ᠵᠠᠰᠠᠭ ᠤᠨ ᠣᠷᠳᠣᠨ ᠤ ᠲᠤᠮᠤ ᠠᠵᠢᠯ ᠶᠠᠪᠤᠳᠡᠯ ᠤᠨ ᠲᠡᠮᠲᠡᠭᠯᠡᠯ ︵  6 ᠰᠠᠷ᠎ᠠ ᠶᠢᠨ 30 ᠤ ᠡᠳᠦᠷ ᠠᠴᠠ 7 ᠰᠠᠷ᠎ᠠ  ᠶᠢᠨ 1 ᠤ ᠡᠳᠦᠷ︶
ᠨᠡᠶᠢᠲᠡᠯᠡᠭᠰᠡᠨ ᠴᠠᠭ᠄
2022/11/12
   6 ᠰᠠᠷ᠎ᠠ ᠶᠢᠨ 30 ᠤ ᠡᠳᠦᠷ ᠠᠴᠠ 7 ᠰᠠᠷ᠎ᠠ   ᠶᠢᠨ 1 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠢᠦᠢ ᠶᠦᠩ ᠨᠠᠷ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠬᠤᠩ ᠭᠤᠸᠠᠨ᠂ ᠢᠦᠢ ᠯᠢ ᠶᠦᠨ᠂ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠽᠠᠩ ᠬᠠᠢ ᠵᠢᠶᠠ᠂ ᠯᠢ ᠬᠤᠩ ᠰᠢᠩ ᠵᠢᠴᠢ ᠣᠷᠣᠨ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    7 ᠰᠠᠷ᠎ᠠ ᠶᠢᠨ 12  ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠪᠦᠬᠦ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠠᠵᠢᠯ ᠤᠨ ᠮᠡᠳᠡᠭᠦᠯᠦᠯᠲᠡ ᠵᠢᠴᠢ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠤᠨ ᠬᠤᠷᠠᠯ ᠳᠤ ᠣᠷᠣᠯᠴᠠᠭᠰᠠᠳ ᠢ ᠳᠠᠭᠠᠭᠤᠯᠤᠨ ᠲᠦᠴᠢᠦᠸᠠᠨ ᠰᠢᠶᠠᠨ ᠳᠤ ᠬᠦᠷᠴᠦ ᠲᠣᠭᠤᠷᠢᠨ ᠦᠵᠡᠵᠡᠢ᠃ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠤ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠳᠡᠳ᠋ ᠬᠤᠰᠢᠭᠤ ᠰᠢᠶᠠᠨ ᠤ ᠬᠤᠲᠠ ᠶᠢᠨ ᠳᠠᠷᠤᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠪᠤᠤ ᠬᠦᠭᠵᠢᠯᠲᠦ᠂ ᠯᠢᠦ ᡁᠢ ᠹᠧᠩ᠂ ᠯᠢ ᠬᠤᠩ ᠰᠢᠩ ᠵᠢᠴᠢ ᠪᠠᠶᠢᠴᠠᠭᠠᠨ ᠰᠤᠳᠤᠯᠬᠤ ᠴᠡᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠦᠵᠡᠭᠦᠯᠦᠯᠭᠡ ᠳᠤ ᠣᠷᠣᠯᠴᠠᠵᠠᠢ᠃    7 ᠰᠠᠷ᠎ᠠ ᠶᠢᠨ 17 ᠤ ᠡᠳᠦᠷ᠂ ᠲᠦᠴᠢᠦᠸᠠᠨ ᠰᠢᠶᠠᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯᠯᠠᠭᠠᠨ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠤᠤ ᠬᠦᠭᠵᠢᠯᠲᠦ᠂ ᠸᠠᠩ ᠵᠢᠶᠠ ᠵᠢᠶᠦ᠋ᠨ ᠵᠢᠴᠢ ᠰᠢᠶᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃    7 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠮᠠᠨ ᠤ ᠰᠢᠶᠠᠨ ᠤ ᠣᠶ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    7 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠢᠦᠢ ᠯᠢ ᠶᠦᠨ ᠨᠠᠷ ᠲᠦᠴᠢᠦᠸᠠᠨ ᠰᠢᠶᠠᠨ ᠳᠤ ᠭᠦᠨᠵᠡᠭᠡᠶᠢᠷᠡᠨ ᠠᠵᠤ ᠠᠬᠤᠢ ᠨᠡᠶᠢᠭᠡᠮ ᠤᠨ ᠬᠥᠭᠵᠢᠯᠲᠡ᠂ ᠲᠥᠪ ᠠᠴᠠ ᠴᠡᠭ ᠲᠣᠭᠲᠠᠭᠠᠨ ᠬᠠᠪᠰᠤᠷᠤᠨ ᠲᠡᠳᠬᠦᠬᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠨᠡᠶᠢᠭᠡᠮ ᠤᠨ ᠵᠠᠰᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠽᠠᠩ ᠬᠠᠢ ᠵᠢᠶᠠ ᠵᠢᠴᠢ ᠠᠶᠢᠮᠠᠭ ᠰᠢᠶᠠᠨ ᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠳᠤ ᠣᠷᠣᠯᠴᠠᠪᠠ᠃    7 ᠳ᠋ᠤᠭᠠᠷ ᠰᠠᠷ᠎ᠠ ᠶᠢᠨ 19 ᠤ ᠡᠳᠦᠷ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠢᠶᠠᠷ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠲᠠᠶᠢᠯᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠬᠤ ᠲᠦᠴᠢᠦᠸᠠᠨ ᠰᠢᠶᠠᠨ ᠤ ᠲᠤᠰᠬᠠᠢ ᠲᠠᠯᠠᠪᠤᠷ ᠤᠨ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠡᠷᠬᠢᠨ ᠨᠠᠩ ᠰᠠᠶᠢᠨ ᠥᠷᠨᠢᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠤᠨ ᠡᠷᠡᠭᠦᠯ ᠪᠥᠭᠡᠳ ᠪᠣᠬᠢᠷᠳᠤᠯ ᠦᠭᠡᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠰᠤᠳᠤᠯᠤᠨ ᠶᠠᠷᠢᠯᠴᠠᠪᠠ᠃ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠼᠤᠤ ᠵᠢᠩ ᠮᠢᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠵᠧᠦ ᠰᠢᠸ ᠢᠩ᠂ ᠰᠥᠩ ᠽᠧ ᠬᠠᠢ ᠵᠢᠴᠢ ᠠᠶᠢᠮᠠᠭ ᠰᠢᠶᠠᠨ ᠬᠤᠶᠠᠷ ᠱᠠᠲᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠢᠶᠠᠨ ᠤ ᠳᠣᠲᠣᠷᠠᠬᠢ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠢ᠃    7 ᠰᠠᠷ᠎ᠠ ᠶᠢᠨ 28 ᠤ ᠡᠳᠦᠷ᠂ ︽8.1︾  ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠪᠤᠤ ᠬᠦᠭᠵᠢᠯᠲᠦ ᠂ ᠸᠠᠩ ᠵᠢᠶᠠ ᠵᠢᠶᠦ᠋ᠨ᠂ ᠯᠢᠦ ᡁᠢ ᠹᠧᠩ᠂ ᠳ᠋ᠠᠢ ᠯᠢ ᠮᠢᠩ ᠳᠤᠰ ᠳᠤᠰ ᠲᠣᠬᠤᠨᠢᠭᠤᠯᠬᠤ ᠳᠤᠭᠤᠶᠢᠯᠠᠩ ᠪᠠᠶᠢᠭᠤᠯᠵᠤ ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠶᠡᠭᠡ ᠠᠩᠭᠢ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠣᠨ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠳᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号