12 ᠰᠠᠷ᠎ᠠ ᠶᠢᠨ 9 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ | ᠬᠤᠷᠠᠯ ᠵᠢᠴᠢ ᠪᠦᠬᠦ ᠠᠶᠢᠮᠠᠭ ᠤᠨ ᠠᠷᠪᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ | ᠪᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠯᠢ ᠬᠤᠩ | ᠼᠠᠢ ᠬᠤᠷᠠᠯ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠯᠢᠦ ᠱᠦ ᠴᠧᠩ᠂ ᠵᠠᠩ ᠯᠢ ᠬᠤᠸᠠ᠂ | ᠳ᠋ᠦᠩ ᠰᠢᠨ ᠶᠤᠸᠠᠢ ᠨᠠᠷ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠯᠢ ᠭᠦᠸᠧ ᠬᠤᠩ ᠪᠦᠬᠦ ᠠᠶᠢᠮᠠᠭ ᠤᠨ ᠠᠷᠪᠠᠳᠤᠭᠠᠷ ᠤᠳᠠᠭ᠎ᠠ ᠶᠢᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶᠡᠴᠢ ᠬᠠᠮᠲᠤ ᠪᠣᠯᠤᠨ ᠬᠤᠪᠢ ᠬᠥᠮᠦᠨ ᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ | ᠨᠡᠶᠢᠲᠡᠯᠡᠪᠡ᠃ ᠠᠶᠢᠮᠠᠭ ᠤᠨ ᠤᠳᠤᠷᠢᠳᠤᠯᠭ᠎ᠠ ᠠᠴᠠ ᠬᠥᠬᠢᠭᠦᠯᠦᠯ ᠭᠥᠷᠳᠡᠭᠰᠡᠨ ᠬᠠᠮᠲᠤ ᠨᠡᠶᠢᠲᠡ ᠪᠠ ᠬᠤᠪᠢ | ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ | ᠵᠠᠬᠢᠷᠭ᠎ᠠ ᠶᠢᠨ ᠡᠮᠦᠨ᠎ᠡ ᠠᠴᠠ ᠬᠥᠬᠢᠭᠦᠯᠦᠭᠳᠡᠨ ᠰᠠᠶᠢᠰᠢᠶᠠᠭᠳᠠᠭᠰᠠᠨ ᠵᠢᠱᠢᠶᠡᠴᠢ ᠬᠠᠮᠲᠤ ᠨᠡᠶᠢᠳᠡ ᠪᠣᠯᠤᠨ ᠬᠤᠪᠢ | ᠬᠥᠮᠦᠨ ᠳᠤ ᠪᠠᠶᠠᠷ ᠬᠦᠷᠭᠡᠵᠦ᠂ ᠲᠡᠳᠡᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠪᠦᠬᠦ ᠠᠶᠢᠮᠠᠭ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠲᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ | ᠴᠢᠷᠮᠠᠶᠢᠭᠰᠠᠨ ᠳᠡᠭᠡᠷ᠎ᠡ ᠪᠠᠨ ᠴᠢᠷᠮᠠᠶᠢᠬᠤ ᠶᠢ ᠵᠣᠷᠢᠭᠵᠢᠭᠤᠯᠬᠤ ᠶᠢᠨ ᠬᠠᠮᠲᠤ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠵᠤ᠂ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ︽ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠤᠷᠢᠶᠠᠯᠠᠪᠠ᠃ | ᠵᠠᠩ ᠰᠢᠶᠤᠤ ᠪᠢᠩ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠶᠡᠭᠡ ᠡᠭᠦᠷᠭᠡ ᠶᠢ | ᠭᠦᠨᠵᠡᠭᠡᠶ ᠡᠵᠡᠮᠳᠡᠨ᠂ ︽ᠳᠥᠷᠪᠡᠨ ᠬᠤᠤᠰ ᠬᠠᠷᠢᠴᠠᠭ᠎ᠠ︾ ᠶᠢ ᠵᠥᠪ ᠢᠶᠠᠷ ᠰᠢᠢᠳᠪᠦᠷᠢᠯᠡᠵᠦ᠂ ᠡᠯ᠎ᠡ ᠲᠠᠯ᠎ᠠ ᠶᠢᠨ | ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠵᠤ᠂ ᠪᠥᠬᠦ ᠠᠶᠢᠮᠠᠭ ᠤᠨ | ᠡᠯ᠎ᠡ ᠵᠦᠢᠯ ᠤᠨ ᠠᠵᠢᠯ ᠦᠢᠯᠡᠰ ᠤᠨ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠬᠤ ᠶᠢ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ ᠳᠥᠯᠭᠢᠨ ᠠᠬᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠢ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠳᠠ ᠶᠢᠨ ᠤᠬᠠᠭᠤᠯᠭ᠎ᠠ ᠶᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ | ᠠᠴᠢ ᠲᠤᠰᠠ ᠶᠢ ᠨᠡᠩ ᠴᠢᠩ ᠰᠡᠳᠬᠢᠯ ᠠᠴᠠ ᠪᠠᠨ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ | ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ︽ᠬᠤᠶᠠᠷ ᠡᠷᠡᠭᠦᠯ ᠮᠠᠨᠳᠤ︾ ᠶᠢᠨ ᠭᠤᠣᠯ | ᠰᠡᠳᠦᠪ ᠢ ᠪᠠᠲᠤ ᠡᠵᠡᠮᠳᠡᠵᠦ᠂ ᠦᠢᠯᠡᠴᠢᠯᠡᠭᠡ ᠶᠢ ᠴᠢᠩᠭᠠᠳᠬᠠᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ᠂ | ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠢ | ᠬᠦᠳᠦᠯᠦᠨ ᠵᠢᠯᠣᠭᠤᠳᠴᠤ ᠪᠠᠶᠢᠭᠠᠳ ᠲᠥᠪ ᠴᠢᠬᠡᠴᠢ ᠪᠠᠷ ᠠᠵᠤ ᠠᠬᠤᠶᠢᠯᠠᠯᠲᠠᠨ ᠲᠠᠢ ᠨᠠᠶᠢᠵᠠᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠶᠢ ᠳᠡᠮᠵᠢᠬᠦ ᠬᠡᠷᠡᠭᠲᠡᠢ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯᠲᠠᠳ ᠠᠤᠭ᠎ᠠ ᠰᠠᠨᠠᠭ᠎ᠠ ᠡᠷᠡᠯᠬᠡᠭ ᠵᠣᠷᠢᠭ ᠲᠠᠢ ᠪᠠᠶᠢᠵᠤ᠂ ᠪᠠᠶᠢᠯᠳᠤᠬᠤ ᠪᠤᠳᠤᠯᠭ᠎ᠠ ᠶᠢᠨ | ᠬᠠᠷᠠᠴᠠ ᠲᠠᠢ ᠪᠤᠯᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠠᠵᠤ ᠦᠢᠯᠡᠰ ᠤᠨ | ᠵᠢᠳᠬᠦᠯᠲᠡᠨ ᠪᠣᠯᠬᠤ ᠪᠠᠷ ᠴᠢᠷᠮᠠᠶᠢᠬᠤ ᠬᠡᠷᠡᠭᠲᠡᠶ᠃ ᠪᠤᠰᠤᠳ ᠬᠦᠷᠢᠶᠡᠨ ᠳᠠᠬᠢ ᠨᠢᠭᠡᠳᠦᠮᠡᠯ ᠹᠷᠣᠨᠲ ᠤᠨ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ | ᠲᠦᠷᠦ ᠶᠢᠨ ᠵᠥᠪᠯᠡᠯᠭᠡ ᠬᠢᠬᠦ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠪᠠᠶᠢᠳᠠᠯ ᠳᠣᠣᠷᠠᠬᠢ ᠱᠠᠰᠢᠨ | ᠰᠤᠷᠲᠠᠬᠤᠨ ᠤ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠭᠠᠳᠠᠨᠠᠬᠢ ᠰᠡᠬᠡᠭᠡᠲᠡᠨ | ᠪᠣᠯᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ | ᠴᠢᠩᠭᠠᠳᠬᠠᠵᠤ᠂ ᠰᠢᠶᠠᠩᠭᠠᠩ ᠣᠣᠮᠧᠨ ᠲᠠᠶᠢᠸᠠᠨ ᠤ ᠨᠢᠭᠡᠳᠦᠮᠡᠯ ᠹᠷᠣᠨᠲ ᠤᠨ ᠠᠵᠢᠯ᠂ ᠭᠠᠳᠠᠭᠠᠳᠤ ᠳᠠᠬᠢ ᠨᠢᠭᠡᠳᠦᠮᠡᠯ | ᠹᠷᠣᠨᠲ ᠤᠨ ᠠᠵᠢᠯ ᠪᠣᠯᠤᠨ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠬᠠᠮᠲᠤᠪᠠᠷ ᠪᠦᠯᠬᠦᠮᠳᠡᠨ ᠲᠡᠮᠡᠴᠡᠬᠦ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ | ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ | ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠠᠵᠢᠯ ᠤᠨ ᠠᠷᠭ᠎ᠠ ᠶᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠵᠦ᠂ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠵᠦ᠂ ︽ᠬᠠᠲᠠᠭᠤ ᠪᠠᠬᠢ ᠪᠤᠯᠤᠳ ᠲᠡᠮᠤᠷ︾ ᠪᠣᠯᠭᠠᠨ | ᠤᠷᠤᠭᠰᠢᠯᠠᠭᠤᠯᠬᠤ ᠬᠡᠷᠡᠭᠲᠡᠢ ᠭᠡᠪᠡ᠃ | ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃ |