ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠪᠦᠯᠬᠦᠮ ᠳᠠᠭᠠᠭᠤᠯᠤᠨ ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠢᠴᠢᠶᠡᠯ ᠰᠡᠷᠭᠦᠭᠡᠬᠦ ᠪᠡᠯᠡᠳᠬᠡᠯ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/10/17
     ᠮᠠᠨ ᠤ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠬᠦ ᠬᠢᠴᠢᠶᠡᠯ ᠰᠡᠷᠭᠦᠭᠡᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠪᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ ᠂ 2022 ᠣᠨ ᠤ 10 ᠰᠠᠷ᠎ᠠ ᠶᠢᠨ 16  ᠤ ᠦᠳᠡ ᠶᠢᠨ ᠬᠤᠶᠢᠨ᠎ᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠦᠦ ᠬᠤᠩ ᠶᠢᠩ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠱᠢ ᠰᠢᠶᠣᠣ ᠢᠦᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠤᠰᠤᠳ ᠤᠳᠤᠷᠢᠳᠬᠤ ᠪᠠᠭ ᠤᠨ ᠪᠦᠷᠢᠯᠳᠦᠭᠦᠨ ᠵᠢᠴᠢ ᠲᠣᠪᠴᠢᠶ᠎ᠠ ᠶᠢᠨ ᠪᠠᠶᠢᠭᠤᠯᠤᠯᠭ᠎ᠠ ᠶᠢᠨ ᠬᠠᠮᠢᠶ᠎ᠠ ᠪᠦᠬᠦᠢ ᠺᠠᠳ᠋ᠷ ᠢᠶᠠᠷ ᠪᠦᠷᠢᠯᠳᠦᠭᠦᠨ ᠪᠣᠯᠭᠠᠭᠰᠠᠨ ᠬᠢᠨᠠᠨ ᠵᠢᠯᠤᠭᠤᠳᠴᠤ ᠪᠠᠶᠢᠴᠠᠭᠠᠬᠤ ᠳᠤᠭᠤᠶᠢᠯᠠᠩ ᠵᠢᠷᠭᠤᠭᠠᠨ ᠠᠵᠢᠯᠯᠠᠬᠤ ᠳᠤᠭᠤᠶᠢᠯᠠᠩ ᠬᠤᠪᠢᠶᠠᠵᠤ᠂ ᠪᠦᠬᠦ ᠰᠢᠶᠠᠨ ᠤ ᠡᠯ᠎ᠡ ᠰᠤᠷᠭᠠᠭᠤᠯᠢ ᠡᠯ᠎ᠡ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠵᠠᠢ᠃ ᠡᠯ᠎ᠡ ᠠᠵᠢᠯᠯᠠᠬᠤ ᠳᠤᠭᠤᠶᠢᠯᠠᠩ ᠤᠨ ᠬᠢᠨ ᠬᠦᠷᠦᠭᠰᠡᠨ ᠭᠠᠵᠠᠷ ᠪᠣᠯᠭᠠᠨ ᠳᠤ ᠴᠥᠮ ᠡᠭᠦᠳᠡᠨ ᠬᠠᠷᠠᠭᠤᠯ ᠤᠨ ᠲᠠᠰᠤᠭ᠂ ᠵᠢᠭᠠᠨ ᠰᠤᠷᠭᠠᠯᠲᠠ ᠶᠢᠨ ᠠᠰᠠᠷ᠂ ᠬᠤᠭᠤᠯᠠᠨ ᠭᠡᠷ᠂ ᠪᠠᠶᠢᠷᠢ ᠶᠢᠨ ᠭᠡᠷ᠂ ᠲᠤᠰᠠᠭᠠᠷᠯᠠᠬᠤ ᠲᠠᠰᠤᠭ᠂ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠬᠦ ᠲᠠᠰᠤᠭ᠂ ᠭᠦᠸᠧᠯᠦ ᠶᠢᠨ ᠭᠡᠷ ᠵᠡᠷᠭᠡ ᠵᠠᠩᠭᠢᠯᠠᠭ᠎ᠠ ᠶᠢᠨ ᠣᠷᠣᠨ ᠪᠦᠰᠡ ᠪᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠬᠢᠵᠢᠭ ᠰᠡᠷᠭᠡᠶᠢᠯᠡᠬᠦ ᠡᠳ᠋ ᠪᠣᠳᠠᠰ ᠤᠨ ᠨᠠᠷᠢᠨ ᠲᠠᠩᠰᠠ᠂ ᠠᠯᠠᠵᠤ ᠤᠰᠠᠳᠬᠠᠭᠰᠠᠨ ᠲᠡᠮᠳᠡᠭᠯᠡᠯ ᠂ ᠪᠠᠭᠰᠢ ᠰᠣᠷᠣᠭᠴᠢ ᠶᠢᠨ ᠵᠢᠭᠰᠠᠭᠠᠨ ᠪᠠᠶᠢᠴᠠᠭᠠᠭᠰᠠᠨ ᠲᠡᠮᠳᠡᠭᠯᠡᠯ᠂ ᠰᠣᠷᠣᠭᠴᠢ ᠶᠢᠨ ᠰᠤᠷᠭᠠᠭᠤᠯᠢ ᠳᠤ ᠣᠷᠣᠬᠤ ᠶᠠᠪᠤᠴᠠ᠂ ᠬᠤᠭᠤᠯᠠ ᠬᠤᠨᠤᠭ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠰᠤᠷᠭᠠᠭᠤᠯᠢ ᠶᠢᠨ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠶᠢ ᠱᠠᠭᠠᠷᠳᠠᠪᠠ᠃ ᠪᠦᠦ ᠬᠤᠩ ᠶᠢᠩ ᠵᠢᠭᠠᠵᠤ ᠭᠠᠷᠭᠠᠭᠰᠠᠨ ᠨᠢ᠂ ᠰᠤᠷᠭᠠᠭᠤᠯᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠪᠠ ᠬᠦᠴᠢᠷ ᠠᠰᠠᠭᠤᠳᠠᠯ ᠮᠥᠨ᠂ ᠡᠯ᠎ᠡ ᠰᠤᠷᠭᠠᠭᠤᠯᠢ ᠶᠢᠨ ᠦᠵᠡᠯ ᠰᠠᠨᠠᠭ᠎ᠠ ᠲᠠᠨᠢᠯᠲᠠ ᠶᠢ ᠳᠠᠬᠢᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠶᠢ ᠳᠠᠬᠢᠨ ᠨᠠᠷᠢᠯᠢᠭᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠶᠢ ᠳᠠᠬᠢᠨ ᠴᠢᠩᠭᠠᠳᠬᠠᠵᠤ᠂ ᠪᠠᠭᠰᠢ ᠰᠤᠷᠤᠭᠴᠢᠳ ᠤᠨ ᠪᠠᠶᠢᠴᠠᠭᠠᠨ ᠭᠠᠷᠭᠠᠬᠤ ᠠᠵᠢᠯ ᠢ ︽ᠡᠷᠬᠡᠪᠰᠢ ᠨᠠᠷᠢᠯᠢᠭ ᠣᠨᠣᠪᠴᠢᠳᠠᠢ ᠪᠠᠶᠢᠯᠭᠠᠬᠤ ᠬᠡᠷᠡᠭᠲᠡᠢ︾᠂ ᠡᠯ᠎ᠡ ᠰᠤᠷᠭᠠᠭᠤᠯᠢ ᠶᠢᠨ ᠬᠢᠴᠢᠶᠡᠯ ᠰᠡᠷᠭᠦᠭᠡᠬᠦ ᠨᠥᠬᠦᠴᠡᠯ ᠢ ︽ᠡᠷᠬᠡᠪᠰᠢ ᠪᠠᠷᠢᠮᠵᠢᠶ᠎ᠠ ᠳᠤ ᠬᠦᠷᠭᠡᠬᠦ ᠬᠡᠷᠡᠭᠲᠡᠢ︾᠂ ︽ᠰᠤᠷᠭᠠᠭᠤᠯᠢ ᠶᠢᠨ ᠬᠢᠴᠢᠶᠡᠯ ᠰᠡᠷᠭᠦᠭᠡᠬᠦ ᠨᠥᠬᠦᠴᠡᠯ ᠢ ᠪᠦᠷᠢᠯᠳᠦᠭᠦᠯᠬᠦ ᠦᠭᠡᠢ᠂ ᠪᠠᠷᠢᠮᠵᠢᠶ᠎ᠠ ᠳᠤ ᠬᠦᠷᠬᠦ ᠦᠭᠡᠢ᠂ ᠬᠢᠴᠢᠶᠡᠯ ᠰᠡᠷᠭᠦᠭᠡᠬᠦ ᠦᠭᠡᠢ︾ ᠭᠡᠬᠦ ᠤᠯᠠᠭᠠᠨ ᠱᠤᠭᠤᠮ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号