| | ︽ᠵᠧᠨ ᠸᠧᠢ ᠭᠡᠳᠡᠭ ᠵᠠᠯᠠᠭᠤ᠂ ᠲᠠᠷᠢᠬᠢ ᠲᠣᠯᠣᠭᠠᠢ ᠬᠤᠷᠴᠠ ᠰᠡᠷᠭᠡᠭ᠂ ᠮᠡᠷᠭᠡᠵᠢᠯ ᠰᠠᠶᠢᠲᠠᠢ᠂ ᠪᠠᠰᠠ ᠨᠢᠭᠡ | ᠵᠦᠢᠯ ᠤᠨ ᠵᠣᠷᠢᠭᠲᠠᠢ ᠲᠡᠮᠡᠴᠡᠬᠦ ᠵᠣᠷᠢᠭ ᠲᠠᠢ ᠪᠠᠶᠢᠳᠠᠭ᠂ 2018 ᠣᠨ ᠠᠴᠠ ᠡᠬᠢᠯᠡᠨ ᠲᠣᠰᠬᠤᠨ ᠳᠤ ᠦᠬᠡᠷ | ᠲᠡᠵᠢᠭᠡᠵᠦ ᠪᠠᠶᠢᠭᠰᠠᠨ ᠢᠶᠠᠨ ᠣᠲᠣ ᠨᠢᠭᠡᠨᠲᠡ ᠮᠠᠨ ᠤ ᠲᠣᠰᠬᠤᠨ ᠤ ᠪᠠᠶᠠᠵᠢᠯ ᠤᠨ ᠳᠠᠭᠠᠭᠤᠯᠤᠭᠴᠢ ᠪᠣᠯᠤᠭᠰᠠᠨ | ᠪᠠᠶᠢᠨ᠎ᠠ︕︾ ᠭᠡᠵᠦ ᠵᠢᠭᠠᠵᠤ ᠭᠠᠷᠭᠠᠪᠠ᠃ᠣᠶᠢᠷ᠎ᠠ ᠳᠤ᠂ ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ | ᠱᠧᠩ ᠯᠢ ᠲᠣᠰᠬᠤᠨ ᠤ ᠨᠠᠮ ᠤᠨ ᠡᠭᠦᠷ ᠤᠨ ᠱᠦᠵᠢ ᠯᠢ ᠶᠢᠨ ᠰᠢᠨ ᠲᠠᠨᠢᠯᠴᠠᠭᠤᠯᠪᠠ᠃ | | | | ᠮᠠ ᠵᠧᠨ ᠸᠧᠢ ᠶᠢ ᠳᠤᠷᠠᠳᠪᠠᠯ᠂ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠠᠷᠠᠳ ᠪᠦᠷ | ᠡᠷᠡᠬᠡᠢ ᠬᠤᠷᠤᠭᠤ ᠪᠠᠨ ᠭᠤᠵᠣᠶᠢᠯᠭᠠᠵᠤ᠂ ᠲᠡᠭᠦᠨ ᠢ ᠠᠵᠢᠯᠴᠢ ᠬᠥᠳᠡᠯᠮᠦᠷᠢᠴᠢ᠂ ᠬᠠᠯᠠᠭᠤᠨ ᠰᠡᠳᠬᠢᠯ ᠲᠠᠢ᠂ | ᠵᠠᠮᠴᠢᠯᠠᠭᠴᠢ ᠭᠡᠵᠦ ᠬᠡᠯᠡᠳᠡᠭ᠃ᠮᠠ ᠵᠧᠨ ᠸᠧᠢ᠂ ᠲᠦᠴᠢᠦᠸᠠᠨ ᠰᠢᠶᠠᠨ ᠤ ᠶᠢᠨᠱᠠᠨ ᠲᠠᠷᠢᠶᠠᠯᠠᠩ ᠤᠨ ᠮᠠᠰᠢᠨ ᠤ | ᠤᠷᠭᠤᠮᠠᠯ ᠤᠨ ᠬᠠᠮᠠᠭᠠᠯᠠᠯᠲᠠ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠠᠶᠢᠮᠠᠭ ᠤᠨ | ᠳᠡᠰ ᠤᠨ ︽ᠰᠢᠶᠣᠣ ᠵᠢᠩ ᠮᠠᠶ᠋ᠢᠭ︾ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ | ᠳᠠᠭᠠᠭᠤᠯᠤᠭᠴᠢ᠃ᠤᠯᠠᠨ ᠵᠢᠯ ᠤᠨ ᠲᠤᠷᠰᠢ᠂ ᠲᠡᠷᠡ ᠮᠠᠰᠢ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠣᠯᠣᠨ | ᠪᠠᠶᠠᠵᠢᠬᠤ ᠳᠤ ᠨᠤᠲᠤᠭ ᠤᠨ ᠠᠬ᠎ᠠ ᠳᠡᠭᠦᠦ ᠨᠠᠷ ᠢᠶᠠᠨ ᠦᠯᠦ ᠮᠠᠷᠲᠠᠬᠤ ᠰᠡᠳᠬᠢᠯᠭᠡ ᠪᠠᠷ ᠨᠤᠲᠤᠭ ᠤᠨ ᠠᠬ᠎ᠠ ᠳᠡᠭᠦᠦ | ᠨᠠᠷ ᠢᠶᠠᠨ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠵᠤ᠂ ᠰᠡᠳᠬᠢᠯ ᠲᠠᠯᠪᠢᠵᠤ ᠬᠠᠶᠢᠷ᠎ᠠ | ᠰᠡᠳᠬᠢᠯᠭᠡ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠤᠨ ᠬᠥᠭᠵᠢᠯᠲᠡ ᠳᠤ | ᠥᠩᠭᠡ ᠪᠤᠳᠤᠭ ᠨᠡᠮᠡᠷᠢᠯᠡᠵᠡᠢ᠃ | 2000 ᠣᠨ ᠳᠤ᠂ ᠮᠠ ᠵᠧᠨ ᠸᠧᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠰᠤᠷᠭᠠᠭᠤᠯᠢ ᠠᠴᠠ ᠲᠡᠭᠦᠰᠴᠦ᠂ ᠠᠳᠡᠲ᠋ᠥ᠋ᠷᠥᠭᠰᠡᠨ᠂ ᠠᠳᠡ ᠥᠰᠦᠭᠰᠡᠨ ᠲᠥᠷᠥᠭᠰᠡᠨ ᠨᠤᠲᠤᠭ ᠰᠢᠤᠸᠠᠢ ᠲᠢᠶᠠᠨ | ᠰᠢᠶᠠᠩ ᠤᠨ ᠱᠧᠩ ᠯᠢ ᠲᠣᠰᠬᠤᠨ ᠳᠠᠭᠠᠨ ᠡᠷᠡᠰ ᠰᠢᠭᠤᠷᠬᠠᠢ ᠪᠠᠷ ᠪᠤᠴᠠᠵᠤ ᠢᠷᠡᠵᠡᠶ᠃ ᠰᠡᠴᠡᠨ ᠰᠡᠷᠭᠦᠯᠡᠩ ᠰᠤᠷᠬᠤ | ᠳᠤᠷᠠᠲᠠᠢ᠂ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ ᠪᠥᠭᠡᠳ ᠮᠡᠷᠭᠡᠵᠢᠯ ᠲᠠᠢ ᠪᠣᠯᠬᠤᠷ ᠲᠡᠷᠡ ᠤᠳᠠᠯ ᠦᠭᠡᠢ | ᠪᠦᠬᠦ ᠲᠣᠰᠬᠤᠨ ᠢᠶᠠᠷ ᠢᠶᠠᠨ ᠲᠠᠷᠢᠵᠦ ᠲᠡᠵᠢᠭᠡᠬᠦ ᠮᠡᠷᠭᠡᠵᠢᠯ ᠤᠨ ᠴᠢᠳᠠᠪᠤᠷᠢᠲᠠᠨ ᠪᠣᠯᠵᠤ᠂ ᠲᠣᠰᠬᠤᠨ ᠳᠠᠭᠠᠨ ᠪᠠᠭ᠎ᠠ | ᠰᠠᠭ᠎ᠠ ᠨᠡᠷ᠎ᠡ ᠴᠤᠤ ᠲᠠᠢ ᠪᠣᠯᠤᠭᠰᠠᠨ ᠪᠠᠶᠢᠨ᠎ᠠ᠃ ᠡᠨᠡ ᠦᠶ᠎ᠡ ᠳᠤ ᠲᠡᠷᠡ ᠮᠠᠰᠢ ᠲᠦᠷᠭᠡᠨ ᠢᠶᠠᠷ ᠪᠦᠬᠦ | ᠲᠣᠰᠬᠤᠨ ᠢᠶᠠᠷ ᠢᠶᠠᠨ ᠲᠠᠷᠢᠵᠦ ᠲᠡᠵᠢᠭᠡᠬᠦ ᠮᠡᠷᠭᠡᠵᠢᠯ ᠤᠨ ᠴᠢᠳᠠᠪᠤᠷᠢᠲᠠᠨ ᠪᠣᠯᠵᠤ᠂ ᠲᠣᠰᠬᠤᠨ ᠳᠠᠭᠠᠨ ᠪᠠᠭ᠎ᠠ ᠰᠠᠭ᠎ᠠ | ᠨᠡᠷ᠎ᠡ ᠴᠤᠤ ᠲᠠᠢ ᠪᠣᠯᠤᠭᠰᠠᠨ ᠪᠠᠶᠢᠨ᠎ᠠ᠃2018 ᠣᠨ ᠳᠤ᠂ ᠲᠡᠵᠢᠭᠡᠨ ᠦᠷᠡᠵᠢᠭᠦᠯᠬᠦ ᠤᠷᠢᠶᠠᠯᠠᠭ᠎ᠠ ᠶᠢ ᠴᠤᠤᠷᠢᠶᠠᠲᠤᠨ | ᠳᠠᠭᠠᠵᠤ᠂ ᠲᠣᠰᠬᠤᠨ ᠤ ᠨᠠᠮ ᠤᠨ ᠡᠭᠦᠷ ᠤᠨ ᠳᠡᠮᠵᠢᠯᠭᠡ ᠳᠣᠣᠷ᠎ᠠ᠂ ᠲᠡᠷᠡ ᠲᠦᠴᠢᠦᠸᠠᠨ ᠰᠢᠶᠠᠨ ᠤ ᠶᠢᠨᠱᠠᠨ | ᠲᠠᠷᠢᠶᠠᠯᠠᠩ ᠤᠨ ᠮᠠᠰᠢᠨ ᠤ ᠤᠷᠭᠤᠮᠠᠯ ᠤᠨ ᠬᠠᠮᠠᠭᠠᠯᠠᠯᠲᠠ ᠶᠢᠨ ᠲᠤᠰᠬᠠᠢ ᠬᠤᠷᠰᠢᠶ᠎ᠠ ᠶᠢ ᠳᠠᠩᠰᠠᠯᠠᠭᠤᠯᠤᠨ | ᠪᠠᠶᠢᠭᠤᠯᠵᠤ᠂ ᠦᠬᠡᠷ ᠲᠡᠵᠢᠭᠡᠨ ᠦᠷᠡᠵᠢᠭᠦᠯᠬᠦ ᠲᠠᠯ᠎ᠠ ᠪᠠᠷ ᠬᠦᠴᠦᠯᠡᠵᠦ ᠡᠬᠢᠯᠡᠪᠡ᠃ | ᠬᠥᠭᠵᠢᠯᠲᠡ ᠶᠢᠨ ᠡᠬᠢᠨ ᠤ ᠬᠤᠭᠤᠴᠠᠭᠠᠨ ᠳᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠠᠰᠢᠭᠯᠠᠨ | ᠦᠬᠡᠷ ᠲᠡᠵᠢᠭᠡᠬᠦ ᠨᠢ ᠭᠠᠷᠤᠯᠲᠠ ᠪᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠤᠯᠠᠮ ᠨᠢᠭᠡ ᠠᠯᠬᠤᠮ | ᠠᠬᠢᠭᠤᠯᠵᠤ ᠴᠢᠳᠠᠬᠤ ᠶᠢ ᠣᠶᠢᠯᠠᠭᠠᠭᠰᠠᠨ ᠤ ᠳᠠᠷᠠᠭ᠎ᠠ᠂ ᠮᠠ ᠵᠧᠨ ᠸᠧᠢ ᠪᠣᠷᠳᠤᠭ᠎ᠠ ᠬᠤᠳᠠᠯᠳᠤᠨ ᠠᠪᠴᠤ ᠦᠬᠡᠷ | ᠲᠡᠵᠢᠭᠡᠬᠦ ︽ᠡᠩ ᠤᠨ ᠠᠵᠢᠯᠯᠠᠭ᠎ᠠ︾ ᠶᠢ ᠡᠪᠳᠡᠵᠦ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠡᠩ | ᠲᠡᠷᠢᠭᠦᠨ ᠳᠤ ᠳᠠᠷᠢᠵᠤ ᠡᠬᠢᠯᠡᠭᠰᠡᠨ ᠪᠠᠶᠢᠨ᠎ᠠ᠃ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠵᠦ ᠠᠰᠢᠭ | ᠭᠥᠷᠳᠡᠭᠰᠡᠨ ᠤ ᠳᠠᠷᠠᠭ᠎ᠠ᠂ ᠮᠠ ᠵᠧᠨ ᠸᠧᠢ ᠳᠠᠷᠢᠵᠤ ᠲᠡᠵᠢᠭᠡᠬᠦ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ | ᠬᠤᠷᠰᠢᠶ᠎ᠠ ᠠᠭᠠᠵᠢᠮ ᠢᠶᠠᠷ ᠵᠥᠪ ᠵᠠᠮ ᠳᠠᠭᠠᠨ ᠣᠷᠣᠪᠠ᠃ | ᠠᠯᠤᠰ ᠬᠡᠳᠤ ᠶᠢᠨ ᠬᠥᠭᠵᠢᠯᠲᠡ ᠶᠢ ᠪᠣᠳᠣᠯᠬᠢᠯᠠᠭᠠᠳ᠂ ᠮᠠ ᠵᠧᠨ ᠸᠧᠢ ᠲᠠᠷᠢᠬᠢ ᠪᠠᠨ ᠰᠢᠪᠬᠠᠨ | ᠪᠣᠳᠣᠯᠬᠢᠯᠠᠵᠤ᠂ ︽ᠴᠢᠳᠠᠪᠤᠷᠢᠲᠠᠨ ᠢᠶᠠᠷ ᠳᠠᠶᠢᠴᠢᠯᠠᠬᠤ︾ ᠶᠢ ᠶᠡᠬᠡᠪᠡᠷ ᠬᠡᠷᠡᠭᠵᠢᠭᠦᠯᠵᠦ᠂ ᠤᠷᠢᠳ ᠬᠤᠵᠢᠳ ᠦᠬᠡᠷ | ᠲᠡᠵᠢᠭᠡᠬᠦ ᠰᠠᠨᠠᠭ᠎ᠠ ᠲᠠᠢ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠭᠦᠨ᠂ ᠨᠠᠮ ᠤᠨ ᠭᠡᠰᠢᠭᠦᠨ ᠪᠣᠯᠣᠨ | ᠮᠡᠷᠭᠡᠵᠢᠯ ᠤᠨ ᠴᠢᠳᠠᠪᠤᠷᠢᠲᠠᠨ ᠢ ᠬᠤᠷᠰᠢᠶ᠎ᠠ ᠳᠤ ᠡᠯᠰᠡᠨ ᠣᠷᠣᠭᠤᠯᠵᠤ᠂ ᠲᠡᠳᠡᠨ ᠢ ᠬᠥᠭᠵᠢᠯᠲᠡ ᠶᠢᠨ ︽ᠤᠶᠤᠨ ᠤ | ᠤᠭᠤᠲᠠ︾ ᠪᠠ ︽ᠳᠠᠭᠠᠭᠤᠯᠤᠭᠴᠢ︾ ᠪᠣᠯᠭᠠᠵᠤ᠂ ᠬᠤᠷᠰᠢᠶ᠎ᠠ ᠶᠢᠨ ᠬᠥᠭᠵᠢᠨ ᠪᠤᠵᠠᠭᠠᠶᠢᠷᠠᠬᠤ ᠪᠠ ᠪᠦᠬᠦ | ᠲᠣᠰᠬᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠪᠠ᠃ᠲᠠᠷᠢᠵᠤ ᠤᠷᠭᠤᠭᠤᠯᠬᠤ | ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠮᠠ ᠵᠧᠨ ᠸᠧᠢ ᠬᠤᠷᠰᠢᠶ᠎ᠠ ᠶᠢ ᠳᠠᠭᠠᠭᠤᠯᠤᠨ ᠮᠧᠬᠠᠨᠢᠭᠵᠢᠭᠤᠯᠬᠤ | ᠠᠵᠢᠯ ᠢ ᠳᠡᠯᠭᠡᠷᠡᠭᠦᠯᠵᠦ᠂ ᠡᠩ ᠲᠡᠷᠢᠭᠦᠨ ᠳᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢ ᠬᠤᠳᠠᠯᠳᠤᠨ ᠠᠪᠴᠤ᠂ ᠮᠠᠯ | ᠠᠵᠤ ᠠᠬᠤᠢ ᠡᠪᠡᠰᠦ ᠪᠣᠷᠳᠤᠭ᠎ᠠ ᠶᠢ ᠮᠧᠬᠠᠨᠢᠭᠵᠢᠭᠤᠯᠬᠤ ᠵᠠᠮ ᠢᠶᠠᠷ ᠵᠠᠮᠨᠠᠵᠠᠢ᠃ ᠴᠢᠨᠠᠷ ᠰᠠᠶᠢᠲᠠᠢ ᠠᠯᠠᠰᠢᠨ ᠦᠬᠡᠷ ᠢ | ᠪᠣᠶᠢᠵᠢᠭᠤᠯᠬᠤ ᠶᠢᠨ ᠲᠥᠯᠥᠭᠡ᠂ ᠮᠠ ᠵᠧᠨ ᠸᠧᠢ ᠪᠡᠶ᠎ᠡ ᠪᠠᠷ ᠢᠶᠠᠨ ᠲᠠᠶᠢᠰᠠᠨ ᠠᠴᠠ ᠪᠠᠭᠤᠵᠤ᠂ ᠴᠢᠩᠭ᠎ᠠ ᠬᠢᠨᠠᠨ | ᠪᠠᠶᠢᠴᠠᠭᠠᠭᠠᠳ᠂ ᠠᠯᠠᠰᠢᠨ ᠦᠬᠡᠷ ᠤᠨ ᠡᠭᠦᠯᠳᠡᠷ᠂ ᠬᠢᠵᠢᠭ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠪᠠ ᠪᠣᠷᠳᠣᠵᠤ | ᠲᠠᠷᠭᠤᠯᠠᠭᠤᠯᠬᠤ ᠬᠤᠭᠤᠴᠠᠭᠠᠨ ᠤ ᠡᠷᠡᠭᠦᠯ ᠮᠡᠨᠳᠦ ᠶᠢᠨ ᠪᠠᠶᠢᠳᠠᠯ ᠵᠡᠷᠭᠡ ᠶᠢ ᠴᠥᠮ ᠡᠩ ᠤᠨ ᠲᠡᠵᠢᠭᠡᠨ ᠦᠷᠡᠵᠢᠭᠦᠯᠬᠦ | ᠲᠠᠯᠠᠪᠠᠶ ᠶᠢᠨ ᠠᠯᠠᠰᠢᠨ ᠦᠬᠡᠷ ᠠᠴᠠ ᠳᠠᠪᠠᠭᠤᠯᠢᠭ ᠪᠣᠯᠭᠠᠵᠤ᠂ ᠰᠠᠶᠢᠨ ᠡᠭᠦᠯᠳᠡᠷ ᠤᠨ ᠠᠯᠠᠰᠢᠨ ᠦᠬᠡᠷ ᠤᠨ | ᠬᠠᠩᠭᠠᠯᠭ᠎ᠠ ᠶᠢ ᠦᠨᠡᠨ ᠬᠦ ᠪᠠᠲᠤᠯᠠᠪᠠ ᠁ ᠡᠲᠡᠭᠡᠷ ᠵᠦᠢᠯ ᠪᠦᠬᠦᠨ ᠳᠤ᠂ ᠮᠠ ᠵᠧᠨ ᠸᠧᠢ ᠪᠣᠯᠣᠨ | ᠭᠡᠰᠢᠭᠦᠳ ᠤᠨ ᠬᠠᠮᠵᠢᠯᠴᠠᠭ᠎ᠠ ᠶᠢᠨ ᠴᠢᠷᠮᠠᠶᠢᠯᠭ᠎ᠠ ᠳᠣᠣᠷ᠎ᠠ᠂ ᠬᠤᠷᠰᠢᠶ᠎ᠠ ᠶᠢᠨ ᠬᠥᠭᠵᠢᠯᠲᠡ ᠡᠳᠦᠷ ᠠᠴᠠ ᠡᠳᠦᠷ | ᠥᠭᠡᠳᠡᠯᠡᠵᠦ ᠪᠠᠶᠢᠨ᠎ᠠ᠃ | ᠲᠦᠴᠢᠦᠸᠠᠨ ᠰᠢᠶᠠᠨ ᠤ ᠰᠢᠤᠸᠠᠢ ᠲᠢᠶᠠᠨ ᠰᠢᠶᠠᠩ ᠤᠨ ᠱᠧᠩ ᠯᠢ ᠲᠣᠰᠬᠤᠨ ᠤ ᠠᠷᠠᠳ ᠯᠢᠦ ᠶᠢᠨ | ᠴᠧᠩ ᠤᠨ ᠭᠡᠷ ᠲᠤ ᠬᠦᠷᠬᠦ ᠳᠤ᠂ ᠲᠡᠷᠡ ᠦᠬᠡᠷ ᠲᠤ ᠡᠪᠡᠰᠦ ᠪᠣᠷᠳᠤᠭ᠎ᠠ ᠪᠡᠯᠡᠳᠬᠡᠵᠦ ᠪᠠᠶᠢᠯ᠎ᠠ᠃ᠴᠡᠪᠡᠷ ᠴᠡᠮᠴᠡᠭᠡᠷ | ᠦᠬᠡᠷ ᠤᠨ ᠬᠠᠰᠢᠶᠠᠨ ᠳᠠᠬᠢ ᠬᠦᠳᠡᠷ ᠴᠢᠭᠢᠷᠠᠭ ᠠᠩᠭᠧᠰ ᠦᠬᠡᠷ ᠢ ᠬᠠᠷᠠᠭᠠᠳ ᠯᠢᠦ ᠶᠢᠨ ᠴᠧᠩ ᠪᠠᠶᠠᠷ ᠤᠨ | ᠢᠨᠢᠶᠡᠮᠰᠦᠭᠯᠡᠯ ᠲᠣᠳᠣᠷᠠᠪᠠ᠃ | ︽ᠪᠢ ᠲᠡᠵᠢᠭᠡᠨ ᠦᠷᠡᠵᠢᠭᠦᠯᠬᠦ ᠮᠡᠷᠭᠡᠵᠢᠯ ᠢᠶᠠᠷ ᠳᠤᠲᠠᠮᠠᠭ ᠠᠴᠠ ᠪᠣᠯᠵᠤ᠂ ᠬᠡᠳᠦ ᠬᠡᠳᠦᠨ ᠤᠳᠠᠭ᠎ᠠ ᠵᠣᠬᠢᠰ | ᠦᠭᠡᠢ ᠲᠡᠵᠢᠭᠡᠵᠦ᠂ ᠦᠬᠡᠷ ᠡᠰᠡ ᠯᠡ ᠦᠬᠦᠴᠢᠬᠡᠯ᠎ᠡ᠂ ᠦᠬᠡᠷ ᠲᠡᠵᠢᠭᠡᠬᠦ ︿ᠮᠡᠷᠭᠡᠨ ᠬᠥᠮᠥᠨ﹀ ᠮᠠ ᠵᠧᠨ ᠸᠧᠢ ᠶᠢᠨ | ᠠᠴᠢ ᠪᠠᠷ ᠮᠠᠨ ᠤ ᠭᠡᠷ ᠲᠤ ᠣᠯᠠᠨᠲᠠ ᠢᠷᠡᠵᠦ ᠪᠣᠯᠪᠠᠰᠤᠷᠠᠯ ᠬᠦᠷᠲᠡᠭᠡᠭᠰᠡᠨ ᠤ ᠠᠴᠢ ᠪᠠᠷ ᠤᠳᠤ ᠦᠬᠡᠷ | ᠲᠡᠵᠢᠭᠡᠬᠦ ᠳᠤ ᠲᠤᠷᠰᠢᠯᠭ᠎ᠠ ᠲᠠᠢ ᠪᠣᠯᠪᠠ᠂ ᠪᠢ ᠲᠠᠷᠠᠭ᠎ᠠ ᠵᠢᠯ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠵᠣᠯ | ᠵᠢᠷᠭᠠᠯᠲᠤ ᠠᠮᠢᠳᠤᠷᠠᠯ ᠢᠶᠠᠨ ᠲᠠᠬᠢᠨ ᠨᠢᠭᠡ ᠳᠡᠭᠲᠡᠷ ᠲᠤ ᠭᠠᠷᠭᠠᠬᠤ ᠪᠠᠷ ᠪᠠᠶᠢᠨ᠎ᠠ︾ ᠭᠡᠵᠦ ᠬᠡᠯᠡᠪᠡ᠃ | ᠨᠢᠭᠡ ᠬᠥᠮᠥᠨ ᠪᠠᠶᠠᠵᠢᠪᠠᠯ ᠪᠠᠶᠠᠨ ᠳᠤ ᠲᠣᠭᠠᠴᠠᠭᠳᠠᠬᠤ ᠦᠭᠡᠢ᠂ ᠤᠯᠠᠨ ᠢᠶᠠᠷ ᠢᠶᠠᠨ ᠪᠠᠶᠠᠵᠢᠪᠠᠯ ᠰᠠᠶ᠋ᠢ | ᠵᠢᠩᠬᠢᠨᠢ ᠪᠠᠶᠠᠨ ᠳᠤ ᠲᠣᠭᠠᠴᠠᠭᠳᠠᠨ᠎ᠠ᠃ ᠮᠠ ᠵᠧᠨ ᠸᠧᠢ ᠶᠢᠨ ᠦᠬᠡᠷ ᠲᠡᠵᠢᠭᠡᠬᠦ ᠦᠢᠯᠡᠰ ᠬᠦᠷ ᠬᠥᠭᠵᠢᠶᠡᠨ ᠲᠠᠢ | ᠪᠠᠶᠢᠵᠤ᠂ ᠦᠷ᠎ᠡ ᠠᠰᠢᠭ ᠨᠢ ᠬᠥᠮᠥᠨ ᠢ ᠪᠠᠶᠠᠷᠯᠠᠭᠤᠯᠤᠮ᠎ᠠ ᠪᠠᠶᠢᠬᠤ ᠶᠢ ᠣᠯᠵᠤ ᠬᠠᠷᠠᠪᠠ᠃ᠰᠢᠤᠸᠠᠢ ᠲᠢᠶᠠᠨ | ᠰᠢᠶᠠᠩ ᠤᠨ ᠱᠧᠩ ᠯᠢ ᠲᠣᠰᠬᠤᠨ ᠤ ᠠᠷᠠᠳ ᠦᠷᠭᠦᠯᠵᠢ ᠭᠡᠷ ᠲᠤᠨᠢ ᠬᠦᠷᠴᠦ ᠲᠣᠭᠤᠷᠢᠨ ᠦᠵᠡᠵᠦ᠂ ᠠᠯᠠᠰᠢᠨ | ᠦᠬᠡᠷ ᠤᠨ ᠠᠵᠤ ᠦᠢᠯᠡᠰ ᠢ ᠬᠥᠭᠵᠢᠭᠦᠯᠬᠦ ᠳᠤᠷᠠᠲᠠᠢ ᠪᠠᠶᠢᠬᠤ ᠪᠠᠨ ᠢᠯᠡᠳᠬᠡᠵᠡᠢ᠃ᠮᠠ ᠵᠧᠨ ᠸᠧᠢ᠂ ᠬᠤᠪᠢ ᠪᠠᠨ | ᠪᠣᠳᠣᠬᠤ ᠦᠭᠡᠢ᠂ ᠬᠤᠪᠢ ᠪᠠᠨ ᠪᠣᠳᠣᠬᠤ ᠦᠭᠡᠢ᠂ ᠦᠬᠡᠷ ᠲᠡᠵᠢᠭᠡᠬᠦ ᠬᠦᠰᠡᠯ ᠲᠠᠢ ᠲᠣᠰᠬᠤᠨ ᠤ ᠠᠷᠠᠳ ᠲᠤ | ᠢᠳᠡᠪᠬᠢᠲᠡᠢ ᠪᠠᠷ ᠳᠡᠮᠵᠢᠯᠭᠡ ᠦᠵᠡᠭᠦᠯᠵᠦ᠂ ᠪᠠᠶᠢᠩᠭᠤᠵᠢᠭᠤᠯᠤᠨ ᠡᠷᠦᠬᠡ ᠳᠤ ᠣᠷᠣᠵᠤ ᠲᠡᠵᠢᠭᠡᠨ ᠦᠷᠡᠵᠢᠭᠦᠯᠬᠦ | ᠡᠷᠦᠬᠡ ᠳᠤ ᠦᠬᠡᠷ ᠲᠡᠵᠢᠭᠡᠬᠦ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠶᠢᠨ ᠬᠠᠮᠲᠤ ᠪᠠᠰᠠ ᠬᠠᠩᠭᠠᠯᠭ᠎ᠠ | ᠬᠡᠷᠡᠭᠴᠡᠭᠡᠨ ᠤ ᠬᠠᠮᠲᠤᠷᠠᠯᠴᠠᠭᠠᠨ ᠤ ᠡᠲᠡᠭᠡᠳ ᠲᠠᠢ ᠢᠳᠡᠪᠬᠢᠲᠡᠢ ᠬᠠᠷᠢᠯᠴᠠᠵᠤ᠂ ᠰᠢᠶᠠᠨ ᠤ ︽ᠮᠠᠯ ᠠᠵᠤ ᠠᠬᠤᠢ | 120︾ ᠦᠢᠯᠡᠴᠢᠯᠡᠭᠡᠨ ᠤ ᠲᠠᠪᠴᠠᠩ ᠤᠨ ᠣᠨᠣᠰᠢᠯᠠᠨ ᠡᠮᠨᠡᠬᠦ ᠮᠡᠷᠭᠡᠵᠢᠯᠲᠡᠨ ᠲᠠᠢ ᠵᠣᠯᠭᠠᠭᠤᠯᠵᠤ᠂ ᠪᠥᠬᠦ | ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠳᠤ ᠬᠢᠵᠢᠭ ᠢ ᠰᠡᠷᠭᠡᠶᠢᠯᠡᠬᠦ᠂ ᠰᠠᠶᠢᠵᠢᠷᠠᠭᠤᠯᠬᠤ ᠪᠠ ᠣᠨᠣᠰᠢᠯᠠᠨ ᠡᠮᠨᠡᠬᠦ | ᠵᠡᠷᠭᠡ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ᠂ ᠦᠬᠡᠷ ᠤᠨ ᠢᠷᠡᠯᠲᠡ ᠶᠢ ᠪᠠᠲᠤᠯᠠᠭ᠎ᠠ ᠲᠠᠢ᠂ ᠦᠬᠡᠷ ᠤᠨ | ᠡᠪᠡᠳᠴᠢᠨ ᠢ ᠡᠮᠨᠡᠭᠦᠯᠬᠦ ᠭᠠᠵᠠᠷ ᠲᠠᠢ᠂ ᠦᠬᠡᠷ ᠬᠤᠳᠠᠯᠳᠤᠬᠤ ᠳᠤ ᠠᠷᠭ᠎ᠠ ᠵᠠᠮ ᠲᠠᠢ᠂ ᠦᠬᠡᠷ ᠲᠡᠵᠢᠭᠡᠪᠡᠯ ᠠᠰᠢᠭ | ᠣᠷᠣᠯᠭ᠎ᠠ ᠲᠠᠢ ᠪᠠᠶᠢᠬᠤ ᠶᠢ ᠦᠨᠡᠨ ᠬᠦ ᠪᠠᠲᠤᠯᠠᠪᠠ᠃ᠲᠡᠭᠦᠨ ᠤ ᠳᠠᠭᠠᠭᠤᠯᠭ᠎ᠠ ᠪᠠᠷ᠂ ᠤᠳᠤ ᠪᠣᠯᠲᠠᠯ᠎ᠠ᠂ ᠪᠦᠬᠦ | ᠲᠣᠰᠬᠤᠨ ᠤ 100 ᠭᠠᠷᠤᠢ ᠡᠷᠤᠬᠡ ᠨᠡᠶᠢᠳᠡ 700 ᠭᠠᠷᠤᠢ ᠠᠯᠠᠰᠢᠨ ᠦᠬᠡᠷ ᠲᠡᠵᠢᠭᠡᠨ ᠦᠷᠡᠵᠢᠭᠦᠯᠵᠦ᠂ ᠬᠥᠮᠥᠨ | ᠳᠤᠮᠳᠠᠴᠢ ᠶᠢᠨ ᠣᠷᠣᠯᠭ᠎ᠠ 2000 ᠭᠠᠷᠤᠢ ᠲᠥᠭᠦᠷᠢᠭ ᠨᠡᠮᠡᠭᠳᠡᠵᠡᠢ᠃ | ᠢᠷᠡᠭᠡᠳᠦᠢ ᠪᠠᠨ ᠪᠠᠷᠠᠯᠠᠬᠤᠶ᠎ᠠ᠂ ᠮᠠ ᠵᠧᠨ ᠸᠧᠢ ᠢᠲᠡᠭᠡᠯ ᠲᠡᠭᠦᠯᠳᠡᠷ ᠪᠠᠶᠢᠨ᠎ᠠ᠃︽ᠪᠢ ᠦᠷᠭᠦᠯᠵᠢᠯᠡᠨ | ᠮᠥᠷᠥᠨ ᠳᠡᠭᠡᠷᠡᠬᠢ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠢ | ᠳᠠᠭᠠᠭᠤᠯᠤᠨ ᠪᠠᠶᠠᠵᠢᠭᠤᠯᠬᠤ ᠶᠢ ᠦᠷᠭᠦᠯᠵᠢᠯᠡᠨ ᠰᠠᠶᠢᠲᠤᠷ ᠬᠢᠬᠦ ᠶᠢᠨ ᠬᠠᠮᠲᠤ ᠪᠣᠬᠢᠷᠳᠤᠯ ᠦᠭᠡᠢ ᠡᠷᠭᠢᠯᠲᠡᠲᠦ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠴᠢᠭᠯᠡᠯ ᠢ | ᠠᠳᠬᠤᠨ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ᠂ ᠴᠡᠪᠡᠷ᠂ ᠪᠣᠬᠢᠷᠳᠤᠯ ᠦᠭᠡᠢ᠂ | ᠮᠠᠰᠢᠨᠴᠢᠯᠠᠭᠰᠠᠨ ᠲᠡᠵᠢᠭᠡᠨ ᠦᠷᠡᠵᠢᠭᠦᠯᠬᠦ ᠵᠠᠭᠪᠤᠷ ᠢ ᠡᠷᠲᠡᠬᠡᠨ ᠪᠡᠶᠡᠯᠡᠭᠦᠯᠬᠦ ᠪᠠᠷ ᠴᠢᠷᠮᠠᠶᠢᠵᠤ᠂ ᠪᠣᠬᠢᠷᠳᠤᠯ ᠦᠭᠡᠢ | ᠠᠮᠢ ᠠᠬᠤᠢ ᠶᠢᠨ ᠡᠷᠭᠢᠯᠲᠡᠲᠦ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ︾ ᠭᠡᠵᠦ | ᠮᠠ ᠵᠧᠨ ᠸᠧᠢ ᠲᠠᠨᠢᠯᠴᠠᠭᠤᠯᠪᠠ᠃ |