ᠨᠠᠨ ᠬᠤ᠋ ᠨᠠᠭᠤᠷ ᠤᠨ ᠨᠣᠶᠢᠲᠠᠨ ᠭᠠᠵᠠᠷ ᠲᠤ ᠢᠷᠡᠵᠦ  ᠴᠢᠮ᠎ᠠ ᠶᠢ ᠨᠠᠮᠤᠷ ᠤᠨ ᠦᠵᠡᠮᠵᠢ ᠳᠤ ᠰᠣᠭᠲᠣᠭᠤᠷᠠᠭᠤᠯᠤᠨ᠎ᠠ
ᠨᠡᠶᠢᠲᠡᠯᠡᠭᠰᠡᠨ ᠴᠠᠭ᠄
2022/10/8
   ︽ᠪᠠᠶᠢᠩᠭᠤ ᠶᠢᠨ ᠴᠢᠨᠠᠷᠲᠠᠢ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠳᠣᠣᠷ᠎ᠠ᠂ ᠠᠮᠤᠷ ᠲᠦᠪᠰᠢᠨ ᠤ ᠠᠰᠠᠭᠤᠳᠠᠯ   ᠢ ᠪᠣᠳᠣᠯᠬᠢᠯᠠᠭᠠᠳ᠂ ᠭᠡᠷ ᠤᠨ ᠡᠭᠦᠳᠡᠨ ᠳᠠᠬᠢ ᠦᠵᠡᠮᠵᠢ ᠶᠢᠨ ᠭᠠᠵᠠᠷ ᠨᠢ ᠮᠠᠨ ᠤ ᠬᠠᠮᠤᠭ ᠤᠨ ᠰᠠᠶᠢᠨ ᠰᠣᠩᠭᠤᠯᠲᠠ ᠪᠣᠯᠵᠤ᠂ ᠠᠳᠡ ᠨᠠᠭᠤᠷ ᠤᠨ ᠤᠰᠤ ᠨᠢ ᠲᠤᠩᠭᠠᠯᠠᠭ᠂ ᠬᠡᠦᠬᠡᠳ ᠢᠶᠠᠨ ᠳᠠᠭᠠᠭᠤᠯᠤᠨ ᠠᠳᠡ ᠢᠷᠡᠵᠦ ᠵᠢᠭᠠᠰᠤ ᠭᠥᠬᠢᠳᠡᠪᠡᠯ ᠪᠠᠰᠠ ᠦᠵᠡᠮᠵᠢ ᠰᠣᠨᠢᠷᠬᠠᠵᠤ ᠪᠣᠯᠣᠨ᠎ᠠ︾ ᠭᠡᠵᠦ ᠲᠦᠴᠢᠦᠸᠠᠨ ᠰᠢᠶᠠᠨ ᠤ ᠰᠠᠭᠤᠭᠠᠯᠢ ᠠᠷᠠᠳ ᠶᠠᠩ ᠹᠧᠢ ᠬᠡᠯᠡᠪᠡ᠃     ᠵᠢᠷᠭᠠᠬᠤ ᠨᠡᠷᠡᠨ ᠤ ᠲᠤᠶᠠᠭ᠎ᠠ ᠨᠠᠨ ᠬᠤ᠋ ᠨᠠᠭᠤᠷ ᠤᠨ ᠴᠢᠭᠢᠭᠯᠢᠭ ᠭᠠᠵᠠᠷ ᠤᠨ ᠴᠡᠴᠡᠷᠯᠢᠭ ᠤᠨ ᠨᠠᠭᠤᠷ ᠤᠨ ᠨᠢᠭᠤᠷ ᠳᠡᠭᠡᠷ᠎ᠡ ᠨᠠᠮᠤᠭᠤᠬᠠᠨ ᠰᠠᠴᠤᠬᠤ ᠳᠤ᠂ ᠭᠦᠢᠬᠡᠨ ᠤᠮᠪᠠᠵᠤ ᠪᠠᠶᠢᠭ᠎ᠠ ᠵᠢᠭᠠᠰᠤ ᠨᠢ ᠨᠠᠮ ᠬᠥᠮ ᠨᠠᠭᠤᠷ ᠤᠨ ᠨᠢᠭᠤᠷ ᠢ ᠢᠷᠠᠯᠵᠠᠭᠤᠯᠵᠤ᠂ ᠬᠥᠪᠡᠭᠡᠨ ᠳᠠᠬᠢ ᠵᠢᠭᠠᠰᠤ ᠭᠥᠬᠢᠳᠡᠭᠴᠢᠳ ᠪᠠ ᠴᠡᠴᠡᠭ ᠤᠨ ᠲᠡᠯᠡᠶ ᠳᠤ ᠨᠠᠭᠠᠳᠴᠤ ᠪᠠᠶᠢᠭ᠎ᠠ ᠬᠡᠦᠬᠡᠳ ᠤᠳ ᠡᠨᠡ ᠬᠦ ᠨᠠᠮᠤᠷ ᠤᠨ ᠤᠯᠠᠷᠢᠯ ᠳᠤ ᠬᠥᠮᠥᠨ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠭᠰᠠᠨ ᠭᠤᠶᠣ ᠰᠠᠶᠢᠬᠠᠨ ᠵᠢᠷᠤᠭ ᠢ ᠵᠢᠷᠤᠭᠯᠠᠵᠠᠢ᠃     ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠵᠤ ᠪᠠᠶᠢᠭ᠎ᠠ ᠣᠳᠣᠬᠠᠨ ᠳᠤ᠂ ᠵᠢᠭᠤᠯᠴᠢᠯᠠᠯ ᠤᠨ ᠲᠤᠬᠠᠢ ᠲᠣᠮᠢᠶᠠᠯᠠᠯ ᠨᠢ ᠵᠥᠪᠬᠡᠨ ᠠᠯᠤᠰ ᠬᠤᠯᠠ ᠳᠤ ᠬᠦᠷᠬᠦ ᠲᠡᠳᠦᠢ ᠪᠢᠰᠢ᠂ ᠴᠡᠴᠡᠭ ᠰᠣᠨᠢᠷᠬᠠᠨ ᠴᠡᠴᠡᠷᠯᠢᠭ ᠢᠶᠠᠷ ᠵᠤᠭᠠᠴᠠᠬᠤ᠂ ᠭᠡᠷ ᠤᠨ ᠭᠠᠳᠠᠨ᠎ᠠ ᠵᠤᠭᠠᠴᠠᠬᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠡᠭᠦᠯ ᠮᠡᠨᠳᠦ ᠵᠡᠷᠭᠡ ᠬᠤᠲᠠ ᠶᠢᠨ ᠲᠡᠭᠦᠷᠭᠡ ᠶᠢᠨ ᠵᠢᠭᠤᠯᠴᠢᠯᠠᠯ ᠤᠨ ᠭᠤᠣᠯ ᠰᠡᠳᠦᠪ ᠨᠢ ᠬᠥᠮᠥᠰ ᠤᠨ ᠠᠩᠬᠠᠷᠤᠯ   ᠢ ᠶᠡᠬᠡᠳᠡ ᠲᠠᠲᠠᠵᠤ᠂ ᠬᠠᠯᠠᠭᠤᠨ ᠤ ᠬᠡᠮᠵᠢᠶ᠎ᠡ ᠪᠠᠷ ᠪᠠᠭᠤᠷᠠᠭ᠎ᠠ ᠦᠭᠡᠢ ᠪᠠᠶᠢᠨ᠎ᠠ᠃ ᠲᠦᠴᠢᠦᠸᠠᠨ ᠰᠢᠶᠠᠨ ᠤ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ ᠴᠦ ᠡᠨᠡᠬᠦ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠵᠤᠭᠠᠴᠠᠨ ᠨᠠᠭᠠᠳᠬᠤ ᠤᠷᠬᠢᠯ ᠳᠠᠭᠠᠨ ᠲᠤᠯᠵᠤ᠂ ᠨᠠᠨ ᠬᠤ᠋ ᠨᠠᠭᠤᠷ ᠤᠨ ᠨᠤᠭᠤ ᠭᠠᠵᠠᠷ ᠲᠤ ᠬᠥᠮᠥᠨ ᠬᠠᠷ᠎ᠠ ᠬᠤᠷᠠᠨ ᠴᠤᠭᠯᠠᠷᠠᠵᠤ᠂ ᠵᠤᠭᠠᠴᠠᠭᠰᠠᠳ ᠲᠠᠰᠤᠷᠠᠯᠳᠡ ᠦᠭᠡᠢ ᠴᠤᠪᠤᠷᠠᠵᠤ᠂ ᠵᠢᠷᠤᠭ ᠮᠡᠲᠦ ᠨᠠᠮᠤᠷ ᠤᠨ ᠦᠵᠡᠮᠵᠢ ᠳᠤ ᠪᠤᠴᠠᠬᠤ ᠪᠠᠨ ᠮᠠᠷᠲᠠᠵᠤ᠂ ᠭᠡᠷ ᠤᠨ ᠬᠥᠮᠥᠰ᠂ ᠲᠦᠷᠦᠯ ᠰᠠᠳᠤᠨ ᠨᠠᠶᠢᠵᠢ ᠨᠥᠬᠦᠳ ᠲᠠᠢ ᠪᠠᠨ ᠬᠠᠮᠲᠤ ᠪᠠᠶᠢᠬᠤ ᠰᠠᠶᠢᠨ ᠰᠠᠶᠢᠬᠠᠨ ᠴᠠᠭ ᠮᠥᠴᠡ ᠶᠢ ᠡᠳ᠋ᠯᠡᠬᠦ ᠶᠢ ᠣᠯᠵᠤ ᠬᠠᠷᠠᠨ᠎ᠠ᠃    ︽︿ᠡᠷᠭᠢᠨ ᠲᠣᠭᠤᠷᠢᠨ ᠤ ᠵᠢᠭᠤᠯᠴᠢᠯᠠᠯ﹀ ᠪᠣᠯ ᠪᠠᠰᠠ ᠴᠤ ᠨᠢᠭᠡ ᠵᠦᠢᠯ ᠤᠨ ᠵᠢᠷᠭᠠᠯ ᠮᠥᠨ᠂ ᠡᠴᠢᠭᠡ ᠡᠬᠡ  ᠨᠢ ᠨᠠᠰᠤ ᠠᠬᠢᠵᠤ᠂ ᠬᠡᠦᠬᠡᠳ ᠨᠢ ᠬᠠᠷᠠᠬᠠᠨ ᠪᠠᠭ᠎ᠠ ᠪᠠᠶᠢᠭᠰᠠᠭᠠᠷ᠂ ᠣᠶᠢᠷ᠎ᠠ ᠬᠠᠪᠢ ᠶᠢᠨ ᠦᠵᠡᠮᠵᠢ ᠶᠢᠨ ᠭᠠᠵᠠᠷ ᠨᠢ ᠭᠡᠷ ᠠᠴᠠ ᠣᠶᠢᠷ᠎ᠠ᠂ ᠶᠠᠳᠠᠷᠠᠪᠠᠯ ᠬᠡᠵᠢᠶ᠎ᠡ ᠴᠦ ᠭᠡᠷ ᠲᠡᠭᠡᠨ ᠬᠠᠷᠢᠵᠤ ᠪᠣᠯᠣᠨ᠎ᠠ᠂ ᠡᠶᠢᠮᠦ ᠠᠴᠠ ᠰᠡᠯᠡᠭᠦᠦ ᠰᠡᠯᠡᠭᠦᠦ ᠪᠠᠶᠢᠳᠠᠯ ᠨᠢ ᠰᠠᠶ᠋ᠢ ᠠᠮᠠᠷᠠᠯᠲᠠ   ᠶᠢᠨ ᠬᠤᠭᠤᠴᠠᠭᠠᠨ ᠤ ᠭᠤᠣᠯ ᠬᠥᠭ ᠠᠶᠠᠰ ᠪᠣᠯᠬᠤ ᠶᠣᠰᠣᠲᠠᠢ︾ ᠭᠡᠵᠤ ᠠᠯᠪᠠᠨ ᠲᠤᠰᠢᠶᠠᠯᠲᠠᠨ ᠴᠧᠩ ᠲᠢᠩ ᠰᠤᠷᠪᠤᠯᠵᠢᠯᠠᠭᠴᠢ ᠳᠤ ᠬᠡᠯᠡᠬᠦ ᠳᠡᠭᠡᠨ᠂ ︽ᠠᠳᠡ ᠰᠡᠭᠦᠳᠡᠷ ᠲᠠᠲᠠᠬᠤ ᠳᠤ ᠭᠠᠷ ᠤᠨ ᠠᠶ᠎ᠠ ᠪᠠᠷ ᠢᠶᠠᠨ ︿ᠲᠣᠮᠣ ᠺᠢᠨᠣ᠋﹀ ᠪᠣᠯᠣᠨ᠎ᠠ᠂ ᠲᠣᠮᠣ ᠬᠥᠮᠥᠰ ᠪᠠ ᠬᠡᠦᠬᠡᠳ ᠤᠳ ᠴᠥᠮ ᠪᠠᠶᠠᠷ ᠬᠥᠷ ᠲᠠᠢ ᠨᠠᠭᠠᠳᠤᠨ᠎ᠠ︾ ᠭᠡᠵᠡᠢ᠃     ᠵᠢᠷᠤᠭ ᠲᠠᠲᠠᠬᠤ᠂ ᠺᠠᠷᠲ ᠪᠦᠷᠢᠳᠬᠡᠭᠦᠯᠬᠦ᠂ ᠪᠢᠴᠢᠭ ᠬᠠᠪᠰᠤᠷᠭᠠᠬᠤ᠂ ᠨᠠᠶᠢᠵᠠ ᠶᠢᠨ ᠲᠣᠭᠤᠷᠢᠭ ᠤᠨ ᠪᠢᠴᠢᠯ ᠪᠯᠤᠭ ᠲᠠᠷᠬᠠᠭᠠᠬᠤ ᠁ ᠡᠨᠡ ᠪᠣᠯ ᠣᠳᠣᠬᠠᠨ ᠤ ᠣᠯᠠᠩᠬᠢ ᠵᠤᠭᠠᠴᠠᠭᠰᠠᠳ ᠤᠨ ᠭᠠᠳᠠᠭᠰᠢ ᠭᠠᠷᠴᠤ ᠵᠤᠭᠠᠴᠠᠬᠤ ᠶᠢᠨ ᠬᠠᠮᠲᠤ ᠪᠠᠷ ᠡᠳ᠋ᠯᠡᠬᠦ ᠳᠠᠳᠬᠠᠯ ᠪᠣᠯᠣᠨ᠎ᠠ᠃ ᠲᠦᠴᠢᠦᠸᠠᠨ ᠰᠢᠶᠠᠨ ᠤ ᠨᠠᠨ ᠬᠤ᠋ ᠨᠠᠭᠤᠷ ᠤᠨ ᠨᠤᠭᠤ ᠭᠠᠵᠠᠷ ᠵᠢᠴᠢ ᠪᠠᠭ᠎ᠠ ᠡᠮᠡᠭᠡᠲᠦ ᠭᠤᠣᠯ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠪᠣᠯ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠬᠦ ᠣᠷᠣᠨ ᠪᠦᠰᠡ ᠶᠢᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠢᠨᠵᠧᠨᠧᠷᠢᠩ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠨᠢᠭᠡᠳᠦᠭᠡᠷ ᠬᠤᠭᠤᠴᠠᠭᠠᠨ ᠤ ᠨᠠᠨ ᠬᠤ᠋ ᠨᠠᠭᠤᠷ ᠤᠨ ᠴᠢᠭᠢᠭᠯᠢᠭ ᠭᠠᠵᠠᠷ ᠵᠢᠴᠢ ᠦᠵᠡᠮᠵᠢ ᠶᠢᠨ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 6000 ᠲᠦᠮᠡᠨ ᠲᠥᠭᠦᠷᠢᠭ ᠪᠠᠶᠢᠵᠤ᠂ ᠶᠡᠷᠦᠩᠬᠡᠢ ᠲᠠᠯᠠᠪᠠᠶ ᠨᠢ 60 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 2.1 ᠲᠦᠮᠡᠨ ᠲᠡᠭᠰᠢ ᠳᠥᠷᠪᠡᠯᠵᠢᠨ ᠮᠧᠲᠷ ᠤᠨ ᠵᠣᠬᠢᠶᠠᠮᠠᠯ ᠴᠢᠭᠢᠭᠯᠢᠭ ᠭᠠᠵᠠᠷ᠂ 50 ᠲᠦᠮᠡᠨ ᠲᠡᠭᠰᠢ ᠳᠥᠷᠪᠡᠯᠵᠢᠨ ᠮᠧᠲᠷ ᠤᠨ ᠥᠩᠭᠡᠨ ᠤᠷᠤᠰᠬᠠᠯ ᠤᠨ ᠴᠢᠭᠢᠭᠯᠢᠭ ᠭᠠᠵᠠᠷ ᠵᠢᠴᠢ ᠪᠤᠰᠤᠳ ᠳᠠᠭᠠᠯᠲᠠ ᠪᠣᠳᠠᠰ ᠢ ᠪᠠᠭᠲᠠᠭᠠᠨ᠎ᠠ᠃    ᠪᠥᠬᠦ ᠰᠢᠶᠠᠨ ᠳᠤ ᠠᠰᠢᠭ ᠬᠦᠷᠲᠡᠭᠡᠬᠦ‍ ᠨᠢᠭᠡ ᠵᠦᠢᠯ ᠤᠨ ᠠᠮᠢ ᠠᠬᠤᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠨᠠᠨ ᠬᠤ᠋ ᠨᠠᠭᠤᠷ ᠤᠨ ᠴᠢᠭᠢᠭᠯᠢᠭ ᠭᠠᠵᠠᠷ ᠤᠨ ᠴᠡᠴᠡᠷᠯᠢᠭ  ᠨᠢ ᠠᠮᠢ ᠠᠬᠤᠢ ᠶᠢᠨ ᠵᠠᠰᠠᠯᠲᠠ ᠵᠢᠴᠢ ᠦᠵᠡᠮᠵᠢ ᠶᠢ ᠪᠣᠶ ᠪᠣᠯᠭᠠᠬᠤ ᠪᠠᠷ ᠳᠡᠮᠵᠢᠨ ᠳᠠᠬᠢᠯᠲᠠ ᠤᠰᠤᠨ ᠤ ᠡᠷᠭᠢᠯᠲᠡ ᠶᠢᠨ ᠠᠰᠢᠭᠯᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠰᠠᠭᠤᠭᠠᠯᠢ ᠠᠷᠠᠳ ᠲᠤ ᠬᠥᠭᠦᠷᠭᠡᠨ ᠵᠠᠮ ᠢᠶᠠᠷ ᠵᠢᠭᠠᠰᠤ ᠭᠥᠬᠢᠳᠡᠬᠦ᠂ ᠬᠤᠲᠠ ᠶᠢᠨ ᠲᠡᠭᠦᠷᠭᠡ ᠪᠠᠷ ᠲᠣᠭᠤᠷᠢᠨ ᠵᠤᠭᠠᠴᠠᠬᠤ᠂ ᠭᠡᠷ ᠪᠦᠯᠢ ᠪᠠᠷ ᠢᠶᠠᠨ ᠤᠰᠤ ᠪᠠᠷ ᠨᠠᠭᠠᠳᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠤᠨ ᠨᠠᠭᠤᠷ ᠲᠣᠭᠤᠷᠢᠭᠰᠠᠨ ᠦᠵᠡᠮᠵᠢ ᠶᠢᠨ ᠬᠦᠷᠢᠶᠡᠯᠡᠩ ᠬᠠᠩᠭᠠᠬᠤ ᠪᠣᠯᠣᠨ᠎ᠠ᠃ ᠡᠭᠦᠨ ᠤ ᠬᠠᠮᠲᠤ᠂ ᠥᠨᠳᠥᠷ ᠪᠠᠷᠢᠮᠵᠢᠶ᠎ᠠ ᠪᠠᠷ ᠲᠡᠷᠭᠡᠨ ᠵᠣᠭᠰᠣᠭᠠᠯ᠂ ᠦᠢᠯᠡᠴᠢᠯᠡᠭᠡᠨ ᠤ ᠲᠥᠪ᠂ ᠠᠮᠠᠷᠠᠯᠲᠠ ᠶᠢᠨ ᠰᠠᠨᠳᠠᠯᠢ᠂ ᠦᠵᠡᠮᠵᠢ ᠰᠣᠨᠢᠷᠬᠠᠬᠤ ᠲᠠᠪᠴᠠᠩ᠂ ᠦᠵᠡᠮᠵᠢ ᠶᠢᠨ ᠮᠣᠳᠣ ᠪᠠ ᠮᠢᠷᠠᠯᠵᠠᠭᠰᠠᠨ ᠴᠡᠴᠡᠭ ᠤᠨ ᠲᠡᠯᠡᠶ ᠵᠡᠷᠭᠡ ᠵᠢᠭᠤᠯᠴᠢᠯᠠᠯ ᠤᠨ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠵᠤ᠂ ᠣᠯᠠᠨ ᠲᠦᠮᠡᠨ ᠳᠤ ᠡᠯᠡᠰᠦᠨ ᠲᠠᠩ ᠤᠨ ᠨᠡᠷᠡᠨ ᠤ ᠬᠡᠷᠡᠯ ᠤᠨ ᠤᠬᠢᠶᠠᠯ ᠬᠦᠷᠲᠡᠭᠡᠬᠦ ᠶᠢᠨ ᠬᠠᠮᠲᠤ᠂ ᠬᠠᠮᠤᠭ ᠤᠨ ᠥᠨᠳᠥᠷ ᠪᠠᠷᠢᠮᠵᠢᠶᠠᠲᠤ ᠦᠢᠯᠡᠴᠢᠯᠡᠭᠡ ᠶᠢ ᠬᠦᠷᠲᠡᠭᠡᠪᠡ᠃    ᠣᠶᠢᠯᠠᠭᠠᠭᠰᠠᠨ ᠢᠶᠠᠷ᠂ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠠᠴᠠ ᠨᠠᠰᠢ᠂ ᠨᠠᠨ ᠬᠤ᠋ ᠨᠠᠭᠤᠷ ᠤᠨ ᠴᠢᠭᠢᠭᠯᠢᠭ ᠭᠠᠵᠠᠷ ᠲᠤ ᠡᠳᠦᠷ ᠪᠦᠷᠢ ᠮᠢᠩᠭ᠎ᠠ ᠠᠴᠠ ᠳᠡᠭᠡᠭᠰᠢ ᠵᠤᠭᠠᠴᠠᠭᠰᠠᠳ ᠢ ᠭᠥᠯᠢᠶᠡᠨ ᠠᠪᠴᠤ ᠪᠠᠶᠢᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号