭᠡᠨ ᠤᠯᠠᠨ ᠵᠤᠭᠠᠴᠠᠭᠰᠠᠳ ᠤᠨ ᠬᠥᠮᠥᠰ ᠤᠨ ᠪᠠᠭ᠋ᠠᠷᠬᠠᠯ ᠢ ᠶᠡᠬᠡᠳᠡ ᠣᠯᠣᠭᠰᠠᠨ ᠭᠠᠳᠠᠭᠰᠢ ᠭᠠᠷᠬᠤ ᠲᠡᠷᠢᠭᠦᠨ ᠰᠣᠩᠭᠤᠯᠲᠠ ᠶᠢᠨ ᠭᠠᠵᠠᠷ ᠪᠣᠯᠤᠭᠰᠠᠨ ᠪᠠᠶᠢᠨ᠎ᠠ᠃       ᠲᠦᠴᠢᠦᠸᠠᠨ ᠰᠢᠶᠠᠨ ᠤ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ 2021 ᠣᠨ ᠤ 10 ᠰᠠᠷ᠎ᠠ ᠳᠤ ᠭᠦᠵᠡᠯᠵᠡᠭᠡᠨ᠎ᠡ ᠳᠠᠷᠢᠭᠰᠠᠨ ᠢᠶᠠᠷ ᠪᠠᠷᠠᠬᠤ ᠦᠭᠡᠢ ᠪᠠᠰᠠ ᠨᠢᠭᠡ ᠬᠦᠯᠡᠮᠵᠢ ᠲᠠᠢ ᠲᠥᠪᠡᠳ ᠬᠠᠰᠢ ᠳᠠᠷᠢᠵᠠᠢ᠃ 2022 ᠣᠨ ᠤ ᠰᠢᠨ᠎ᠡ ᠵᠢᠯ ᠤᠨ ᠰᠢᠨ᠎ᠡ ᠶᠢᠨ ᠨᠢᠭᠡᠨ ᠠᠴᠠ ᠰᠡᠭᠦᠯᠡᠷ ᠪᠣᠯᠪᠠᠰᠤᠷᠠᠭᠰᠠᠨ ᠲᠥᠪᠡᠳ ᠬᠠᠰᠢ ᠶᠢ ᠵᠠᠬ᠎ᠠ ᠳᠡᠯᠭᠡᠭᠦᠷ ᠲᠤ ᠭᠠᠷᠭᠠᠮᠠᠭᠴᠠ ᠬᠤᠭᠤᠰᠤᠷᠠᠲᠠᠯ᠎ᠠ ᠲᠡᠭᠦᠵᠦ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠣᠯᠵᠠᠢ᠃       ᠵᠤᠭᠠᠴᠠᠭᠴᠢ ᠰᠦᠨ ᠾᠧ ᠨᠠᠶᠢᠵᠠ ᠲᠠᠢ ᠪᠠᠨ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠲᠡᠭᠦᠬᠦ ᠬᠦᠷᠢᠶᠡᠯᠡᠩ ᠤᠨ ᠬᠦᠯᠡᠮᠵᠢ ᠳᠤ ᠢᠷᠡᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠭᠦᠵᠡᠯᠵᠡᠭᠡᠨ᠎ᠡ ᠪᠣᠯᠣᠨ ᠲᠥᠪᠡᠳ ᠬᠠᠰᠢ ᠶᠢ ᠬᠠᠷᠠᠭᠠᠳ ᠭᠠᠷ ᠤᠲᠠᠰᠤ ᠪᠠᠨ ᠭᠠᠷᠭᠠᠨ ᠰᠡᠭᠦᠳᠡᠷᠯᠡᠵᠦ ᠡᠬᠢᠯᠡᠪᠡ᠃ ︽ᠥᠩᠭᠡᠷᠡᠭᠰᠡᠨ ᠳᠤ ᠵᠢᠦᠢ ᠮᠧᠢ ᠾᠧᠩ ᠭᠦᠸᠧ ᠲᠦᠷᠪᠡᠨ ᠤᠯᠠᠷᠢᠯ ᠤᠨ ᠵᠢᠮᠢᠰ ᠤᠨ ᠬᠦᠷᠢᠶᠡᠯᠡᠩ ᠤᠨ ᠬᠦᠯᠡᠮᠵᠢ ᠶᠢᠨ ᠲᠥᠪᠡᠳ ᠬᠠᠰᠢ ᠶᠢ ᠲᠡᠭᠦᠬᠦ ᠳᠤ ᠣᠨᠴᠠᠭᠠᠢ ᠠᠮᠲᠠᠲᠠᠢ ᠭᠡᠵᠦ ᠰᠣᠨᠣᠰᠤᠭᠠᠳ᠂ ᠪᠢ ᠲᠤᠰᠬᠠᠶᠢᠯᠠᠨ ᠬᠦᠷᠦᠯᠴᠡᠨ ᠢᠷᠡᠵᠠᠢ᠂ ᠬᠤᠭᠤᠰᠤᠨ ᠨᠡᠷ᠎ᠡ ᠭᠠᠷᠤᠭᠰᠠᠨ ᠦᠭᠡᠢ᠂ ᠢᠰᠬᠦᠯᠡᠩ ᠠᠮᠲᠠᠲᠠᠢ ᠮᠠᠰᠢ ᠠᠮᠲᠠᠲᠠᠢ ᠶᠤᠮ︾ ᠭᠡᠵᠦ ᠬᠡᠯᠡᠨ᠎ᠡ᠃        ᠲᠦᠴᠢᠦᠸᠠᠨ ᠰᠢᠶᠠᠨ ᠤ ᠬᠢᠨ ᠵᠤᠭᠠᠴᠠᠯ ᠤᠨ ᠡᠬᠢ ᠪᠠᠶᠠᠯᠢᠭ ᠢ ᠭᠦᠢᠴᠡᠳ ᠨᠡᠶᠢᠳᠬᠡᠵᠦ᠂ ᠵᠡᠭᠦᠨ ᠲᠠᠯ᠎ᠠ ᠶᠢᠨ ᠲᠥᠬᠦᠭᠡᠷᠦᠮᠵᠢ ᠲᠠᠢ ᠲᠠᠷᠢᠶᠠᠯᠠᠩ ᠢ ᠲᠡᠭᠦᠵᠦ ᠪᠣᠯᠣᠨ᠎ᠠ᠂ ᠪᠠᠷᠠᠭᠤᠨ ᠲᠠᠯ᠎ᠠ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠲᠣᠭᠤᠷᠢᠨ ᠦᠵᠡᠵᠦ ᠪᠣᠯᠣᠨ᠎ᠠ᠂ ᠡᠮᠦᠨ᠎ᠡ ᠲᠠᠯ᠎ᠠ ᠶᠢᠨ ᠴᠡᠴᠡᠭ ᠤᠨ ᠲᠠᠯᠠᠢ ᠭᠤᠸᠠ ᠶᠢᠨ ᠲᠠᠷᠢᠶ᠎ᠠ ᠳᠤ ᠠᠮᠠᠷᠠᠵᠤ ᠪᠣᠯᠣᠨ᠎ᠠ᠂ ᠬᠤᠶᠢᠲᠤ ᠲᠠᠯ᠎ᠠ ᠶᠢᠨ ᠬᠤᠪᠢ ᠶᠢᠨ ᠮᠠᠰᠢᠨ ᠲᠡᠷᠭᠡᠨ ᠤ ᠪᠠᠭᠤᠴᠠ ᠶᠢᠨ ᠰᠠᠭᠤᠷᠢᠰᠢᠵᠤ ᠪᠣᠯᠬᠤ ᠪᠦᠬᠦ ᠣᠭᠲᠠᠷᠭᠤᠢ᠂ ᠪᠦᠬᠦ ᠴᠠᠭ᠂ ᠪᠦᠬᠦ ᠦᠢᠯᠡᠴᠢᠯᠡᠭᠡ ᠪᠣᠯᠣᠨ ᠪᠦᠬᠦ ᠦᠵᠡᠮᠵᠢ ᠶᠢᠨ ᠵᠤᠭᠠᠴᠠᠯ ᠤᠨ ᠪᠣᠯᠪᠠᠰᠤᠷᠠᠯ ᠤᠨ ︽ᠨᠠᠮᠵᠢᠭᠤᠨ︾ ᠭᠠᠵᠠᠷ ᠢ ᠪᠠᠶᠢᠭᠤᠯᠵᠠᠢ᠃ᠡᠭᠦᠨ ᠤ ᠬᠠᠮᠲᠤ᠂ ᠣᠲᠣ ᠶᠢᠨ ᠪᠠᠶᠢᠭ᠎ᠠ ᠵᠢᠭᠤᠯᠴᠢᠯᠠᠯ ᠤᠨ ᠡᠬᠢ ᠪᠠᠶᠠᠯᠢᠭ ᠲᠠᠭᠠᠨ ᠲᠦᠰᠢᠭᠯᠡᠨ᠂ ︽ᠳᠥᠷᠪᠡᠨ ᠤᠯᠠᠷᠢᠯ ᠳᠤ ᠲᠡᠭᠦᠵᠦ ᠪᠣᠯᠬᠤ᠂ ᠡᠳᠦᠷ ᠡᠳᠦᠷ ᠵᠤᠭᠠᠴᠠᠨ ᠨᠠᠭᠠᠳᠴᠤ ᠪᠣᠯᠬᠤ︾ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠥᠷᠭᠡᠨ ᠣᠯᠠᠨ ᠵᠢᠭᠤᠯᠴᠢᠯᠠᠭᠴᠢᠳ ᠲᠤ ᠵᠤᠭᠠᠴᠠᠯ ᠤᠨ ᠠᠷᠢᠭᠤᠨ ᠣᠷᠣᠨ ᠬᠠᠩᠭᠠᠨ ᠥᠭᠴᠦ᠂ ᠵᠢᠭᠤᠯᠴᠢᠯᠠᠭᠴᠢᠳ ᠢ ᠬᠠᠬᠢᠷ ᠬᠦᠢᠲᠡᠨ ᠡᠪᠦᠯ ᠤᠨ ᠤᠯᠠᠷᠢᠯ ᠳᠤ ᠴᠤ ᠪᠠᠶᠠᠷ ᠬᠥᠷ ᠲᠠᠢ ᠵᠤᠭᠠᠴᠠᠭᠤᠯᠤᠨ ᠨᠠᠭᠠᠳᠤᠭᠤᠯᠬᠤ ᠬᠡᠷᠡᠭᠲᠡᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号