ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
   12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠤᠴᠢᠨ ᠳᠣᠯᠣᠳᠤᠭᠠᠷ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠪᠥᠬᠦ ᠰᠢᠶᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠠᠳᠠᠯᠤᠨ ᠰᠤᠳᠤᠯᠵᠤ ᠮᠠᠭᠠᠳᠯᠠᠭᠰᠠᠨ ᠮᠡᠳᠡᠭᠦᠯᠦᠯᠲᠡ ᠵᠢᠴᠢ ᠢᠳᠡᠭᠡᠨ ᠤ ᠠᠮᠤᠷ ᠲᠦᠪᠰᠢᠨ ᠤ ᠠᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ ᠬᠢᠨᠠᠨ ᠵᠥᠪᠯᠡᠵᠦ᠂ ᠪᠥᠬᠦ ᠰᠢᠶᠠᠨ ᠤ ᠰᠦᠷᠳᠡᠭᠦᠯᠦᠯ ᠢ ᠡᠰᠡᠷᠭᠦᠴᠡᠬᠦ ᠠᠵᠢᠯ᠂ 2021 ᠣᠨ ᠤ ᠠᠶᠢᠮᠠᠭ ᠤᠨ ᠨᠠᠮ ᠤᠨ ᠬᠤᠷᠢᠶ᠎ᠠ ᠶᠢᠨ ᠦᠨᠡᠯᠡᠨ ᠲᠣᠭᠲᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠵᠢᠴᠢ ︽ᠱᠦᠵᠢ ᠶᠢᠨ ᠵᠦᠢᠯᠡᠰ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠬᠤᠲᠠ ᠶᠢᠨ ᠳᠤᠯᠠᠭᠠᠯᠠᠭ᠎ᠠ᠂ ᠠᠶᠤᠯᠭᠦᠢ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ  ᠠᠴᠠ ᠵᠢᠭᠠᠵᠤ ᠭᠠᠷᠭᠠᠭᠰᠠᠨ ᠨᠢ᠂ ᠰᠦᠯᠵᠢᠶ᠎ᠡ  ᠶᠢ ᠴᠡᠪᠡᠷᠰᠢᠭᠦᠯᠬᠦ ᠠᠵᠢᠯᠯᠠᠭ᠎ᠠ  ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠴᠤᠤᠷᠬᠠᠯ ᠨᠡᠶᠢᠲᠡᠯᠡᠬᠦ ᠵᠡᠷᠭᠡ ᠬᠠᠤᠯᠢ ᠪᠤᠰᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠣᠯᠠᠨ ᠲᠦᠮᠡᠨ ᠤ ᠲᠤᠰᠬᠠᠭᠰᠠᠨ ᠵᠦᠢ ᠵᠣᠬᠢᠰᠲᠠᠢ ᠪᠥᠭᠡᠳ ᠲᠣᠭᠲᠠᠭᠠᠯ ᠳᠤ ᠨᠡᠶᠢᠴᠡᠭᠰᠡᠨ ᠭᠤᠮᠣᠳᠠᠯ ᠱᠠᠭᠠᠷᠳᠠᠯᠭ᠎ᠠ  ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠠᠭ ᠲᠤᠬᠠᠢ ᠳᠤᠨᠢ ᠬᠠᠷᠢᠭᠤᠯᠲᠠ ᠥᠭᠴᠦ ᠰᠢᠢᠳᠪᠦᠷᠢᠯᠡᠨ᠂ ᠰᠦᠯᠵᠢᠶᠡᠨ ᠤ ᠰᠠᠶᠢᠨ ᠰᠠᠶᠢᠬᠠᠨ ᠣᠷᠴᠢᠨ ᠨᠥᠬᠦᠴᠡᠯ  ᠢ ᠦᠨᠡᠨᠬᠦ ᠪᠤᠶ ᠪᠣᠯᠭᠠᠬᠤ ᠬᠡᠷᠡᠭᠲᠡᠢ᠃ᠨᠡᠶᠢᠭᠡᠮ ᠤᠨ ᠠᠮᠤᠷ ᠲᠦᠪᠰᠢᠨ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠬᠢ ᠲᠣᠯᠣᠭᠠᠢ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃    ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠬᠠᠯᠠᠭᠤᠨ ᠬᠦᠢᠲᠡᠨ ᠳᠤ ᠬᠤᠯᠪᠣᠭᠳᠠᠵᠤ᠂ ᠣᠳᠣᠬᠠᠨ ᠤ ᠬᠠᠮᠤᠭ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠨᠡᠭᠦᠷᠡᠰᠦ ᠶᠢ ᠰᠠᠶᠢᠲᠤᠷ ᠣᠷᠣᠭᠤᠯᠵᠤ᠂ ᠨᠡᠭᠦᠷᠡᠰᠦ ᠶᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠢ ᠡᠭᠦᠷᠭᠡᠯᠡᠯ ᠢᠶᠠᠷ ᠳᠦᠭᠦᠷᠡᠩ ᠠᠵᠢᠯᠯᠠᠭᠤᠯᠵᠤ᠂ ᠤᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠪᠠᠲᠤᠯᠠᠪᠤᠷᠢ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠤᠯᠠᠨ ᠲᠦᠮᠡᠨ ᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠭᠤᠮᠣᠳᠠᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ᠲᠡᠮᠲᠡᠷᠢᠨ ᠭᠠᠳᠠᠭᠰᠢᠯᠠᠭᠤᠯᠬᠤ ᠶᠢ ᠭᠦᠨᠵᠡᠭᠡᠢ ᠥᠷᠨᠢᠭᠦᠯᠵᠦ᠂ ᠬᠤᠭᠤᠯᠠᠢ᠂ ᠢᠯᠴᠢ ᠬᠠᠩᠭᠠᠬᠤ ᠥᠷᠲᠡᠭᠡ᠂ ᠪᠤᠴᠠᠯᠲᠠ ᠶᠢᠨ ᠤᠰᠤᠨ ᠤ ᠳᠤᠯᠠᠭᠠᠨ ᠤ ᠬᠡᠮᠵᠢᠶ᠎ᠡ ᠵᠡᠷᠭᠡ ᠨᠠᠷᠢᠨ ᠵᠦᠢᠯᠡᠰ ᠠᠴᠠ ᠭᠠᠷᠳᠠᠵᠤ᠂ ᠢᠯᠴᠢ ᠶᠢᠨ ᠡᠨᠧᠷᠭᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠤᠨ᠂ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠨᠠᠷᠢᠨ ᠨᠢᠮᠪᠠᠢ ᠡᠮᠬᠢᠯᠡᠵᠦ᠂ ᠬᠡᠮ ᠰᠣᠭᠤᠭ ᠢ ᠰᠤᠳᠤᠯᠤᠨ ᠵᠠᠳᠠᠯᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠬᠢᠨᠠᠨ ᠵᠥᠪᠯᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号