ᠳ᠋ᠦᠩ ᠬᠠᠢ ᠢᠩ᠄ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠲᠡᠮᠦᠷ ᠬᠠᠲᠤᠨ    ᠴᠠᠭ ᠤᠨ ᠪᠡᠷᠬᠡ  ᠶᠢ ᠬᠠᠮᠲᠤ ᠪᠠᠷ ᠳᠤᠭᠤᠯᠵᠤ ᠬᠠᠷᠢᠭᠤᠴᠠᠯᠭ᠎ᠠ ᠪᠠᠨ ᠡᠭᠦᠷᠭᠡᠯᠡᠨ᠎ᠡ
ᠨᠡᠶᠢᠲᠡᠯᠡᠭᠰᠡᠨ ᠴᠠᠭ᠄
2022/11/25
   ᠲᠦᠴᠢᠦᠸᠠᠨ ᠪᠠᠯᠭᠠᠰᠤᠨ ᠤ ᠫᠢᠡᠭᠴᠤᠸᠠᠨ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠭᠠᠵᠠᠷ ᠲᠤ ᠡᠶᠢᠮᠦ ᠨᠢᠭᠡᠨ ᠪᠠᠶᠢᠳᠠᠯ ᠢᠯᠡᠷᠡᠪᠡ᠂ ᠲᠡᠷᠡ ᠣᠷᠣᠵᠤ ᠭᠠᠷᠬᠤ ᠤᠯᠠᠨ ᠲᠦᠮᠡᠨ ᠢ ᠴᠢᠩᠭ᠎ᠠ ᠬᠠᠮᠢᠶᠠᠷᠤᠨ ᠡᠵᠡᠮᠳᠡᠵᠦ᠂  ᠶᠠᠪᠠᠭᠠᠨ ᠬᠥᠮᠥᠨ ᠠᠴᠠ︽ᠭᠤᠷᠪᠠᠨ ᠨᠣᠮᠧᠷ︾᠎ ᠢ ᠨᠢᠭᠡᠳ ᠨᠢᠭᠡ ᠪᠠᠷ ᠪᠠᠶᠢᠴᠠᠭᠠᠨ ᠰᠢᠯᠭᠠᠵᠤ᠂ ᠳᠤᠯᠠᠭᠠᠨ ᠢ ᠬᠡᠮᠵᠢᠬᠦ᠂ ᠪᠦᠷᠢᠳᠬᠡᠬᠦ᠂ ᠣᠷᠣᠵᠤ ᠭᠠᠷᠬᠤ ᠦᠨᠡᠮᠯᠡᠯ  ᠢ ᠨᠢ ᠪᠠᠶᠢᠴᠠᠭᠠᠨ ᠰᠢᠯᠭᠠᠬᠤ ᠶᠢᠨ ᠬᠠᠮᠲᠤ ᠤᠲᠠᠰᠤ ᠲᠠᠰᠤᠷᠠᠭ᠎ᠠ ᠦᠭᠡᠢ ᠳᠤᠤᠭᠠᠷᠪᠠ ;ᠲᠡᠷᠡ ᠦᠷᠭᠦᠯᠵᠢ ᠨᠢᠭᠡ ᠡᠮᠬᠦ ᠬᠠᠯᠠᠭᠤᠨ ᠬᠤᠭᠤᠯᠠ ᠣᠯᠵᠤ ᠢᠳᠡᠬᠦ ᠦᠭᠡᠢ ᠪᠠᠷ ᠰᠡᠩᠳᠡ ᠮᠡᠩᠳᠡ ᠠᠵᠢᠯ ᠤᠨ ᠪᠠᠶᠢᠷᠢ ᠳᠠᠭᠠᠨ ᠭᠠᠷᠳᠠᠭ;ᠲᠡᠷᠡ ᠡᠳᠦᠷ ᠤᠨ 24 ᠴᠠᠭ ᠲᠤ ᠮᠢᠨᠦ᠋ᠲ ᠪᠦᠷᠢ ᠳᠤ ᠠᠵᠢᠯ ᠳᠦᠭᠦᠷᠲᠡᠯ᠎ᠡ ᠵᠢᠭᠰᠠᠳᠠᠭ ᠪᠠᠶᠢᠪᠠ᠃ ᠲᠡᠷᠡ ᠪᠣᠯ ᠳᠠᠷᠤᠢ ᠫᠢᠡᠭᠴᠤᠸᠠᠨ ᠭᠠᠴᠠᠭᠠᠨ ᠤ ᠨᠠᠮ ᠤᠨ ᠬᠤᠷᠢᠶᠠᠨ ᠤ ᠭᠡᠰᠢᠭᠦᠨ ᠪᠠᠶᠢᠭᠰᠠᠨ ᠶᠤᠮ᠃     ᠲᠤᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠳ᠋ᠦᠩ ᠬᠠᠢ ᠶᠢᠩ ᠪᠣᠯᠣᠨ ᠪᠤᠰᠤᠳ ᠭᠠᠴᠠᠭᠠᠨ ᠤ ᠺᠠᠳ᠋ᠷ ᠲᠡᠷᠡ ᠳᠠᠷᠤᠢ ᠳᠤᠨᠢ ᠰᠦᠯᠵᠢᠶᠡᠨ ᠤ ᠠᠵᠢᠯᠲᠠᠳ ᠢ ᠴᠤᠭᠯᠠᠭᠤᠯᠤᠨ ᠲᠤᠰ ᠲᠤᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠳᠠᠯ ᠢ ᠰᠤᠳᠤᠯᠵᠤ᠂ ᠲᠤᠰᠬᠤᠨ ᠤ ᠺᠠᠳ᠋ᠷ᠂ ᠨᠠᠮ ᠤᠨ ᠭᠡᠰᠢᠭᠦᠨ ᠵᠢᠴᠢ ᠰᠠᠶᠢᠨ ᠳᠤᠷ᠎ᠠ ᠶᠢᠨ ᠦᠢᠯᠡᠴᠢᠯᠡᠭᠴᠢ ᠪᠠᠷ ᠪᠦᠷᠢᠯᠳᠦᠭᠰᠡᠨ 20 ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠪᠠ᠃     ᠲᠣᠰᠬᠤᠨ ᠤ ᠨᠠᠮ ᠤᠨ ᠬᠤᠷᠢᠶᠠᠨ ᠤ ᠭᠡᠰᠢᠭᠦᠨ ᠪᠣᠯᠤᠭᠰᠠᠨ ᠤ ᠬᠤᠪᠢ ᠳᠤ᠂ ᠳ᠋ᠦᠩ ᠬᠠᠢ ᠶᠢᠩ ᠡᠳᠦᠷ ᠪᠦᠷᠢ ᠬᠤᠶᠠᠳᠤᠭᠠᠷ ᠡᠳᠦᠷ ᠤᠨ ᠵᠢᠵᠢᠭᠦᠷ ᠤᠨ ᠬᠦᠰᠦᠨᠦᠭᠲᠦ ᠪᠠᠨ ᠤᠷᠢᠳᠴᠢᠯᠠᠨ ᠲᠣᠬᠢᠷᠠᠭᠤᠯᠵᠤ᠂ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠲᠡᠷᠡ ᠵᠢᠱᠢᠶᠡᠴᠢ  ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰ ᠲᠣᠰᠬᠤᠨ ᠤ ᠪᠠᠨ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠢ ᠬᠠᠮᠢᠶᠠᠷᠤᠨ ᠡᠵᠡᠮᠳᠡᠬᠦ ᠪᠠ ᠦᠢᠯᠡᠴᠢᠯᠡᠭᠡᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠡᠢ᠃ ᠱᠠᠭᠠᠷᠳᠠᠯᠭ᠎ᠠ ᠶᠣᠰᠣᠭᠠᠷ᠂ ᠲᠡᠷᠡ ᠳᠠᠷᠤᠢ ᠳᠤᠨᠢ ᠭᠡᠷ ᠲᠡᠭᠡᠨ ᠲᠤᠰᠠᠭᠠᠷᠯᠠᠭᠰᠠᠳ ᠤᠨ ᠭᠡᠷ ᠤᠨ ᠡᠭᠦᠳᠡᠨ ᠳᠤ︽ᠲᠠᠪᠤᠨ ᠨᠢᠭᠡ ᠶᠢ ᠳᠠᠭᠠᠭᠠᠬᠤ︾ ᠶᠢᠨ ᠲᠣᠳᠣᠷᠬᠠᠢ ᠺᠠᠷᠲ ᠂ ᠪᠢᠲᠡᠭᠦᠮᠵᠢᠯᠡᠬᠦ ᠬᠠᠭᠤᠳᠠᠰᠤ ᠨᠠᠭᠠᠵᠤ᠂ ᠡᠭᠦᠳᠡᠨ ᠰᠣᠷᠢᠨᠵᠢᠨ ᠲᠠᠭᠠᠷᠠᠭᠤᠯᠵᠤ᠂ ᠬᠢᠨᠠᠨ ᠡᠵᠡᠮᠳᠡᠬᠦ ᠶᠢᠨ ᠬᠠᠮᠲᠤ ᠥᠪᠡᠷ ᠤᠨ ᠤᠲᠠᠰᠤ ᠪᠠᠨ ᠭᠡᠷ ᠲᠡᠭᠡᠨ ᠲᠤᠰᠠᠭᠠᠷᠯᠠᠭᠰᠠᠳ ᠲᠤ ᠦᠯᠡᠳᠡᠭᠡᠨ ᠥᠭᠴᠦ᠂ ᠲᠡᠳᠡᠨ ᠤ ᠬᠦᠴᠢᠷᠳᠡᠯ ᠲᠠᠢ ᠦᠶ᠎ᠡ ᠳᠤ ᠴᠠᠭ ᠲᠤᠬᠠᠢ ᠳᠤᠨᠢ ᠲᠤᠰᠠᠯᠠᠮᠵᠢ ᠣᠯᠬᠤ ᠳᠤ ᠲᠥᠬᠦᠮ ᠦᠵᠡᠭᠦᠯᠦᠨ᠎ᠡ᠃   ᠣᠯᠠᠨ ᠡᠳᠦᠷ ᠶᠠᠭᠠᠷᠠᠯᠲᠠᠢ ᠠᠵᠢᠯᠯᠠᠭᠰᠠᠨ ᠤ ᠳᠡᠭᠡᠷ᠎ᠡ ᠰᠠᠶᠢᠨ ᠠᠮᠠᠷᠠᠵᠤ ᠴᠢᠳᠠᠭᠰᠠᠨ ᠦᠭᠡᠢ ᠠᠴᠠ ᠪᠣᠯᠵᠤ᠂ ᠵᠢᠷᠮᠦᠰᠦᠯᠡᠭᠰᠡᠨ ᠳ᠋ᠦᠩ ᠬᠠᠢ ᠶᠢᠩ ᠤᠷᠤᠭ ᠤᠨᠠᠭᠠᠬᠤ ᠤᠷᠢᠳᠴᠢᠯᠠᠭᠰᠠᠨ ᠰᠢᠨᠵᠢ ᠢᠯᠡᠷᠡᠵᠦ᠂ ᠣᠳᠣ ᠶᠠᠭ ᠡᠮᠨᠡᠯᠭᠡ ᠳᠤ ᠡᠮᠨᠡᠭᠦᠯᠵᠦ ᠪᠠᠶᠢᠨ᠎ᠠ᠂ ᠬᠡᠳᠦᠶᠢᠪᠡᠷ ᠡᠶᠢᠮᠦ ᠪᠠᠶᠢᠭᠰᠠᠨ ᠴᠤ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠲᠡᠷᠡ ᠮᠥᠨ ᠯᠡ ᠡᠪᠡᠳᠴᠢᠲᠡᠨ ᠤ ᠣᠷᠣ ᠳᠡᠭᠡᠷ᠎ᠡ ᠲᠣᠰᠬᠤᠨ ᠤ ᠠᠷᠠᠳ ᠲᠤ ᠬᠢᠵᠢᠭ ᠢ ᠰᠡᠷᠭᠡᠶᠢᠯᠡᠬᠦ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠠᠨ ᠳᠡᠪᠰᠢᠭᠦᠯᠦᠭᠰᠡᠭᠡᠷ ᠪᠠᠶᠢᠨ᠎ᠠ᠃ ᠬᠥᠮᠥᠨ ᠤ ᠰᠡᠳᠬᠢᠯ  ᠢ ᠬᠥᠳᠡᠯᠭᠡᠮ᠎ᠡ ᠶᠠᠪᠤᠳᠠᠯ ᠭᠡᠪᠡᠯ᠂ ᠲᠡᠭᠦᠨ ᠤ ᠡᠷ᠎ᠡ ᠨᠥᠬᠦᠷ ᠨᠢ ᠲᠣᠰᠬᠤᠨ ᠳᠤ ᠢᠷᠡᠵᠦ᠂ ᠲᠡᠭᠦᠨ ᠤ ᠣᠷᠣᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠬᠢᠵᠦ ᠪᠠᠶᠢᠭ᠎ᠠ ᠨᠢ ᠬᠥᠮᠥᠨ ᠤ ᠰᠡᠳᠬᠢᠯ ᠢ ᠬᠥᠳᠡᠯᠭᠡᠮ᠎ᠡ ᠶᠠᠪᠤᠳᠠᠯ ᠪᠣᠯᠣᠨ᠎ᠠ᠃   ᠳ᠋ᠦᠩ ᠬᠠᠢ ᠶᠢᠩ ᠫᠢᠡᠭᠴᠤᠸᠠᠨ ᠲᠣᠰᠬᠤᠨ ᠪᠣᠯ ᠪᠠᠮᠪᠠᠢ᠂ ᠪᠦᠷᠢᠶ᠎ᠡ᠂ ᠵᠢᠵᠢᠭ ᠬᠡᠯᠪᠡᠷᠢ ᠶᠢᠨ ᠺᠣᠮᠫᠢᠦ᠋ᠲ᠋ᠧᠷ᠂ ᠮᠥᠨᠴᠦ ᠲᠡᠭᠦᠰ ᠴᠢᠳᠠᠪᠤᠷᠢᠲᠤ ᠪᠡᠶ᠎ᠡ ᠶᠢᠨ ᠦᠨᠡᠮᠯᠡᠯ᠂ ᠶᠠᠳᠠᠷᠠᠯ ᠵᠦᠳᠡᠷᠡᠯ ᠢ ᠮᠡᠳᠡᠬᠦ ᠦᠭᠡᠢ ᠡᠷᠦᠬᠡ ᠳᠤ ᠣᠷᠣᠬᠤ ᠮᠠᠰᠢᠨ ᠪᠣᠯᠣᠨ᠎ᠠ᠂ ᠮᠥᠨᠴᠦ ᠲᠣᠰᠬᠤᠨ ᠤ ᠠᠷᠠᠳ ᠤᠨ ᠬᠠᠮᠤᠭ ᠤᠨ ᠳᠣᠲᠣᠨᠣ ᠬᠠᠮᠤᠭ ᠤᠨ ᠢᠲᠡᠭᠡᠯᠲᠡᠢ ᠰᠠᠶᠢᠨ ᠺᠠᠳ᠋ᠷ ᠪᠣᠯᠣᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号