ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ᠄ ᠡᠬᠡ ᠣᠷᠣᠨ ᠳᠠᠭᠠᠨ ᠨᠢᠯᠬ᠎ᠠ ᠴᠢᠬᠢ ᠨᠢᠭᠡᠪᠦᠷᠢ ᠶᠢ ᠰᠠᠶᠢᠲᠤᠷ ᠪᠣᠶᠢᠵᠢᠭᠤᠯᠵᠤ ᠥᠭᠭᠦᠨ᠎ᠡ
ᠨᠡᠶᠢᠲᠡᠯᠡᠭᠰᠡᠨ ᠴᠠᠭ᠄
2022/11/8
     ᠣᠶᠢᠷ᠎ᠠ ᠶᠢᠨ ᠡᠳᠦᠷ ᠤᠳ ᠲᠤ᠂ ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠤᠯᠠᠨ ᠵᠦᠢᠯ ᠤᠨ ᠬᠡᠯᠪᠡᠷᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠪᠠ᠃ᠡᠭᠦᠨ ᠤ ᠵᠣᠷᠢᠯᠭ᠎ᠠ ᠨᠢ ᠥᠷᠭᠡᠨ ᠤᠯᠠᠨ ᠪᠠᠭᠰᠢ ᠰᠤᠷᠤᠭᠴᠢᠳ ᠢ ᠬᠥᠮᠥᠵᠢᠭᠦᠯᠦᠨ ᠵᠣᠷᠢᠭᠵᠢᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠠᠮᠢᠳᠤᠯᠢᠭ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠬᠤ ᠶᠢᠨ ᠲᠥᠯᠥᠭᠡ ᠶᠤᠮ᠃      ᠭᠤᠷᠪᠠᠳᠤᠭᠠᠷ ᠣᠨ ᠤ ᠲᠠᠪᠤᠳᠤᠭᠠᠷ ᠠᠩᠭᠢ ᠶᠢᠨ ᠬᠢᠴᠢᠶᠡᠯ ᠤᠨ ᠭᠡᠷ ᠲᠤ᠂ ᠠᠮᠢᠳᠤᠯᠢᠭ ᠰᠠᠶᠢᠬᠠᠨ ᠴᠠᠭ ᠠᠭᠤᠷ ᠤᠨ ᠰᠢᠨᠵᠢᠯᠡᠬᠦ ᠤᠬᠠᠭᠠᠨ ᠤ ᠬᠢᠴᠢᠶᠡᠯ ᠶᠠᠭ ᠶᠠᠪᠤᠭᠳᠠᠵᠤ ᠪᠠᠶᠢᠨ᠎ᠠ᠃ᠪᠠᠭᠰᠢ ᠠᠴᠠ ᠰᠤᠷᠤᠭᠴᠢᠳ ᠤᠨ ᠦᠢᠯᠡᠳᠦᠯᠭᠡ ᠶᠢᠨ ᠪᠠᠶᠢᠳᠠᠯ ᠲᠠᠢ ᠤᠶᠠᠯᠳᠤᠭᠤᠯᠤᠨ᠂ ᠲᠡᠳᠡᠠ ᠢ ᠬᠠᠪᠰᠤᠷᠤᠨ ᠵᠢᠯᠤᠭᠤᠳᠴᠤ ᠪᠠᠶᠢᠭᠠᠳ ᠠᠭᠠᠷ ᠤᠨ ᠳᠤᠯᠠᠭᠠᠨ ᠢ ᠬᠡᠮᠵᠢᠬᠦ᠂ ᠲᠡᠮᠳᠡᠭᠯᠡᠬᠦ᠂ ᠲᠡᠭᠷᠢ ᠶᠢᠨ ᠪᠠᠶᠢᠳᠠᠯ ᠢ ᠠᠵᠢᠭᠯᠠᠬᠤ᠂ ᠰᠠᠯᠬᠢᠨ ᠤ ᠴᠢᠭᠯᠡᠯ ᠰᠠᠯᠬᠢᠨ ᠤ ᠬᠦᠴᠦ ᠶᠢ ᠮᠠᠭᠠᠳᠯᠠᠬᠤ ᠶᠢᠨ ᠬᠠᠮᠲᠤ ᠲᠡᠳᠡᠠ ᠢ ᠵᠢᠯᠣᠭᠤᠳᠤᠨ ᠡᠷᠲᠡ᠂ ᠳᠤᠮᠳᠠ᠂ ᠣᠷᠣᠢ ᠶᠢᠨ ᠴᠠᠭ ᠠᠭᠤᠷ ᠤᠨ ᠬᠤᠪᠢᠷᠠᠯᠲᠠ ᠶᠢ ᠠᠵᠢᠭᠯᠠᠭᠤᠯᠵᠤ᠂ ᠪᠠᠰᠠ ᠲᠡᠳᠡᠠ ᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠴᠠᠭ ᠠᠭᠤᠷ ᠤᠨ ᠦᠷᠳᠡᠭᠡ ᠪᠠᠷ ᠲᠣᠭᠤᠷᠢᠨ ᠦᠵᠡᠭᠦᠯᠵᠦ᠂ ᠴᠠᠭ ᠠᠭᠤᠷ ᠤᠨ ᠮᠡᠳᠡᠯᠭᠡ ᠶᠢᠨ ᠲᠤᠬᠠᠢ ᠲᠤᠰᠬᠠᠢ ᠨᠡᠷ᠎ᠡ ᠲᠣᠮᠢᠶ᠎ᠠ ᠵᠡᠷᠭᠡ ᠶᠢ ᠲᠠᠶᠢᠯᠪᠤᠷᠢᠯᠠᠭᠤᠯᠳᠠᠭ᠃      ᠭᠤᠷᠪᠠᠳᠤᠭᠠᠷ ᠣᠨ ᠤ ᠲᠠᠪᠤᠳᠤᠭᠠᠷ ᠠᠩᠭᠢ   ᠶᠢᠨ ᠰᠤᠷᠤᠭᠴᠢ ᠵᠠᠩ ᠢ ᠺᠦᠨ᠄ ︽ᠪᠢ ᠭᠠᠷᠠᠭ ᠪᠦᠷᠢ ᠨᠢᠭᠡ ᠤᠳᠠᠭ᠎ᠠ ᠴᠠᠭ ᠠᠭᠤᠷ ᠤᠨ ᠬᠢᠴᠢᠶᠡᠯ ᠣᠷᠣᠳᠠᠭ᠂ ᠪᠢ ᠡᠨᠡ ᠬᠦ ᠴᠠᠭ ᠠᠭᠤᠷ ᠤᠨ ᠬᠢᠴᠢᠶᠡᠯ   ᠢ ᠮᠠᠰᠢ ᠪᠠᠭ᠋ᠠᠷᠬᠠᠳᠠᠭ᠂ ᠪᠢ ᠵᠠᠪᠠᠯ ᠰᠢᠨᠵᠢᠯᠡᠬᠦ ᠤᠬᠠᠭᠠᠨ ᠤ ᠮᠡᠳᠡᠯᠭᠡ   ᠶᠢ ᠰᠠᠶᠢᠲᠤᠷ ᠰᠤᠷᠤᠯᠴᠠᠵᠤ᠂ ᠰᠢᠨ᠎ᠡ ᠴᠠᠭ ᠦᠶ᠎ᠡ   ᠶᠢᠨ ᠰᠠᠶᠢᠨ ᠪᠠᠭᠠᠴᠤᠳ ᠪᠣᠯᠣᠨ᠎ᠠ︾ ᠭᠡᠵᠡᠢ᠃      ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠪᠠᠭᠰᠢ ᠰᠦᠨ ᠢᠦᠢ  ᠹᠸᠡᠭ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠡᠷᠬᠡᠪᠰᠢ ᠰᠢᠨᠵᠢᠯᠡᠬᠦ ᠤᠬᠠᠭᠠᠨ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ᠂ ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ᠂ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠭᠦ ᠬᠦᠴᠦᠨ ᠪᠣᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠤᠷᠭᠠᠨ ᠬᠥᠮᠦᠵᠢᠯ ᠤᠨ ᠠᠵᠢᠯᠲᠠᠨ᠂ ᠰᠤᠷᠭᠠᠭᠤᠯᠢ ᠶᠢᠨ ᠬᠦᠷᠢᠶᠡᠨ ᠤ ᠴᠠᠭ ᠠᠭᠤᠷ ᠤᠨ ᠥᠷᠲᠡᠭᠡᠨ ᠤ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠪᠢ ᠣᠷᠭᠢᠯᠤᠮ᠎ᠠ ᠬᠠᠯᠠᠭᠤᠨ ᠤᠯᠤᠰ ᠲᠥᠷᠥ ᠶᠢᠨ ᠬᠠᠯᠠᠭᠤᠨ ᠰᠡᠳᠬᠢᠯᠭᠡ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ᠂ ᠲᠤᠯᠭᠤᠷ ᠵᠣᠷᠢᠯᠲᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠤ ᠰᠠᠭᠤᠷᠢ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠵᠦ᠂ ᠰᠣᠷᠣᠭᠴᠢ ᠨᠢᠭᠡᠪᠦᠷᠢ ᠶᠢ ᠴᠠᠭ ᠠᠭᠤᠷ ᠤᠨ ᠪᠠᠶᠢᠳᠠᠯ ᠢ ᠬᠠᠶᠢᠷᠠᠯᠠᠵᠤ᠂ ᠴᠠᠭ ᠠᠭᠤᠷ ᠤᠨ ᠪᠠᠶᠢᠳᠠᠯ ᠢ ᠣᠶᠢᠯᠠᠭᠠᠬᠤ ᠪᠠᠷ ᠴᠢᠷᠮᠠᠶᠢᠨ᠎ᠠ︾ ᠭᠡᠵᠡᠢ᠃       ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠬᠡᠷᠡᠭᠲᠡᠢ᠃ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠶᠢᠨ ᠬᠤᠷᠠᠯ ᠤᠨ ᠲᠠᠰᠤᠭ ᠲᠤ᠂ 10 ᠭᠠᠷᠤᠢ ᠪᠠᠭᠰᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠬᠠᠮᠲᠤ ᠪᠠᠷ ᠰᠤᠷᠤᠯᠴᠠᠵᠤ ᠪᠠᠶᠢᠬᠤ ᠳᠤ᠂ ᠪᠠᠭᠰᠢ ᠨᠠᠷ ᠮᠠᠰᠢ ᠤᠯᠠᠨ ᠲᠥᠷᠥᠭᠳᠡᠯ ᠲᠠᠢ ᠪᠠᠶᠢᠵᠤ᠂ ᠢᠯᠡᠳᠬᠡᠯ ᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠥᠮᠥᠰ ᠤᠨ ᠤᠷᠮ᠎ᠠ ᠵᠣᠷᠢᠭ ᠢ ᠬᠥᠭᠵᠢᠭᠡᠵᠦ᠂ ᠰᠣᠨᠣᠰᠤᠭᠰᠠᠨ ᠤ ᠪᠠᠨ ᠲᠠᠷᠠᠭ᠎ᠠ ᠲᠤᠶᠢᠯ ᠢᠶᠠᠷ ᠤᠷᠮᠠᠰᠢᠨ ᠵᠣᠷᠢᠭᠵᠢᠵᠤ᠂ ᠡᠷᠴᠢ ᠵᠣᠷᠢᠭ ᠢ ᠨᠢ ᠤᠯᠠᠮ ᠨᠡᠮᠡᠭᠳᠡᠭᠦᠯᠵᠡᠢ ᠭᠡᠵᠦ ᠰᠠᠨᠠᠯ ᠨᠢᠭᠡᠲᠡᠢ ᠦᠵᠡᠪᠡ᠃       ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠪᠢᠳᠡ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ᠂ ᠶᠣᠰᠣ ᠮᠣᠷᠠᠯ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠠᠷᠠᠳ ᠤᠨ ᠪᠠᠭᠰᠢ ᠪᠣᠯᠤᠭᠰᠠᠨ ᠤ ᠬᠤᠪᠢ ᠳᠤ᠂ ᠪᠢ ᠥᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠰᠠᠶᠢᠲᠤᠷ ᠬᠥᠮᠥᠵᠢᠭᠦᠯᠦᠨ᠎ᠡ ᠭᠡᠵᠦ ᠵᠢᠭᠠᠵᠤ ᠭᠠᠷᠭᠠᠪᠠ︾᠃ ᠭᠡᠵᠦ ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠪᠠᠭᠰᠢ ᠯᠢᠦ ᠬᠠᠢ ᠲᠤᠤ ᠬᠡᠯᠡᠪᠡ᠃      ᠲᠦᠴᠢᠦᠸᠠᠨ ᠰᠢᠶᠠᠨ ᠤ ᠠᠵᠢᠯᠴᠢᠨ ᠲᠠᠷᠢᠶᠠᠴᠢᠨ ᠤ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠯᠢ ᠸᠧᠢ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠤᠱᠯᠠᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠰᠤᠷᠭᠠᠭᠤᠯᠢ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠮᠥᠨ ᠂ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠠᠵᠢᠯ ᠤᠨ ᠪᠥᠬᠦ ᠶᠠᠪᠤᠴᠠ ᠳᠤ ᠦᠨᠡᠨ ᠬᠦ ᠲᠤᠤᠱᠯᠠᠭᠤᠯᠤᠨ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠭᠠᠨ ᠬᠥᠮᠥᠵᠢᠭᠦᠯᠬᠦ ᠴᠢᠭᠯᠡᠯ ᠢᠶᠠᠷ ᠰᠤᠷᠭᠠᠭᠤᠯᠢ ᠶᠢᠨ ᠤᠷᠤᠭᠰᠢ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ︾ ᠭᠡᠵᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号