ᠲᠦᠴᠢᠦᠸᠠᠨ ᠰᠢᠶᠠᠨ ᠤᠷᠠᠨ ᠰᠠᠶᠢᠬᠠᠨ ᠤ ᠪᠦᠲᠦᠭᠡᠯ ᠢᠶᠠᠷ ᠢᠶᠠᠨ ᠬᠢᠵᠢᠭ ᠢ ᠡᠰᠡᠷᠭᠦᠴᠡᠭᠰᠡᠨ ᠦᠯᠢᠭᠡᠷ ᠢ ᠰᠠᠶᠢᠲᠤᠷ ᠶᠠᠷᠢᠵᠠᠢ
ᠨᠡᠶᠢᠲᠡᠯᠡᠭᠰᠡᠨ ᠴᠠᠭ᠄
2022/10/14
    ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠬᠠᠮᠲᠤ ᠪᠠᠷ ᠡᠰᠡᠷᠭᠦᠴᠡᠨ᠎ᠡ᠃ ᠭᠡᠨᠡᠳᠲᠡ ᠶᠢᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠰᠢᠶᠠᠨ ᠤ ᠠᠷᠠᠳ ᠲᠦᠮᠡᠨ ᠰᠡᠳᠬᠢᠯ ᠨᠢᠭᠡᠳᠦᠨ ᠬᠢᠵᠢᠭ  ᠢ ᠡᠰᠡᠷᠭᠦᠴᠡᠵᠦ᠂ ᠴᠠᠭ ᠤᠨ ᠪᠡᠷᠬᠡ   ᠶᠢ ᠬᠠᠮᠲᠤ ᠪᠠᠷ ᠳᠤᠭᠤᠯᠵᠤ᠂ ᠤᠳᠬ᠎ᠠ ᠤᠷᠠᠯᠢᠭ ᠤᠨ ᠠᠵᠢᠯᠲᠠᠳ ᠴᠤ ᠵᠣᠬᠢᠶᠠᠨ ᠪᠦᠲᠦᠭᠡᠬᠦ ᠣᠷᠭᠢᠯᠤᠮ᠎ᠠ ᠰᠡᠳᠬᠢᠯᠭᠡ ᠪᠣᠯᠣᠨ ᠲᠤᠰᠬᠠᠢ ᠮᠡᠷᠭᠡᠵᠢᠯ ᠤᠨ ᠴᠢᠳᠠᠪᠤᠷᠢ ᠪᠠᠷ ᠢᠶᠠᠨ ᠬᠢᠵᠢᠭ ᠤᠨ ᠪᠠᠶᠢᠳᠠᠯ ᠢ ᠡᠰᠡᠷᠭᠦᠴᠡᠬᠦ ᠬᠤᠭᠤᠴᠠᠭᠠᠨ ᠳᠠᠬᠢ ᠦᠵᠡᠭᠳᠡᠯ ᠤᠳ ᠢ ᠠᠮᠢᠳᠤᠯᠢᠭ ᠤᠳᠬ᠎ᠠ ᠤᠷᠠᠯᠢᠭ ᠤᠨ ᠪᠦᠲᠦᠭᠡᠯ ᠪᠣᠯᠭᠠᠨ ᠬᠤᠪᠢᠷᠠᠭᠤᠯᠵᠤ᠂ ᠤᠳᠬ᠎ᠠ ᠤᠷᠠᠯᠢᠭ ᠤᠨ ᠬᠡᠯᠪᠡᠷᠢ ᠪᠠᠷ ᠬᠢᠵᠢᠭ ᠢ ᠡᠰᠡᠷᠭᠦᠴᠡᠬᠦ ᠬᠦᠴᠦᠨ ᠢ ᠨᠢᠭᠲᠠᠷᠠᠭᠤᠯᠤᠨ᠂ ᠬᠢᠵᠢᠭ ᠢ ᠡᠰᠡᠷᠭᠦᠴᠡᠬᠦ ᠦᠨᠡᠨ ᠰᠡᠳᠬᠢᠯᠭᠡ   ᠶᠢ ᠳᠠᠮᠵᠢᠭᠤᠯᠵᠤ᠂ ᠬᠢᠵᠢᠭ   ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠮᠳᠠ ᠤᠳᠬ᠎ᠠ ᠤᠷᠠᠯᠢᠭ ᠤᠨ ᠬᠦᠴᠦᠨ ᠢᠶᠠᠨ ᠡᠷᠭᠦᠵᠦ᠂ ᠤᠳᠬ᠎ᠠ ᠤᠷᠠᠯᠢᠭ ᠤᠨ ᠬᠠᠷᠢᠭᠤᠴᠠᠯᠭ᠎ᠠ ᠪᠠᠨ ᠢᠯᠡᠳᠬᠡᠵᠡᠢ᠃
   ᠵᠠᠩ ᠴᠢᠶᠦ᠋ᠨ ᠶᠢᠩ ᠪᠣᠯ ᠲᠦᠴᠢᠦᠸᠠᠨ ᠰᠢᠶᠠᠨ ᠤ ᠤᠷᠠᠨ ᠵᠢᠷᠤᠭᠴᠢᠳ ᠤᠨ ᠡᠪᠯᠡᠯ ᠤᠨ ᠲᠡᠷᠢᠭᠦᠯᠡᠭᠴᠢ᠂ ᠵᠢᠷᠤᠭ ᠤᠨ ᠪᠢᠷ ᠢᠶᠠᠷ ᠠᠮᠢᠳᠤᠷᠠᠯ ᠤᠨ ᠳᠤᠮᠳᠠᠬᠢ ᠰᠠᠶᠢᠨ ᠰᠠᠶᠢᠬᠠᠨ ᠪᠠ ᠳᠣᠭᠳᠣᠯᠤᠯ ᠢ ᠪᠠᠷᠢᠬᠤ ᠳᠠᠭᠠᠨ ᠴᠢᠳᠠᠮᠠᠭᠠᠢ᠃ ᠪᠦᠬᠦ ᠰᠢᠶᠠᠨ ᠤ ᠨᠠᠮ ᠵᠢᠮ ᠬᠠᠮᠢᠶᠠᠷᠤᠯᠲᠠ ᠶᠢᠨ ᠳᠣᠣᠷ᠎ᠠ᠂ ᠲᠡᠷᠡ ᠬᠢᠵᠢᠭ ᠢ ᠡᠰᠡᠷᠭᠦᠴᠡᠬᠦ ᠪᠦᠲᠦᠭᠡᠯ ᠤᠨ ᠲᠡᠭᠦᠪᠦᠷᠢ ︽ᠲᠦᠴᠢᠦᠸᠠᠨ ᠤ ᠬᠢᠵᠢᠭ ᠤᠨ ᠱᠤᠭᠤᠮ ᠤᠨ ᠲᠡᠮᠳᠡᠭᠯᠡᠯ︾ ᠢ ᠵᠢᠷᠤᠬᠤ ᠠᠷᠭ᠎ᠠ ᠪᠠᠷ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃ᠪᠦᠲᠦᠭᠡᠯ ᠤᠨ ᠬᠥᠮᠥᠰ ᠲᠤ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠡᠮᠴᠢ ᠰᠤᠪᠢᠯᠠᠭᠴᠢ᠂ ᠬᠢᠵᠢᠭ ᠢ ᠰᠡᠷᠭᠡᠶᠢᠯᠡᠨ ᠡᠵᠡᠮᠳᠡᠬᠦ ᠴᠡᠭ ᠤᠨ ᠵᠢᠵᠢᠭᠦᠷᠯᠡᠭᠴᠢ᠂ ᠣᠯᠠᠨ ᠲᠦᠮᠡᠨ ᠳᠤ ᠦᠢᠯᠡᠴᠢᠯᠡᠵᠦ ᠪᠠᠶᠢᠭ᠎ᠠ ᠰᠠᠶᠢᠨ ᠳᠤᠷ᠎ᠠ ᠶᠢᠨ ᠠᠵᠢᠯᠯᠠᠭᠴᠢ᠂ ᠬᠤᠲᠠ ᠶᠢᠨ ᠲᠣᠭᠤᠷᠢᠭ ᠲᠤ ᠲᠣᠭᠤᠷᠢᠨ ᠴᠠᠭᠳᠠᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠵᠡᠷᠭᠡ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠠᠵᠢᠯᠲᠠᠨ ᠤ ᠠᠵᠢᠯ ᠤᠨ ᠪᠠᠶᠢᠳᠠᠯ ᠪᠠᠭᠲᠠᠨ᠎ᠠ᠃ ᠤᠷᠠᠨ ᠨᠠᠷᠢᠯᠢᠭ ᠵᠢᠷᠤᠯᠭ᠎ᠠ᠂ ᠣᠷᠭᠢᠯᠤᠮ᠎ᠠ ᠬᠠᠯᠠᠭᠤᠨ ᠰᠡᠳᠬᠢᠯᠭᠡ ᠨᠢ ᠬᠢᠵᠢᠭ ᠤᠨ ᠪᠠᠶᠢᠳᠠᠯ ᠤᠨ ᠡᠮᠦᠨ᠎ᠡ ᠳᠠᠮᠵᠢᠭᠳᠠᠨ᠂ ᠡᠯ᠎ᠡ ᠠᠵᠢᠯ ᠲᠥᠷᠥᠯ ᠤᠨ  ᠬᠢᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠢ ᠡᠰᠡᠷᠭᠦᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃
   ᠵᠠᠩ ᠴᠢᠶᠦ᠋ᠨ ᠶᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠭᠦᠨ ᠤ ᠵᠣᠬᠢᠶᠠᠨ ᠪᠦᠲᠦᠭᠡᠯᠭᠡ ᠶᠢᠨ ᠠᠪᠢᠶᠠᠰ ᠪᠢᠯᠢᠭ ᠨᠢ ᠲᠡᠭᠦᠨ ᠤ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠰᠠᠭᠤᠭᠳᠠᠭᠰᠠᠨ ᠠᠴᠠ ᠢᠷᠡᠯᠲᠡ ᠲᠠᠢ ᠶᠤᠮ ᠭᠡᠵᠡᠢ᠃ ᠲᠡᠭᠦᠨ ᠤ ᠬᠠᠷᠢᠭᠤᠴᠡᠨ ᠳᠠᠭᠠᠭᠠᠬᠤ ᠪᠠᠭ᠎ᠠ ᠲᠣᠭᠤᠷᠢᠭ ᠲᠤ ᠵᠢᠵᠢᠭᠦᠷᠯᠡᠬᠦ ᠶᠠᠪᠤᠴᠠ ᠳᠤ᠂ ᠳᠡᠷᠭᠡᠳᠡᠬᠢ ᠬᠢᠵᠢᠭ ᠢ ᠡᠰᠡᠷᠭᠦᠴᠡᠬᠦ ᠠᠵᠢᠯᠲᠠᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠨᠢ ᠲᠡᠭᠦᠨ ᠤ ᠰᠡᠳᠬᠢᠯ ᠢ ᠭᠦᠨ ᠬᠥᠳᠡᠯᠭᠡᠵᠦ᠂ ᠲᠡᠭᠦᠨ ᠤ ᠰᠣᠶᠣᠯ ᠤᠨ ᠠᠵᠢᠯᠲᠠᠨ ᠪᠣᠯᠤᠭᠰᠠᠨ ᠤ ᠬᠤᠪᠢ ᠳᠠᠬᠢ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠨᠢ ᠬᠥᠭᠵᠢᠭᠡᠵᠡᠢ᠃ ︽ᠤᠷᠠᠨ ᠵᠢᠷᠤᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠥᠪᠡᠷ ᠤᠨ ᠵᠢᠷᠤᠭ ᠤᠨ ᠪᠢᠷ ᠢᠶᠠᠷ ᠢᠶᠠᠨ ᠳᠠᠮᠵᠢᠭᠤᠯᠤᠨ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠰᠥᠷᠭᠡᠦ ᠠᠵᠢᠯᠯᠠᠭᠴᠢᠳ ᠤᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠵᠢᠴᠢ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠵᠠᠪᠠᠯ ᠢᠯᠠᠯᠲᠠ ᠣᠯᠬᠤ ᠡᠷᠡᠰ ᠵᠣᠷᠢᠭ  ᠢ ᠢᠯᠡᠷᠡᠭᠦᠯᠵᠦ᠂ ᠤᠩᠰᠢᠭᠴᠢᠳ ᠤᠨ ᠣᠶᠤᠨ ᠰᠠᠨᠠᠭᠠᠨ ᠤ ᠵᠣᠷᠢᠭᠵᠢᠭᠤᠯᠤᠯ ᠪᠠ ᠰᠠᠶᠢᠨ ᠰᠠᠶᠢᠬᠠᠨ ᠤ ᠤᠬᠠᠮᠰᠠᠷ ᠲᠤ ᠳᠠᠮᠵᠢᠭᠤᠯᠵᠤ᠂ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ   ᠶᠢ ᠬᠦᠰᠡᠵᠦ ᠪᠠᠶᠢᠨ᠎ᠠ᠂ ᠬᠡᠳᠦᠨ ᠡᠳᠦᠷ ᠪᠣᠯᠣᠯ ᠦᠭᠡᠢ ᠪᠠᠷ ᠪᠢ ᠨᠢᠭᠡᠨᠲᠡ 20 ᠭᠠᠷᠤᠢ ᠬᠢᠵᠢᠭ ᠢ ᠡᠰᠡᠷᠭᠦᠴᠡᠬᠦ ᠪᠦᠲᠦᠭᠡᠯ ᠵᠣᠬᠢᠶᠠᠨ ᠪᠦᠲᠦᠭᠡᠵᠡᠢ︾ ᠭᠡᠵᠦ ᠤᠷᠠᠨ ᠵᠢᠷᠤᠭᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠵᠠᠩ ᠴᠢᠶᠦ᠋ᠨ ᠶᠢᠩ ᠬᠡᠯᠡᠪᠡ᠃
    ︽ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠵᠦ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠤᠨ ᠪᠠᠶᠢᠳᠠᠯ ᠢ ᠡᠰᠡᠷᠭᠦᠴᠡᠪᠡ ᠁ ᠤᠯᠠᠭᠠᠨ ᠴᠠᠭᠠᠰᠤ᠂ ᠬᠠᠶᠢᠴᠢ᠂ ᠬᠡᠰᠡᠭ ᠵᠠᠭᠤᠷ᠎ᠠ ᠬᠢᠵᠢᠭ ᠤᠨ ᠪᠠᠶᠢᠳᠠᠯ ᠢ ᠡᠰᠡᠷᠭᠦᠴᠡᠬᠦ ᠪᠠᠷ ᠭᠤᠣᠯ ᠰᠡᠳᠦᠪ ᠪᠣᠯᠭᠠᠭᠰᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠤᠨ ᠤᠯᠠᠮᠵᠢᠯᠠᠭᠴᠢ ᠵᠤᠤ ᠿᠢ ᠰᠢᠶᠠ ᠶᠢᠨ ᠠᠮᠢᠳᠤᠯᠢᠭ ᠤᠷᠠᠨ ᠠᠷᠭ᠎ᠠ ᠪᠠᠷ ᠮᠡᠨᠳᠦᠯᠡᠪᠡ᠂ ᠠᠯᠢ ᠤᠯᠠᠨ ᠪᠦᠲᠦᠭᠡᠯ ᠳᠤ ᠨᠢᠭᠡᠨ ᠤᠳᠬ᠎ᠠ ᠤᠷᠠᠯᠢᠭ ᠤᠨ ᠠᠵᠢᠯᠲᠠᠨ ᠤ ᠬᠢᠵᠢᠭ ᠤᠨ ᠪᠠᠶᠢᠳᠠᠯ ᠢ ᠢᠯᠠᠨ ᠳᠠᠪᠠᠭ᠋ᠤ ᠵᠣᠷᠢᠭ ᠪᠠ ᠢᠲᠡᠭᠡᠯ ᠢ ᠠᠴᠢᠶᠠᠯᠠᠵᠠᠢ᠃
    ᠪᠦᠬᠦ ᠰᠢᠶᠠᠨ ᠢᠶᠠᠷ ᠢᠶᠠᠨ ᠬᠢᠵᠢᠭ ᠤᠨ ᠪᠠᠶᠢᠳᠠᠯ ᠢ ᠬᠦᠴᠦᠯᠡᠨ ᠡᠰᠡᠷᠭᠦᠴᠡᠵᠦ ᠪᠠᠶᠢᠬᠤ ᠪᠠᠶᠢᠳᠠᠯ ᠳᠣᠣᠷ᠎ᠠ᠂ ᠵᠣᠣ ᠷᠢ ᠰᠢᠶᠠ ᠬᠢᠵᠢᠭ ᠤᠨ ᠪᠠᠶᠢᠳᠠᠯ ᠤᠨ ᠬᠠᠮᠤᠭ ᠤᠨ ᠰᠢᠨ᠎ᠡ ᠬᠡᠯᠪᠡᠷᠢ ᠶᠢ ᠴᠠᠭ ᠢᠮᠠᠭᠲᠠ ᠠᠩᠬᠠᠷᠴᠤ᠂ ᠲᠡᠷᠡ ᠴᠠᠭᠠᠰᠤᠨ ᠬᠠᠶᠢᠴᠢᠯᠠᠮᠠᠯ ᠤᠨ ᠤᠷᠠᠯᠢᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠢ ᠤᠷᠠᠨ ᠢᠶᠠᠷ ᠤᠶᠠᠯᠳᠤᠭᠤᠯᠵᠤ᠂ ᠤᠯᠠᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠪᠣᠯᠣᠨ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠤᠬᠠᠭᠤᠯᠵᠤ᠂ ᠲᠠᠶᠢᠨ ᠤ ᠬᠢᠵᠢᠭ ᠤᠨ ᠡᠮᠦᠨ᠎ᠡ ᠹᠷᠣᠨᠲ ᠤᠨ ᠡᠮᠨᠡᠯᠭᠡ ᠶᠢᠨ ᠠᠵᠢᠯᠲᠠᠨ᠂ ᠨᠡᠶᠢᠭᠡᠮ ᠲᠣᠭᠤᠷᠢᠭ ᠤᠨ ᠠᠵᠢᠯᠲᠠᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠵᠢᠴᠢ ᠤᠯᠠᠨ ᠲᠦᠮᠡᠨ ᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠰᠠᠶᠢᠨ ᠰᠠᠶᠢᠬᠠᠨ ᠳᠦᠷᠢ ᠲᠥᠷᠬᠦ ᠶᠢ ᠴᠠᠭᠠᠰᠤᠨ ᠬᠠᠶᠢᠴᠢᠯᠠᠮᠠᠯ ᠢᠶᠠᠷ ᠲᠤᠰᠬᠠᠵᠠᠢ᠃
 ︽ᠤᠳᠬ᠎ᠠ ᠤᠷᠠᠯᠢᠭ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠡᠨᠡᠬᠦ ᠤᠷ᠎ᠠ ᠮᠡᠷᠭᠡᠵᠢᠯ   ᠢᠶᠠᠷ   ᠢᠶᠠᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠳᠤ ᠬᠤᠪᠢ ᠨᠡᠮᠡᠷᠢ ᠦᠵᠡᠭᠦᠯᠬᠦ ᠡᠭᠦᠷᠭᠡ ᠪᠣᠯᠣᠨ ᠬᠠᠷᠢᠭᠤᠴᠠᠯᠭ᠎ᠠ ᠲᠠᠢ ᠶᠤᠮ︾ ᠭᠡᠵᠦ ᠵᠤᠤ ᠿᠢ ᠰᠢᠶᠠ ᠬᠡᠯᠡᠪᠡ᠃
   ᠡᠮᠦᠨ᠎ᠡ ᠹᠷᠣᠨᠲ ᠤᠨ ᠴᠢᠬᠡᠴᠢ ᠵᠢᠷᠤᠮᠲᠠᠨ ᠬᠦᠴᠢᠷ ᠢ ᠰᠥᠷᠦᠨ ᠪᠠᠶᠢᠯᠳᠤᠵᠤ᠂ ᠠᠷᠤ ᠲᠠᠯ᠎ᠠ ᠶᠢᠨ ᠤᠳᠬ᠎ᠠ ᠤᠷᠠᠯᠢᠭ ᠤᠨ ᠠᠵᠢᠯᠲᠠᠳ᠂ ᠴᠠᠭᠠᠰᠤ ᠪᠠᠷ ᠳᠠᠶᠢᠨ ᠤ ᠲᠠᠯᠠᠪᠤᠷ ᠪᠣᠯᠭᠠᠵᠤ᠂ ᠪᠢᠷ ᠪᠠᠷᠢᠬᠤ ᠳᠠᠭᠠᠨ ᠫᠤᠤ ᠵᠡᠪᠰᠡᠭ ᠪᠣᠯᠭᠠᠵᠤ᠂ ᠪᠢᠷ ᠪᠡᠭᠡ ᠪᠠᠨ ᠬᠤᠷᠤᠶᠢᠯᠵᠠᠭᠤᠯᠤᠨ᠂ ᠶᠡᠭᠡ ᠪᠢᠴᠢᠯᠭᠡ ᠪᠠᠷ ᠰᠡᠳᠬᠢᠯᠭᠡ ᠪᠠᠨ ᠤᠶᠠᠩᠭᠠᠯᠠᠵᠤ᠂ ︽ᠤᠷᠠᠯᠢᠭ︾ ᠢᠶᠠᠷ ᠢᠶᠠᠨ ᠬᠢᠵᠢᠭ ᠢ ᠡᠰᠡᠷᠭᠦᠴᠡᠵᠦ᠂ ᠰᠡᠳᠬᠢᠯ ᠳᠣᠭᠳᠣᠯᠤᠮ᠎ᠠ ᠰᠢᠯᠦᠭ ᠳᠠᠭᠤᠯᠠᠯ ᠤᠳ᠂ ᠬᠥᠮᠥᠨ ᠤ ᠰᠡᠳᠬᠢᠯ ᠢ ᠳᠣᠭᠳᠣᠯᠤᠭᠤᠯᠤᠮ᠎ᠠ ᠵᠣᠬᠢᠶᠠᠯ ᠤᠳ᠂ ᠠᠮᠢᠳᠤᠯᠢᠭ ᠰᠠᠶᠢᠬᠠᠨ ᠴᠠᠭᠠᠰᠤᠨ ᠬᠠᠶᠢᠴᠢᠯᠠᠮᠠᠯ ᠤᠳ᠂ ᠣᠯᠠᠨ ᠢᠶᠠᠷ ᠢᠶᠠᠨ ᠥᠩᠭᠡ ᠪᠦᠷᠢ ᠶᠢᠨ ᠴᠡᠴᠡᠭ ᠢ ᠵᠡᠷᠭᠡ ᠪᠠᠷ ᠳᠡᠯᠭᠡᠷᠡᠭᠦᠯᠬᠦ ᠤᠳᠬ᠎ᠠ ᠤᠷᠠᠯᠢᠭ ᠤᠨ ᠬᠡᠯᠪᠡᠷᠢ ᠪᠠᠷ ᠲᠦᠴᠢᠦᠸᠠᠨ ᠰᠢᠶᠠᠨ ᠤ ᠬᠢᠵᠢᠭ ᠢ ᠡᠰᠡᠷᠭᠦᠴᠡᠭᠰᠡᠨ ᠦᠯᠢᠭᠡᠷ ᠢ ᠶᠠᠷᠢᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ  ᠶᠢ ᠢᠯᠡᠷᠡᠭᠦᠯᠵᠦ᠂ ᠳᠤᠮᠳᠠᠳᠤ ᠤᠯᠤᠰ ᠤᠨ ᠬᠦᠴᠦᠨ ᠴᠢᠳᠠᠯ ᠢ ᠨᠢᠭᠲᠠᠷᠠᠭᠤᠯᠵᠤ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号