2022 ᠣᠨ ᠤ 1-9 ᠰᠠᠷ᠎ᠠ ᠶᠢᠨ ᠲᠦᠴᠢᠦᠸᠠᠨ ᠰᠢᠶᠠᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2022/10/27
        ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2022 ᠣᠨ ᠤ 1 ︱ 9 ᠳ᠋ᠦ᠋ᠭᠡᠷ ᠰᠠᠷ᠎ᠠ ᠳᠤ ᠪᠥᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 490285 ᠲᠦᠮᠡᠨ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 9.4% ᠨᠡᠮᠡᠭᠳᠡᠪᠡ᠃ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 4.4%︶᠃ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 100567 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ︔ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 196909 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠪᠡ︔ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 192809 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠨᠡᠮᠡᠭᠳᠡᠪᠡ᠃       2022 ᠣᠨ ᠤ 1︱9 ᠰᠠᠷ᠎ᠠ ᠳᠤ ᠲᠦᠴᠢᠦᠸᠠᠨ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 10.3%︶᠃       2022 ᠣᠨ ᠤ 1 ︱ 9 ᠰᠠᠷ᠎ᠠ ᠳᠤ ᠲᠦᠴᠢᠦᠸᠠᠨ ᠰᠢᠶᠠᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠪᠡᠶᠡᠯᠡᠭᠦᠯᠦᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 77.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠨᠢᠭᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 29.2%︶᠃       2022 ᠣᠨ ᠤ 1︱9 ᠰᠠᠷ᠎ᠠ ᠳᠤ ᠲᠦᠴᠢᠦᠸᠠᠨ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 87756.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ ᠳᠣᠲᠣᠷ᠎ᠠ ᠳᠥᠷᠪᠡᠳᠦᠭᠡᠷ ᠲᠤ ᠵᠢᠭᠰᠠᠭᠠᠭᠳᠠᠪᠠ ︵ᠪᠥᠬᠦ ᠠᠶᠢᠮᠠᠭ ᠤᠨ ᠨᠡᠮᠡᠭᠳᠡᠯ ᠤᠨ ᠬᠤᠷᠳᠤᠴᠠ 3.8%︶᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号