ᠵᠠᠰᠠᠭ ᠤᠨ ᠣᠷᠳᠣᠨ ᠤ ᠲᠤᠮᠤ ᠠᠵᠢᠯ ᠶᠠᠪᠤᠳᠡᠯ ᠤᠨ ᠲᠡᠮᠲᠡᠭᠯᠡᠯ ︵8 ᠰᠠᠷ᠎ᠠ ᠶᠢᠨ1 ᠤ ᠡᠳᠦᠷ ᠠᠴᠠ 8 ᠰᠠᠷ᠎ᠠ  ᠶᠢᠨ 31 ᠤ ᠡᠳᠦᠷ︶
ᠨᠡᠶᠢᠲᠡᠯᠡᠭᠰᠡᠨ ᠴᠠᠭ᠄
2022/11/12
  8 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠰᠢᠶᠣᠣ ᠴᠢ ᠹᠧᠩ ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠴᠧᠨ ᠭᠦᠸᠧ ᠮᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃    8 ᠰᠠᠷ᠎ᠠ ᠶᠢᠨ 10 ᠤ ᠡᠳᠦᠷ᠂ ᠲᠦᠴᠢᠦᠸᠠᠨ ᠰᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠴᠧᠨ ᠭᠦᠸᠧ ᠮᠢᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ᠂ ᠰᠢᠪᠠᠳᠠᠨ ᠪᠠᠶᠢᠴᠠᠭᠠᠬᠤ ᠲᠤᠰᠬᠠᠢ ᠠᠩᠭᠢ᠂ ᠵᠠᠬᠢᠷᠭ᠎ᠠ ᠶᠢᠨ ᠬᠠᠮᠲᠤᠷᠠᠭᠰᠠᠨ ᠠᠯᠪᠠᠨ ᠭᠡᠷ ᠵᠢᠴᠢ ᠡᠯ᠎ᠡ ᠰᠢᠶᠠᠩ ᠪᠠᠯᠭᠠᠰᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 11 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠣᠯᠣᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠦᠬᠦ ᠰᠢᠶᠠᠨ ᠤ ᠬᠤᠣᠷ ᠴᠠᠭᠠᠵᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠣᠷᠣᠨ ᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠭᠰᠠᠨ ᠴᠤ ᠬᠤᠷᠢᠶᠠᠬᠤ ᠦᠭᠡᠢ᠂ ᠬᠤᠷᠢᠶᠠᠬᠤ ᠦᠭᠡᠢ ᠠᠰᠠᠭᠤᠳᠠᠯ ᠤᠨ ᠲᠤᠰᠬᠠᠢ ᠵᠦᠢᠯ ᠤᠨ ᠵᠠᠯᠠᠷᠠᠭᠤᠯᠤᠨ ᠵᠠᠰᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠦᠴᠢᠦᠸᠠᠨ ᠰᠢᠶᠠᠨ ᠤ 2022 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠵᠣᠯᠭᠠᠭᠤᠯᠬᠤ ᠪᠡᠯᠡ ᠮᠥᠩᠭᠦ ᠪᠠ ᠠᠶᠢᠮᠠᠭ ᠤᠨ ᠡᠳ᠋ ᠤᠨ ᠵᠠᠰᠠᠭ ᠤᠨ ᠵᠣᠯᠭᠠᠭᠤᠯᠬᠤ ᠪᠡᠯᠡ ᠮᠥᠩᠭᠦ ᠶᠢ ᠬᠡᠷᠡᠭᠵᠢᠭᠦᠯᠬᠦ ᠲᠥᠷᠥᠯ ᠵᠦᠢᠯ᠂ ᠲᠦᠴᠢᠦᠸᠠᠨ ᠰᠢᠶᠠᠨ ᠤ 2021 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠤᠨ ᠦᠯᠡᠳᠡᠪᠦᠷᠢ ᠪᠡᠯᠡ ᠮᠥᠩᠭᠦ ᠶᠢ ᠬᠡᠷᠡᠭᠵᠢᠭᠦᠯᠬᠦ ᠲᠥᠷᠥᠯ ᠵᠦᠢᠯ ᠵᠡᠷᠭᠡ ᠵᠦᠢᠯᠡᠰ ᠢ ᠰᠤᠳᠤᠯᠵᠤ᠂ 5 ︱ 7 ᠳ᠋ᠤᠭᠠᠷ ᠰᠠᠷ᠎ᠠ ᠶᠢᠨ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃     8 ᠰᠠᠷ᠎ᠠ ᠶᠢᠨ 12 ᠤᠨ ᠡᠳᠦᠷ᠂ ᠪᠡᠭᠡᠵᠢᠩ ᠬᠤᠲᠠ ᠶᠢᠨ ᠹᠠᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠶᠠᠩ ᠪᠥᠸᠧ ᠨᠠᠷ ᠮᠠᠨ ᠤ ᠰᠢᠶᠠᠨ ᠳᠤ ᠢᠷᠡᠵᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠵᠤᠯᠭᠠᠭᠤᠯᠪᠠ᠃ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠪᠦᠦ ᠬᠦᠭᠵᠢᠯᠲᠦ᠂ ᠬᠤᠸᠠᠩ ᠢ ᠬᠤ᠋᠂ ᠸᠠᠩ ᠬᠠᠢ ᠵᠢᠶᠦ᠋ᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃    8 ᠰᠠᠷ᠎ᠠ ᠶᠢᠨ 15  ᠤ ᠡᠳᠦᠷ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠲᠦᠴᠢᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠠᠮᠲᠤᠪᠠᠷ ︽ᠤᠮᠠᠷᠠᠲᠤ ᠶᠢᠨ ᠡᠮᠡᠭᠲᠡᠶᠢᠴᠦᠳ ᠨᠠᠮ ᠳᠠᠭᠠᠨ ᠭᠠᠷ ᠬᠤᠯᠪᠣᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠨ᠎ᠠ ︱ ︿ᠪᠢ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ ᠬᠢᠨ᠎ᠡ﹀ · ᠠᠷᠪᠠ ᠶᠢ ᠬᠦᠷᠭᠡᠬᠦ︾ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠠᠬᠢᠭᠤᠯᠬᠤ ᠠᠵᠢᠯᠯᠠᠭ᠎ᠠ ᠵᠢᠴᠢ ᠲᠦᠴᠢᠦᠸᠠᠨ ᠰᠢᠶᠠᠨ ᠤ ᠣᠨᠴᠠᠭᠠᠢ ᠭᠡᠷ ᠪᠦᠯᠢ ᠶᠢᠨ ᠬᠡᠦᠬᠡᠳ ᠢ ᠬᠠᠪᠰᠤᠷᠤᠨ ᠲᠡᠳᠬᠦᠬᠦ ᠡᠬᠢᠯᠡᠯᠲᠡ ᠶᠢᠨ ᠶᠡᠭᠡ ᠬᠤᠷᠠᠯ ᠢ ᠡᠷᠬᠢᠯᠡᠪᠡ᠃ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠦᠢ ᠷᠦᠩ ᠬᠤᠸᠠ᠂ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠸᠠᠩ ᠶᠦᠩ ᠵᠢᠶᠠ᠂ ᠸᠠᠩ ᠶᠠᠨ ᠪᠥᠸᠧ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠮᠢᠶᠠᠷᠤᠯᠲᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 16  ᠤ ᠡᠳᠦᠷ᠂ ︽ᠬᠤᠷᠢᠳᠤᠭᠠᠷ ᠶᠡᠭᠡ ᠬᠤᠷᠠᠯ ᠤᠨ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠢ ᠪᠠᠶᠠᠷᠯᠠᠨ ᠤᠭᠲᠤᠶ᠎ᠠ︾ ᠲᠦᠴᠢᠦᠸᠠᠨ ᠰᠢᠶᠠᠨ ᠤ ᠭᠤᠷᠪᠠᠳᠤᠭᠠᠷ ᠬᠤᠭᠤᠴᠠᠭᠠᠨ ᠤ ᠦᠵᠦᠮ ᠲᠡᠭᠦᠬᠦ ᠨᠠᠶᠢᠷ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠳᠤ ᠡᠬᠢᠯᠡᠪᠡ᠃ᠵᠠᠩ ᠱᠤᠸᠠᠩ ᠴᠧᠩ᠂ ᠸᠠᠩ ᠶᠦᠩ ᠵᠢᠶᠠ ᠵᠡᠷᠭᠡ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ ᠣᠯᠠᠨ ᠲᠦᠮᠡᠨ ᠲᠠᠢ ᠬᠠᠮᠲᠤ ᠪᠠᠷ ︽ᠦᠵᠦᠮ ᠤᠨ ᠬᠦᠷᠢᠶᠡᠯᠡᠩ︾ ᠢᠶᠠᠷ ᠵᠤᠭᠠᠴᠠᠵᠤ ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠮᠲᠤ ᠪᠠᠷ ᠡᠳ᠋ᠯᠡᠪᠡ᠃    8 ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠪᠦᠯᠬᠦᠮ ᠳᠠᠭᠠᠭᠤᠯᠤᠨ ᠪᠦᠦ ᠱᠢ ᠲᠢᠶᠠᠨ ᠶᠤᠸᠠᠨ ᠶᠡᠷᠦᠩᠬᠡᠢ ᠴᠣᠭᠴᠠ᠂ ᠮᠢᠩ ᠰᠢᠩ ᠲᠢᠶᠠᠨ ᠶᠤᠸᠠᠨ ᠶᠡᠷᠦᠩᠬᠡᠢ ᠴᠣᠭᠴᠠ ᠳᠤ ᠬᠦᠷᠴᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠶᠢᠨ ᠬᠤᠷᠠᠯ ᠬᠢᠵᠦ᠂ ᠡᠯ᠎ᠡ ᠲᠠᠯ᠎ᠠ ᠶᠢᠨ ᠬᠢᠨ ᠢ ᠰᠢᠪᠠᠳᠠᠨ ᠠᠬᠢᠴᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠲᠤᠬᠠᠢ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠶᠠᠨ ᠪᠥᠸᠧ᠂ ᠨᠢᠩ ᠬᠠᠢ ᠶᠠᠨ᠂ ᠯᠢᠦ ᡁᠢ ᠹᠧᠩ᠂ ᠼᠤᠤ ᠶᠦᠩ ᠰᠢᠨ ᠵᠢᠴᠢ ᠪᠦᠦ ᠱᠢ ᠪᠠᠯᠭᠠᠰᠤ᠂ ᠲᠦᠷᠵᠢ ᠪᠠᠯᠭᠠᠰᠤ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ᠂ ᠲᠦᠷᠦᠯ ᠵᠦᠢᠯ ᠤᠨ ᠪᠠᠷᠢᠯᠭ᠎ᠠ ᠶᠢᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠣᠷᠣᠯᠴᠠᠵᠠᠢ᠃    8 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠢᠮᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠲᠦᠴᠢᠦᠸᠠᠨ ᠰᠢᠶᠠᠨ ᠤ ᠡᠮᠡᠭᠲᠡᠶᠢᠴᠦᠳ ᠤᠨ ᠬᠥᠭᠵᠢᠯᠲᠡ ᠶᠢᠨ ᠲᠥᠯᠦᠪᠵᠢᠭᠦᠯᠭᠡ ︵2021- 2030 ᠣᠨ︶︾᠂ ︽ᠲᠦᠴᠢᠦᠸᠠᠨ ᠰᠢᠶᠠᠨ ᠤ ᠬᠡᠦᠬᠡᠳ ᠤᠨ ᠬᠥᠭᠵᠢᠯᠲᠡ ᠶᠢᠨ ᠲᠥᠯᠦᠪᠵᠢᠭᠦᠯᠭᠡ ︵2021-2030 ᠣᠨ︶︾᠂ ︽ᠲᠦᠴᠢᠦᠸᠠᠨ ᠰᠢᠶᠠᠨ ᠤ 2022 ᠣᠨ ᠤ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠡᠶᠢᠳᠬᠡᠨ ᠬᠡᠷᠡᠭᠯᠡᠬᠦ ᠶᠢ ᠬᠡᠷᠡᠭᠵᠢᠭᠦᠯᠬᠦ ᠲᠥᠰᠥᠯ ︵ᠣᠨ ᠤ ᠳᠤᠮᠳᠠᠬᠢ ᠲᠣᠬᠢᠷᠠᠭᠤᠯᠤᠯᠲᠠ ᠶᠢᠨ ᠬᠡᠪᠯᠡᠯ︶︾᠂ ︽ᠰᠢᠶᠠᠩ ᠪᠠᠯᠭᠠᠰᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾᠂ ︽ᠲᠦᠴᠢᠦᠸᠠᠨ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠨ ᠲᠠᠮᠢᠷᠴᠢᠳ ᠢ ᠲᠥᠪᠬᠢᠨᠡᠭᠦᠯᠬᠦ ᠠᠵᠢᠯ ᠤᠨ ᠲᠥᠰᠥᠯ︾ ᠢ ᠬᠢᠨᠠᠨ ᠵᠥᠪᠯᠡᠵᠡᠢ᠃ 2022 ᠣᠨ ᠤ ᠠᠩᠬᠠᠳᠠᠭᠴᠢ ᠪᠦᠯᠦᠭ ᠴᠡᠭ ᠲᠣᠭᠲᠠᠭᠠᠨ ᠬᠠᠪᠰᠤᠷᠤᠨ ᠲᠡᠳᠬᠦᠬᠦ ᠵᠦᠢᠯᠡᠰ᠂ ᠵᠠᠮ ᠬᠠᠷᠢᠯᠴᠠᠭᠠᠨ ᠤ ᠠᠷᠠᠴᠢᠯᠠᠨ ᠬᠠᠮᠠᠭᠠᠯᠠᠯᠲᠠ ᠶᠢᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠵᠦ ᠬᠡᠷᠡᠭᠯᠡᠬᠦ ᠵᠡᠷᠭᠡ ᠤᠴᠢᠷ ᠶᠠᠪᠤᠳᠠᠯ ᠢ ᠰᠤᠳᠤᠯᠪᠠ᠃  
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号