ᠦᠰᠦᠭ ᠪᠢᠴᠢᠭ ᠤᠨ ᠲᠠᠶᠢᠯᠣᠮᠵᠢ᠄ 2022 ᠣᠨ ᠤ ᠥᠪᠥᠷ ᠮᠣᠩᠭᠤᠯ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2022/11/2
     1 . ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠱᠠᠲᠤᠨ ᠳᠤ ᠶᠠᠮᠠᠷ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠪᠠᠶᠢᠬᠤ ᠪᠣᠶ︖           ᠥᠪᠡᠷᠲᠡᠭᠡᠨ ᠵᠠᠰᠠᠬᠤ ᠣᠷᠣᠨ ᠠᠴᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ ᠪᠠᠶᠢᠭᠤᠯᠤᠭᠰᠠᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠣᠯᠣᠨ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ︵ᠬᠡᠦᠬᠡᠳ ᠰᠠᠭᠠᠲᠠᠭᠤᠯᠬᠤ ᠭᠠᠵᠠᠷ᠂ ᠡᠴᠢᠭᠡ ᠬᠡᠦᠬᠡᠳ ᠤᠨ ᠴᠡᠴᠡᠷᠯᠢᠭ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠶᠢ ᠪᠠᠭᠲᠠᠭᠠᠬᠤ ᠦᠭᠡᠢ︶ ᠲᠤ ᠰᠤᠷᠤᠯᠴᠠᠵᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ ᠲᠤ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ  ᠬᠡᠯᠲᠦᠷᠢᠭᠦᠯᠬᠦ ᠶᠢ ᠬᠡᠷᠡᠭᠵᠢᠭᠦᠯᠦᠨ᠎ᠡ᠃      2 . ᠭᠡᠷ ᠤᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠢ ᠶᠠᠭᠠᠬᠢᠵᠤ ᠮᠠᠭᠠᠳᠯᠠᠨ ᠲᠣᠭᠲᠠᠭᠠᠬᠤ ᠪᠣᠶ︖     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠢ ᠮᠠᠭᠠᠳᠯᠠᠨ ᠲᠣᠭᠲᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ︵2021 ᠵᠠᠰᠠᠪᠤᠷᠢ ᠣᠷᠣᠭᠤᠯᠤᠭᠰᠠᠨ︶︾ ᠶᠢᠨ ᠶᠣᠰᠣ ᠪᠠᠷ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ ᠢ ᠮᠠᠭᠠᠳᠯᠠᠨ ᠲᠣᠭᠲᠠᠭᠠᠨ᠎ᠠ᠃ ᠮᠠᠭᠠᠳᠯᠠᠨ ᠲᠣᠭᠲᠠᠭᠠᠬᠤ ᠳᠡᠰ ᠢ A᠂ B᠂ C ᠭᠡᠵᠦ ᠭᠤᠷᠪᠠᠨ ᠲᠥᠷᠥᠯ ᠳᠤ ᠬᠤᠪᠢᠶᠠᠨ᠎ᠠ᠃ A ᠲᠥᠷᠥᠯ ᠪᠣᠯ ᠭᠤᠣᠯᠳᠠᠭᠤ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠭᠡᠷ ᠪᠦᠯᠢ ᠶᠢᠨ ᠰᠣᠷᠣᠭᠴᠢ᠂ ᠶᠠᠳᠠᠭᠤᠷᠠᠬᠤ ᠰᠢᠬᠠᠵᠤ ᠪᠠᠶᠢᠭ᠎ᠠ ᠭᠡᠷ ᠪᠦᠯᠢ ᠶᠢᠨ ᠰᠣᠷᠣᠭᠴᠢ᠂ ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠶᠢᠨ ᠰᠣᠷᠣᠭᠴᠢ᠂ ᠳᠣᠣᠷ᠎ᠠ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠰᠣᠷᠣᠭᠴᠢ᠂ ᠣᠨᠴᠠ ᠬᠦᠴᠢᠷᠳᠡᠯᠲᠡᠢ ᠠᠰᠠᠷᠠᠨ ᠲᠡᠵᠢᠭᠡᠬᠦ ᠰᠣᠷᠣᠭᠴᠢ᠂ ᠥᠨᠥᠴᠢᠨ ᠬᠡᠦᠬᠡᠳ ︵ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ︶ ᠰᠣᠷᠣᠭᠴᠢ᠂ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ᠂ ᠭᠡᠷ ᠪᠦᠯᠢ ᠶᠢᠨ ᠠᠵᠤ ᠠᠬᠤᠢ  ᠨᠢ ᠬᠦᠴᠢᠷᠳᠡᠯᠲᠡᠢ ᠵᠡᠮᠳᠡᠭ ᠰᠣᠷᠣᠭᠴᠢ᠂ ᠵᠡᠮᠳᠡᠭᠴᠦᠳ ᠤᠨ ᠦᠷ᠎ᠡ ᠬᠡᠦᠬᠡᠳ᠂ ᠣᠨᠴᠠ ᠬᠦᠴᠢᠷᠳᠡᠯᠲᠡᠢ᠂ ᠬᠠᠷᠢᠴᠠᠩᠭᠤᠢ ᠬᠦᠴᠢᠷᠳᠡᠯᠲᠡᠢ᠂ ᠰᠠᠨᠠᠭᠠᠨ ᠳᠤ ᠦᠭᠡᠢ ᠬᠦᠴᠢᠷᠳᠡᠯᠲᠡᠢ ᠪᠣᠯᠤᠭᠰᠠᠨ ᠠᠵᠢᠯᠲᠠᠨ ᠠᠵᠢᠯᠴᠢᠨ ᠤ ᠭᠡᠷ ᠪᠦᠯᠢ ᠶᠢᠨ ᠦᠷ᠎ᠡ ᠬᠡᠦᠬᠡᠳ ᠵᠡᠷᠭᠡ ᠶᠢ ᠵᠢᠭᠠᠵᠤ ᠪᠣᠶ᠃ B ᠲᠥᠷᠥᠯ ᠪᠣᠯ ᠭᠤᠣᠯᠳᠠᠭᠤ ᠰᠤᠷᠤᠭᠴᠢ ᠵᠢᠴᠢ ᠲᠡᠭᠦᠨ ᠤ ᠭᠡᠷ ᠪᠦᠯᠢ ᠨᠢ ᠵᠥᠪᠬᠡᠨ ᠬᠡᠦᠬᠡᠳ ᠤᠨ ᠴᠡᠴᠡᠷᠯᠢᠭ ᠲᠤ ᠣᠷᠣᠬᠤ ᠪᠠᠭ᠎ᠠ ᠬᠡᠮᠵᠢᠶᠡᠨ ᠤ ᠦᠨᠳᠦᠰᠦᠨ ᠵᠠᠷᠤᠳᠠᠯ ᠢ ᠬᠠᠩᠭᠠᠵᠤ ᠳᠡᠶᠢᠯᠬᠦ ᠶᠢ ᠵᠢᠭᠠᠵᠤ ᠪᠠᠶᠢᠨ᠎ᠠ᠃ C ᠲᠥᠷᠥᠯ ᠪᠣᠯ ᠭᠤᠣᠯᠳᠠᠭᠤ ᠰᠣᠷᠣᠭᠴᠢ ᠵᠢᠴᠢ ᠲᠡᠭᠦᠨ ᠤ ᠭᠡᠷ ᠪᠦᠯᠢ   ᠨᠢ ᠬᠡᠦᠬᠡᠳ ᠤᠨ ᠴᠡᠴᠡᠷᠯᠢᠭ ᠲᠤ ᠣᠷᠣᠬᠤ ᠶᠡᠬᠡᠩᠬᠢ ᠰᠤᠷᠤᠯᠭ᠎ᠠ ᠶᠢᠨ ᠵᠠᠷᠤᠳᠠᠯ ᠢ ᠬᠠᠩᠭᠠᠵᠤ ᠳᠡᠶᠢᠯᠬᠦ ᠪᠣᠯᠪᠠᠴᠤ ᠦᠨᠳᠦᠰᠦᠨ ᠰᠤᠷᠤᠯᠭ᠎ᠠ ᠶᠢᠨ ᠵᠠᠷᠤᠳᠠᠯ ᠢ ᠪᠦᠷᠢᠮᠦᠰᠦᠨ ᠬᠠᠩᠭᠠᠵᠤ ᠳᠡᠶᠢᠯᠬᠦ ᠦᠭᠡᠢ ᠵᠡᠷᠭᠡ ᠪᠠᠶᠢᠳᠠᠯ ᠢ ᠵᠢᠭᠠᠵᠤ ᠪᠠᠶᠢᠨ᠎ᠠ᠃             3 . ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠶᠢ ᠶᠠᠭᠠᠬᠢᠵᠤ ᠭᠤᠶᠤᠴᠢᠯᠠᠬᠤ ᠪᠣᠶ︖          ᠵᠢᠯ ᠪᠦᠷᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠤ ᠳᠠᠷᠠᠭ᠎ᠠ᠂ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ ᠤᠨ ᠬᠢᠨᠠᠨ ᠬᠠᠮᠠᠭᠠᠯᠠᠭᠴᠢ ᠠᠴᠠ ᠪᠠᠶᠢᠭ᠎ᠠ ᠬᠡᠦᠬᠡᠳ ᠤᠨ ᠴᠡᠴᠡᠷᠯᠢᠭ ᠲᠤ ᠪᠢᠴᠢᠭ ᠢᠶᠠᠷ ᠭᠤᠶᠤᠴᠢᠯᠠᠵᠤ᠂ ᠬᠡᠦᠬᠡᠳ ᠤᠨ ᠴᠡᠴᠡᠷᠯᠢᠭ ᠲᠣᠭᠲᠠᠭᠰᠠᠨ ᠳᠡᠰ ᠳᠠᠷᠠᠭᠠᠯᠠᠯ ᠶᠣᠰᠣ ᠪᠠᠷ ᠭᠥᠯᠢᠶᠡᠨ ᠠᠪᠴᠤ ᠰᠢᠢᠳᠪᠦᠷᠢᠯᠡᠨ᠎ᠡ᠃            4 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠶᠠᠭᠤ ᠪᠣᠶ︖       ᠬᠡᠦᠬᠡᠳ ᠤᠨ ᠴᠡᠴᠡᠷᠯᠢᠭ ᠲᠤ ᠪᠠᠶᠢᠭ᠎ᠠ A ᠲᠥᠷᠥᠯ ᠤᠨ ᠭᠡᠷ ᠤᠨ ᠠᠮᠢᠳᠤᠷᠠᠯ ᠨᠢ ᠬᠦᠴᠢᠷᠳᠡᠯᠲᠡᠢ ᠬᠡᠦᠬᠡᠳ ᠨᠢᠭᠡ ᠪᠦᠷᠢ ᠳᠤ ᠵᠢᠯ ᠳᠤ 2000 ᠲᠥᠭᠦᠷᠢᠭ︔ ᠬᠡᠦᠬᠡᠳ ᠤᠨ ᠴᠡᠴᠡᠷᠯᠢᠭ ᠲᠤ ᠪᠠᠶᠢᠭ᠎ᠠ B᠂ C ᠲᠥᠷᠥᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ ᠨᠢᠭᠡ ᠪᠦᠷᠢ ᠳᠤ ᠵᠢᠯ ᠳᠤ 1000 ᠲᠥᠭᠦᠷᠢᠭ  ᠪᠣᠯᠣᠨ᠎ᠠ᠃      5 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠢ ᠠᠰᠠᠷᠠᠨ ᠬᠥᠮᠥᠵᠢᠭᠦᠯᠬᠦ ᠵᠠᠷᠤᠳᠠᠯ ᠢ ᠬᠤᠷᠢᠶᠠᠬᠤ ᠪᠠᠷᠢᠮᠵᠢᠶ᠎ᠠ ᠠᠴᠠ ᠳᠣᠣᠷ᠎ᠠ ᠪᠣᠯ ᠭᠡᠷ ᠤᠨ ᠠᠬᠠᠮᠠᠳ ᠠᠴᠠ ᠵᠥᠷᠢᠶ᠎ᠡ ᠭᠠᠷᠤᠭᠰᠠᠨ ᠬᠡᠰᠡᠭ ᠢ ᠲᠤᠰᠢᠶᠠᠬᠤ ᠴᠢᠬᠤᠯᠠ ᠲᠠᠢ ᠦᠦ︖           ᠲᠡᠶᠢᠮᠦ᠃ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠢ ᠠᠰᠠᠷᠠᠨ ᠬᠥᠮᠥᠵᠢᠭᠦᠯᠬᠦ ᠵᠠᠷᠤᠳᠠᠯ‌ ᠢ ᠬᠤᠷᠢᠶᠠᠬᠤ ᠪᠠᠷᠢᠮᠵᠢᠶ᠎ᠠ ᠠᠴᠠ ᠳᠣᠣᠷ᠎ᠠ ᠪᠣᠯ ᠬᠡᠦᠬᠡᠳ ᠤᠨ ᠴᠡᠴᠡᠷᠯᠢᠭ ᠲᠣᠭᠲᠠᠭᠠᠯ ᠶᠣᠰᠣ ᠪᠠᠷ ᠬᠡᠦᠬᠡᠳ ᠤᠨ ᠭᠡᠷ ᠪᠦᠯᠢ ᠠᠴᠠ ᠵᠥᠷᠢᠶ᠎ᠡ ᠭᠠᠷᠤᠭᠰᠠᠨ ᠬᠡᠰᠡᠭ ᠢ ᠬᠤᠷᠢᠶᠠᠵᠤ ᠪᠣᠯᠣᠨ᠎ᠠ᠃           6 . ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠢ ᠠᠰᠠᠷᠠᠨ ᠬᠥᠮᠥᠵᠢᠭᠦᠯᠬᠦ ᠵᠠᠷᠤᠳᠠᠯ ᠢ ᠬᠤᠷᠢᠶᠠᠬᠤ ᠪᠠᠷᠢᠮᠵᠢᠶ᠎ᠠ ᠠᠴᠠ ᠥᠨᠳᠥᠷ ᠪᠣᠯ ᠢᠯᠡᠭᠦᠦ ᠭᠠᠷᠤᠭᠰᠠᠨ ᠬᠡᠰᠡᠭ ᠢ ᠬᠡᠦᠬᠡᠳ ᠤᠨ ᠭᠡᠷ ᠤᠨ ᠠᠬᠠᠮᠠᠳ ᠲᠤ ᠥᠭᠭᠦᠨ᠎ᠡ ᠦᠦ︖             ᠦᠭᠡᠢ᠃ ᠠᠰᠠᠷᠠᠨ ᠬᠥᠮᠥᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠨᠢ ᠪᠣᠳᠠᠲᠠᠢ ᠠᠰᠠᠷᠠᠨ ᠬᠥᠮᠥᠵᠢᠭᠦᠯᠬᠦ ᠵᠠᠷᠤᠳᠠᠯ‌ ᠢ ᠬᠤᠷᠢᠶᠠᠬᠤ ᠪᠠᠷᠢᠮᠵᠢᠶ᠎ᠠ ᠠᠴᠠ ᠥᠨᠳᠥᠷ ᠪᠣᠯ ᠠᠰᠠᠷᠠᠨ ᠬᠥᠮᠥᠵᠢᠭᠦᠯᠬᠦ ᠵᠠᠷᠤᠳᠠᠯ ᠢ ᠬᠤᠷᠢᠶᠠᠬᠤ ᠪᠠᠷᠢᠮᠵᠢᠶ᠎ᠠ ᠶᠣᠰᠣ ᠪᠠᠷ ᠦᠨᠡᠨ ᠪᠣᠳᠠᠲᠠᠢ ᠪᠠᠷ ᠬᠠᠰᠤᠵᠤ ᠬᠡᠯᠲᠦᠷᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠭᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号