ᠯᠢᠦ ᠬᠤ᠋ ᠪᠠᠯᠭᠠᠰᠤ᠄ ᠲᠥᠷᠥᠯ ᠵᠦᠢᠯ ᠢᠶᠠᠷ ᠲᠠᠷᠢᠶᠠᠯᠠᠩ ᠢ ᠳᠡᠮᠵᠢᠵᠦ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2022/12/10
      ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠦᠴᠢᠷᠳᠡᠯ ᠢ ᠦᠨᠡᠨᠬᠦ ᠰᠢᠢᠳᠪᠦᠷᠢᠯᠡᠬᠦ ᠶᠢᠨ ᠲᠥᠯᠥᠭᠡ᠂ ᠯᠢᠦ ᠬᠤ᠋  ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠠᠴᠠ ᠢᠳᠡᠪᠬᠢᠲᠡᠢ ᠠᠷᠭ᠎ᠠ ᠰᠦᠪᠡᠭᠴᠢᠯᠡᠵᠦ᠂ ᠲᠦᠴᠢᠦᠸᠠᠨ ᠰᠢᠶᠠᠨ ᠤ ᠯᠢᠦ ᠬᠤ᠋  ᠪᠠᠯᠭᠠᠰᠤᠨ ᠤ ᠶᠦᠩ ᠹᠠᠨ ᠲᠣᠰᠬᠤᠨ ᠤ 2022 ᠣᠨ ᠤ ᠳᠣᠣᠷ᠎ᠠ ᠤᠰᠤᠨ ᠤ ᠲᠦᠪᠰᠢᠨ ᠥᠨᠳᠥᠷ ᠤᠨᠠᠯᠲᠠ ᠲᠠᠢ ᠤᠢ ᠰᠢᠭᠤᠢ ᠶᠢᠨ ᠥᠭᠡᠷᠡᠴᠢᠯᠡᠯᠲᠡ ᠶᠢᠨ ᠲᠦᠷᠦᠯ ᠵᠦᠢᠯ ᠢ ᠣᠯᠬᠤ ᠪᠠᠷ ᠴᠢᠷᠮᠠᠶᠢᠪᠠ᠃ᠬᠡᠷᠡᠭᠵᠢᠭᠦᠯᠬᠦ ᠴᠠᠭ ᠨᠢ 2022 ᠣᠨ ᠤ 11 ᠰᠠᠷ᠎ᠠ   ᠠᠴᠠ 2023 ᠣᠨ ᠤ 11 ᠰᠠᠷ᠎ᠠ ᠪᠣᠯᠲᠠᠯ᠎ᠠ᠂ ᠣᠶᠢᠷ᠎ᠠ ᠬᠠᠪᠢ   ᠶᠢᠨ ᠣᠯᠠᠨ ᠲᠦᠮᠡᠨ ᠳᠤ ᠣᠶᠢᠷ᠎ᠠ ᠬᠠᠪᠢ   ᠶᠢᠨ ᠬᠥᠯᠥᠰᠦᠨ ᠠᠵᠢᠯ ᠬᠢᠵᠦ ᠣᠷᠣᠯᠭ᠎ᠠ ᠪᠠᠨ ᠨᠡᠮᠡᠭᠳᠡᠭᠦᠯᠬᠦ ᠲᠣᠬᠢᠶᠠᠯ ᠣᠯᠭᠤᠨ᠎ᠠ᠃
      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠤᠨᠠᠯᠲᠠ ᠪᠠᠭᠠᠲᠠᠢ ᠣᠶ ᠰᠢᠭᠤᠢ ᠶᠢ ᠥᠭᠡᠷᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠢᠳ + ᠡᠮ ᠤᠨ ᠮᠠᠲ᠋ᠧᠷᠢᠶᠠᠯ︾ ᠤᠨ ᠪᠣᠰᠤᠭ᠎ᠠ ᠴᠣᠭᠴᠠᠲᠤ ᠳᠠᠷᠢᠬᠤ ᠵᠠᠭᠪᠤᠷ ᠢ ᠪᠠᠶᠢᠭᠤᠯᠵᠤ᠂ ᠰᠢᠳ᠂ ᠬᠤᠨᠴᠢᠨ ᠡᠮ ᠤᠨ ᠮᠠᠲ᠋ᠧᠷᠢᠶᠠᠯ ᠳᠠᠷᠢᠬᠤ ᠪᠠᠷ ᠳᠠᠮᠵᠢᠭᠤᠯᠤᠨ ᠣᠷᠣᠯᠭ᠎ᠠ ᠪᠠᠨ ᠦᠷᠭᠦᠯᠵᠢᠯᠡᠨ ᠨᠡᠮᠡᠭᠳᠡᠭᠦᠯᠵᠦ᠂ ᠡᠪᠡᠰᠦ ᠪᠡᠯᠴᠢᠭᠡᠷ ᠳᠠᠷᠢᠬᠤ ᠪᠠᠷ ᠳᠠᠮᠵᠢᠭᠤᠯᠤᠨ ᠠᠵᠤ ᠠᠬᠤᠢ ᠶᠢᠨ ᠦᠨ᠎ᠡ ᠥᠷᠲᠡᠭ ᠢ ᠡᠭᠦᠳᠬᠦ ᠶᠢᠨ ᠬᠠᠮᠲᠤ ᠲᠣᠰ ᠲᠣᠰᠬᠤᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠤ ᠦᠢᠯᠡᠰ ᠤᠨ ᠰᠠᠶᠢᠨ ᠡᠷᠭᠢᠯᠲᠡ ᠶᠢ ᠪᠡᠶᠡᠯᠡᠭᠦᠯᠦᠨ᠎ᠡ᠃ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠤᠪᠢ ᠬᠥᠮᠥᠨ ᠤ ᠭᠠᠵᠠᠷ ᠰᠢᠷᠣᠢ ᠪᠠᠷ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠲᠥᠷᠥᠯ ᠵᠦᠢᠯ ᠳᠤ ᠣᠷᠣᠯᠴᠠᠭᠰᠠᠨ ᠬᠡᠰᠡᠭ ᠨᠢ ᠵᠢᠯ ᠪᠦᠷᠢ 30% ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢ ᠬᠦᠷᠲᠡᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠦᠷᠭᠦᠯᠵᠢᠯᠡᠨ ᠨᠡᠮᠡᠭᠳᠡᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号