ᠱᠦᠢ ᠴᠢᠤᠸᠠᠨ ᠪᠠᠯᠭᠠᠰᠤᠨ ᠳᠤ ︽ᠬᠥᠳᠡᠭᠡ ᠲᠣᠰᠬᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠬᠦ · ᠮᠠᠨ ᠤ ᠲᠠᠶᠢᠰᠠ︾ ᠭᠡᠬᠦ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠵᠢᠴᠢ ᠲᠠᠯᠠᠪᠠᠢ ᠶᠢᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2022/11/1
    ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠬᠡᠪᠡᠷ ᠪᠣᠶᠢᠵᠢᠭᠤᠯᠤᠨ ᠦᠢᠯᠡᠳᠦᠯᠭᠡᠵᠢᠭᠦᠯᠵᠦ᠂ ᠥᠷᠭᠡᠨ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 10 ᠰᠠᠷ᠎ᠠ ᠶᠢᠨ 28  ᠤ ᠦᠳᠡ ᠶᠢᠨ ᠡᠮᠦᠨ᠎ᠡ᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ·ᠮᠠᠨ ᠤ ᠲᠠᠶᠢᠰᠠ︾ ᠱᠦᠢ ᠴᠢᠤᠸᠠᠨ ᠪᠠᠯᠭᠠᠰᠤᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ ᠠᠵᠢᠯᠯᠠᠭ᠎ᠠ ᠵᠢᠴᠢ ᠲᠠᠯᠠᠪᠠᠢ ᠶᠢᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠱᠦᠢ ᠴᠢᠤᠸᠠᠨ ᠪᠠᠯᠭᠠᠰᠤᠨ ᠤ ᠯᠦᠩ ᠱᠧᠩ ᠲᠣᠰᠬᠤᠨ ᠤ ᠰᠣᠶᠣᠯ ᠤᠨ ᠲᠠᠯᠠᠪᠠᠢ ᠳᠤ ᠦᠪᠡᠳᠡᠭᠰᠢ ᠶᠡᠬᠡᠪᠡᠷ ᠶᠠᠪᠤᠭᠳᠠᠪᠠ᠃
  ᠬᠠᠷᠠᠩᠭ᠎ᠠ ᠬᠡᠩᠭᠡᠷᠭᠡ ᠨᠢᠵᠢᠭᠢᠨᠡᠵᠦ ᠪᠠᠳᠠᠷᠠᠯᠲᠤ ᠴᠠᠭ ᠦᠶ᠎ᠡ ᠶᠢ ᠪᠡᠯᠭᠡᠯᠡᠨ᠎ᠡ᠂ ᠪᠠᠶᠠᠷᠲᠤ ᠳᠠᠭᠤᠤ ᠪᠥᠵᠢᠭ ᠤᠨ ᠦᠵᠡᠰᠬᠦᠯᠡᠩ ᠤᠨ ᠭᠡᠷᠡᠯ ᠭᠢᠯᠪᠠᠭ᠎ᠠ ᠶᠢ ᠲᠡᠮᠳᠡᠭᠯᠡᠨ᠎ᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠦᠵᠡᠭᠦᠯᠦᠯᠭᠡ ᠶᠢᠨ ᠲᠣᠭᠯᠠᠯᠲᠠ ᠶᠢᠨ ᠠᠩᠭᠢ ᠨᠤᠭᠤᠳ ᠤᠨ ᠴᠤᠭ ᠵᠢᠪᠬᠤᠭ᠎ᠠ ᠪᠠᠷ ᠪᠢᠯᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ ᠤᠯᠠᠨ ᠶᠠᠩᠵᠤ ᠶᠢᠨ ᠬᠡᠯᠪᠡᠷᠢ ᠲᠠᠢ᠂ ᠥᠪᠡᠷᠮᠢᠴᠡ ᠬᠡᠪ ᠨᠠᠮᠪᠠ ᠲᠠᠢ ᠲᠠᠯᠠᠪᠠᠢ ᠶᠢᠨ ᠪᠥᠵᠢᠭ ᠤᠨ ᠲᠣᠭᠯᠠᠯᠲᠠ ᠶᠢ ᠡᠭᠡᠯᠵᠢᠯᠡᠨ ᠲᠣᠭᠯᠠᠵᠤ᠂ ︽ᠠᠭᠤᠯᠠᠨ ᠬᠥᠲᠥᠯ︾᠂ ︽ᠲᠦᠮᠡᠨ ᠵᠠᠩ ᠤᠯᠠᠭᠠᠨ ᠲᠣᠭᠤᠰᠣᠲᠤ ᠭᠤᠷᠪᠠᠨ ᠬᠤᠨᠳᠠᠭ᠎ᠠ ᠠᠷᠢᠬᠢ︾᠂ ︽ᠲᠡᠭᠷᠢ ᠭᠠᠵᠠᠷ ᠢ ᠳᠣᠩᠰᠣᠯᠭᠠᠬᠤ︾᠂ ︽ᠳᠤᠮᠳᠠᠳᠤ ᠤᠯᠤᠰ ᠤᠨ ᠭᠠᠯ ᠳᠦᠷᠡᠯᠵᠡᠭᠰᠡᠨ ᠴᠠᠭ ᠦᠶ᠎ᠡ︾ ᠁ ᠬᠦᠷ ᠬᠥᠭᠵᠢᠶᠡᠨ ᠲᠠᠢ᠂ ᠭᠤᠶᠢᠳᠠ ᠰᠠᠶᠢᠬᠠᠨ ᠲᠠᠯᠠᠪᠠᠢ ᠶᠢᠨ ᠪᠥᠵᠢᠭ ᠤᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠪᠠ᠃
   ᠲᠤᠰ ᠤᠳᠠᠭ᠎ᠠ ᠶᠢᠨ ᠲᠠᠯᠠᠪᠠᠢ ᠶᠢᠨ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠢᠨ ᠠᠵᠢᠯᠯᠠᠭ᠎ᠠ ᠨᠢ ᠳᠠᠭᠤᠯᠠᠨ ᠪᠥᠵᠢᠭᠯᠡᠬᠦ ᠳᠤᠮᠳᠠ ᠰᠢᠨ᠎ᠡ ᠴᠠᠭ ᠦᠶ᠎ᠡ ᠶᠢᠨ ᠵᠣᠯ ᠵᠢᠷᠭᠠᠯ ᠤᠨ ᠰᠠᠭᠤᠷᠢ ᠥᠩᠭᠡ ᠶᠢ ᠭᠡᠷᠡᠯᠳᠦᠬᠦᠯᠵᠦ᠂ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠪᠦᠯᠬᠦᠮᠳᠡᠨ ᠲᠡᠮᠡᠴᠡᠬᠦ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠥᠳᠬᠡᠨ ᠵᠤᠵᠠᠭᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠵᠤ᠂ ᠭᠤᠣᠯ ᠬᠦᠭ ᠠᠶᠠᠰ ᠢ ᠴᠢᠪᠬᠠᠳᠠᠵᠤ᠂ ᠢᠳᠡᠪᠬᠢ ᠬᠦᠴᠦᠨ ᠢ ᠳᠠᠮᠵᠢᠭᠤᠯᠵᠤ᠂ ᠴᠤᠭ ᠰᠦᠯᠳᠡ ᠶᠢ ᠨᠢ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯ ᠤᠨ ᠲᠥᠷᠥᠭᠳᠡᠯ ᠢ ᠳᠡᠭᠡᠭᠰᠢᠯᠡᠭᠦᠯᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号