ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠡᠭᠦᠳᠡ ᠪᠠᠨ ᠨᠡᠭᠡᠭᠡᠪᠡ
ᠨᠡᠶᠢᠲᠡᠯᠡᠭᠰᠡᠨ ᠴᠠᠭ᠄
2022/10/27
   10 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ︵ᠨᠡᠭᠦᠳᠡᠯ ᠣᠷᠳᠣᠨ︶ ᠢ ᠲᠦᠴᠢᠦᠸᠠᠨ ᠰᠢᠶᠠᠨ ᠤ ᠪᠡᠶ᠎ᠡ ᠶᠢᠨ ᠲᠠᠮᠢᠷ ᠤᠨ ᠣᠷᠳᠣᠨ ᠳᠤ ᠲᠤᠷᠰᠢᠨ ᠠᠵᠢᠯᠯᠠᠭᠤᠯᠵᠤ ᠪᠠᠶᠢᠭ᠎ᠠ ᠨᠢ᠃
   ᠲᠤᠰ ᠮᠦᠽᠧᠢ ᠨᠢ ᠬᠤᠶᠠᠷ ᠦᠵᠡᠰᠬᠦᠯᠡᠩ ᠤᠨ ᠣᠷᠳᠣᠨ ᠳᠤ ᠬᠤᠪᠢᠶᠠᠭᠳᠠᠵᠤ᠂ ᠨᠢᠭᠡ ᠨᠢ ᠴᠦᠨ ᠵᠧᠦ ᠬᠤᠲᠠ   ᠶᠢᠨ ᠠᠭᠤᠳᠠᠮ ᠲᠠᠯᠠᠪᠠᠶ   ᠶᠢᠨ ᠶᠡᠷᠦᠩᠬᠡᠶᠢᠯᠡᠭᠰᠡᠨ ᠴᠣᠭᠴᠠ   ᠶᠢᠨ 13 ᠳ᠋ᠤᠭᠠᠷ ᠳᠠᠪᠬᠤᠷᠯᠢᠭ ᠲᠤ ᠪᠠᠶᠢᠷᠢᠯᠠᠵᠤ᠂ 1700 ᠲᠡᠭᠰᠢ ᠳᠥᠷᠪᠡᠯᠵᠢᠨ ᠮᠧᠲᠷ ᠲᠠᠯᠠᠪᠠᠶ  ᠲᠠᠢ᠂ 42 ᠳᠡᠯᠭᠡᠨ ᠦᠵᠡᠭᠦᠯᠬᠦ ᠵᠦᠢᠯ ᠲᠠᠢ ᡽ᠨᠥᠭᠦᠭᠡ ᠨᠢ ᠪᠡᠶ᠎ᠡ   ᠶᠢᠨ ᠲᠠᠮᠢᠷ ᠤᠨ ᠣᠷᠳᠣᠨ ᠳᠤ ᠪᠠᠶᠢᠷᠢᠰᠢᠵᠤ᠂ ᠵᠡᠭᠦᠨ ᠪᠠᠷᠠᠭᠤᠨ 2 ᠦᠵᠡᠭᠦᠯᠦᠯᠭᠡ   ᠶᠢᠨ ᠲᠣᠭᠤᠷᠢᠭ᠂ 3 ᠭᠤᠣᠯ ᠰᠡᠳᠦᠪ ᠲᠠᠢ᠂ ᠨᠡᠶᠢᠲᠡ 51 ᠦᠵᠡᠭᠦᠯᠦᠯᠭᠡ   ᠶᠢᠨ ᠡᠳ᠋ ᠲᠠᠢ᠃
   ᠡᠭᠦᠳᠡ ᠪᠠᠨ ᠨᠡᠭᠡᠭᠡᠭᠰᠡᠨ ᠠᠩᠬᠠᠨ ᠤ ᠡᠳᠦᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ 50 ᠭᠠᠷᠤᠢ ᠰᠤᠷᠤᠭᠴᠢᠳ ᠢ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠬᠡᠦᠬᠡᠳ ᠤᠳ ᠬᠠᠶᠢᠯᠤᠰᠢ ᠶᠢᠨ ᠮᠥᠷᠥᠶᠢᠴᠡᠭᠡᠨ᠂ ᠬᠠᠷ᠎ᠠ ᠠᠴᠠ ᠪᠠᠰᠠ ᠬᠠᠷ᠎ᠠ᠂ ᠰᠦᠯᠢᠶᠥᠦ ᠬᠤᠸᠠᠷ ᠫᠤᠤᠵᠢᠩ᠂ ᠥᠩᠭᠡ ᠬᠤᠪᠢᠷᠠᠵᠤ ᠴᠢᠳᠠᠳᠠᠭ ᠰᠢᠷᠬᠡᠭᠯᠢᠭ᠂ ᠣᠨᠴᠠ ᠲᠦᠷᠦᠯ ᠤᠨ ᠰᠢᠯ᠂ ᠸᠠᠭᠠᠷ ᠱᠠᠭᠠᠵᠠᠩ ᠤᠨ ᠤᠷᠠᠯᠢᠭ ᠵᠡᠷᠭᠡ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠳᠤ ᠴᠢᠨᠠᠷ᠂ ᠬᠠᠷᠢᠯᠴᠠᠨ ᠦᠢᠯᠡᠳᠦᠯᠴᠡᠬᠦ ᠴᠢᠨᠠᠷ ᠢ ᠨᠢᠭᠡᠳᠬᠡᠭᠰᠡᠨ ᠲᠦᠷᠦᠯ ᠵᠦᠢᠯ ᠲᠠᠢ ᠣᠶᠢᠷᠠᠲᠤᠵᠠᠢ᠃ᠳᠠᠷᠠᠭ᠎ᠠ ᠪᠠᠷ ᠨᠢ ᠪᠠᠰᠠ ᠪᠠᠴᠢᠮ ᠪᠠᠶᠢᠳᠠᠯ ᠢ ᠠᠷᠭᠠᠴᠠᠬᠤ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ ᠤᠨ ᠲᠠᠩᠬᠢᠮ ᠳᠤ ᠣᠷᠣᠵᠤ᠂ VR ᠪᠡᠶᠡᠴᠢᠯᠡᠨ ᠣᠶᠢᠯᠠᠭᠠᠬᠤ᠂ ᠸᠢᠳᠢᠤ᠋ ᠪᠠᠷ ᠲᠠᠶᠢᠯᠪᠤᠷᠢᠯᠠᠬᠤ᠂ ᠠᠮᠢ ᠵᠢᠭᠤᠲᠠᠬᠤ ᠶᠢ ᠳᠠᠭᠤᠷᠢᠶᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠳᠠᠬᠢᠨ ᠬᠠᠷᠢᠯᠴᠠᠨ ᠬᠥᠳᠡᠯᠦᠯᠴᠡᠨ ᠠᠰᠠᠭᠤᠵᠤ ᠬᠠᠷᠢᠭᠤᠯᠬᠤ᠂ ᠭᠠᠷ ᠬᠥᠳᠡᠯᠦᠨ ᠰᠣᠷᠢᠯᠲᠠ ᠬᠢᠬᠦ ᠲᠠᠢ ᠤᠶᠠᠯᠳᠤᠭᠤᠯᠤᠨ᠂ ᠬᠠᠮᠲᠤ ᠰᠤᠷᠤᠭᠴᠢᠳ ᠢ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠣᠯᠠᠨ ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠮᠡᠳᠡᠯᠭᠡ ᠶᠢ ᠰᠤᠷᠤᠯᠴᠠᠭᠤᠯᠪᠠ᠃
   ᠡᠨᠡ ᠤᠳᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠡᠭᠦᠳᠡ ᠪᠠᠨ ᠨᠡᠭᠡᠭᠡᠭᠰᠡᠨ ᠨᠢ ᠰᠤᠷᠤᠭᠴᠢᠳ ᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠪᠡᠳᠡᠭᠰᠢ ᠶᠡᠭᠡ ᠳᠠᠶᠢᠯᠠᠯᠭ᠎ᠠ ᠬᠦᠷᠭᠡᠭᠰᠡᠨ ᠢᠶᠠᠷ ᠪᠠᠷᠠᠬᠤ ᠦᠭᠡᠢ᠂ ᠰᠤᠷᠤᠭᠴᠢᠳ ᠤᠨ ᠰᠢᠨᠵᠢᠯᠡᠬᠦ ᠤᠬᠠᠭᠠᠨ ᠳᠤ ᠳᠤᠷᠠᠲᠠᠢ᠂ ᠰᠢᠨᠵᠢᠯᠡᠬᠦ ᠤᠬᠠᠭᠠᠨ ᠢ ᠰᠤᠷᠤᠯᠴᠠᠵᠤ᠂ ᠰᠢᠨᠵᠢᠯᠡᠬᠦ ᠤᠬᠠᠭᠠᠨ ᠢ ᠬᠡᠷᠡᠭᠯᠡᠬᠦ ᠬᠠᠯᠠᠭᠤᠨ ᠰᠡᠳᠬᠢᠯᠭᠡ ᠶᠢ ᠨᠠᠩ ᠬᠥᠭᠵᠢᠭᠡᠵᠦ᠂ ᠰᠢᠨᠵᠢᠯᠡᠬᠦ ᠤᠬᠠᠭᠠᠨ ᠤ ᠲᠤᠬᠠᠢ ᠡᠷᠳᠡᠮ ᠮᠡᠳᠡᠯᠭᠡ ᠰᠤᠷᠬᠤ ᠪᠠ ᠬᠠᠶᠢᠨ ᠰᠦᠪᠡᠭᠴᠢᠯᠡᠬᠦ ᠬᠦᠰᠡᠯ ᠢ ᠨᠢ ᠬᠥᠭᠵᠢᠭᠡᠭᠰᠡᠨ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号