ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠱᠢ ᠰᠢᠶᠣᠣ ᠢᠦᠢ ᠰᠤᠷᠭᠠᠭᠤᠯᠢ ᠳᠤ ᠣᠷᠣᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠤᠨ ᠰᠤᠷᠤᠯᠭ᠎ᠠ ᠡᠬᠢᠯᠡᠬᠦ ᠬᠢᠴᠢᠶᠡᠯ ᠰᠡᠷᠭᠦᠭᠡᠬᠦ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/11/23
 2022 ᠣᠨ ᠤ 11 ᠰᠠᠷ᠎ᠠ ᠶᠢᠨ 22 ᠤᠨ ᠡᠳᠦᠷ᠂ ᠲᠦᠴᠢᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠱᠢ ᠰᠢᠶᠣᠣ ᠢᠦᠢ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠥᠳᠡᠯᠮᠦᠷᠢ ᠶᠢᠨ ᠠᠯᠪᠠᠨ ᠭᠡᠷ᠂ ᠬᠢᠨᠠᠨ ᠪᠠᠶᠢᠴᠠᠭᠠᠬᠤ ᠲᠠᠰᠤᠭ ᠢ ᠳᠠᠭᠠᠭᠤᠯᠤᠨ ᠰᠤᠷᠭᠠᠭᠤᠯᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠤᠨ ᠰᠤᠷᠤᠯᠭ᠎ᠠ ᠡᠬᠢᠯᠡᠬᠦ ᠬᠢᠴᠢᠶᠡᠯ ᠰᠡᠷᠭᠦᠭᠡᠬᠦ ᠠᠵᠢᠯ ᠢ ᠪᠠᠶᠢᠴᠠᠭᠠᠨ ᠵᠢᠯᠣᠭᠤᠳᠪᠠ᠃    ᠲᠣᠪᠴᠢᠶᠠᠨ ᠳᠠᠷᠤᠭ᠎ᠠ ᠱᠢ ᠰᠢᠶᠣᠣ ᠢᠦᠢ ᠵᠡᠷᠭᠡ ᠬᠥᠮᠥᠰ ᠤᠷᠢᠳ ᠬᠤᠵᠢᠳ ᠲᠦᠴᠢᠦᠸᠠᠨ ᠰᠢᠶᠠᠨ ᠤ ᠳᠤᠮᠳᠠ ᠵᠡᠷᠭᠡ   ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠦᠴᠢᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠶᠠᠷᠢᠯᠴᠠᠬᠤ ᠪᠠᠷ ᠳᠠᠮᠵᠢᠭᠤᠯᠤᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠣᠶᠢᠯᠠᠭᠠᠵᠠᠢ᠃    ᠲᠣᠪᠴᠢᠶᠠᠨ ᠳᠠᠷᠤᠭ᠎ᠠ ᠱᠢ ᠰᠢᠶᠣᠣ ᠢᠦᠢ ᠴᠢᠬᠤᠯᠠᠴᠢᠯᠠᠬᠤ ᠳᠠᠭᠠᠨ᠂ ᠬᠤᠶᠠᠷ ᠰᠤᠷᠭᠠᠭᠤᠯᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠯᠲᠡᠢ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠵᠢᠯᠣᠭᠤᠳᠤᠯᠭ᠎ᠠ ᠳᠣᠣᠷ᠎ᠠ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠣᠬᠢᠷᠠᠭᠤᠯᠤᠨ᠎ᠠ᠃ ᠬᠤᠶᠠᠷ ᠲᠤ᠂ ᠪᠠᠭᠰᠢ ᠰᠣᠷᠣᠭᠴᠢ ᠵᠢᠴᠢ ᠬᠠᠮᠲᠤ ᠰᠠᠭᠤᠭ᠎ᠠ ᠬᠥᠮᠥᠰ ᠤᠨ ᠭᠠᠳᠠᠭᠰᠢ ᠭᠠᠷᠴᠤ ᠨᠤᠲᠤᠭ ᠲᠠᠭᠠᠨ ᠪᠤᠴᠠᠭᠰᠠᠨ ᠪᠠᠶᠢᠳᠠᠯ ᠵᠢᠴᠢ ᠬᠢᠵᠢᠭ ᠤᠨ ᠪᠠᠶᠢᠳᠠᠯ ᠤᠨ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠬᠥᠮᠥᠰ ᠲᠠᠢ ᠣᠶᠢᠷᠠᠲᠤᠭᠰᠠᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ ᠵᠢᠭᠰᠠᠭᠠᠵᠤ᠂ ᠲᠤᠭ᠎ᠠ ᠪᠦᠷᠢᠳᠬᠡᠯ ᠢ ᠲᠣᠳᠣᠷᠬᠠᠢ᠂ ᠪᠠᠶᠢᠳᠠᠯ ᠢ ᠲᠣᠳᠣᠷᠬᠠᠢ᠂ ᠲᠤᠭ᠎ᠠ ᠪᠠᠷᠢᠮᠲᠠ ᠶᠢ ᠣᠨᠣᠪᠴᠢᠲᠠᠶ ᠪᠣᠯᠭᠠᠨ᠎ᠠ᠃ ᠭᠤᠷᠪᠠ ᠳᠤ ᠂ ᠰᠤᠷᠭᠠᠭᠤᠯᠢ ᠶᠢᠨ ᠬᠦᠷᠢᠶᠡᠨ ᠤ ᠲᠥᠬᠦᠭᠡᠷᠦᠮᠵᠢ ᠶᠢ ᠨᠠᠷᠢᠨ ᠬᠢᠨᠠᠮᠠᠭᠠᠢ ᠤᠰᠠᠳᠬᠠᠨ ᠴᠡᠪᠡᠷᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ‍ᠦ‌‍ᠰᠡᠷᠭᠡᠶᠢᠯᠡᠯᠲᠡ ᠵᠢᠨ‌‍ᠱᠤᠭᠤᠮ ᠢ ᠪᠠᠬᠢᠵᠢᠭᠦᠯᠦᠨ᠎ᠡ᠃ ᠳᠥᠷᠪᠡ ᠳᠤ᠂ ᠵᠢᠭᠠᠨ ᠰᠤᠷᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠣᠯᠣᠨ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠪᠦᠲᠦᠮᠵᠢᠲᠡᠢ ᠵᠣᠯᠭᠠᠭᠤᠯᠬᠤ ᠶᠢ ᠠᠩᠬᠠᠷᠴᠤ᠂ ᠳᠤᠲᠠᠭᠤ ᠶᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ ᠶᠢ ᠰᠠᠶᠢᠲᠤᠷ ᠬᠢᠵᠦ᠂ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠪᠣᠯᠣᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号