ᠵᠠᠩ ᠱᠤᠸᠠᠩ ᠴᠧᠩ 2022 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
   12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ 2022 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠲᠣᠭᠲᠠᠭᠠᠯ︾᠂ ︽ᠬᠢᠩᠭᠠᠨ ᠠᠶᠢᠮᠠᠭ ᠤᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ︾︾᠋ ᠢ ᠤᠯᠠᠮᠵᠢᠯᠠᠨ ᠰᠤᠷᠤᠯᠴᠠᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠨᠤᠲᠤᠭ ᠪᠡᠯᠴᠢᠭᠡᠷ ᠤᠢ ᠰᠢᠭᠤᠢ ᠶᠢᠨ ᠭᠠᠵᠠᠷ ᠢ ᠴᠡᠭᠴᠡᠯᠡᠨ ᠵᠠᠰᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠦᠨᠡᠨᠬᠦ ᠴᠢᠩᠭ᠎ᠠ ᠠᠳᠬᠤᠵᠤ᠂ ᠭᠦᠨᠵᠡᠭᠡᠢ ᠠᠬᠢᠭᠤᠯᠵᠤ᠂ ᠪᠣᠳᠠᠲᠠᠶᠢᠵᠢᠭᠤᠯᠬᠤ ᠬᠡᠷᠡᠭᠲᠡᠢ᠃ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠢᠩᠭᠠᠨ ᠠᠶᠢᠮᠠᠭ ᠤᠨ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ︾ ᠋ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠵᠤ᠂ ᠪᠦᠬᠦᠨ ᠢ ᠡᠷᠡᠰ ᠭᠥᠯᠢᠶᠡᠨ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠵᠤᠷᠪᠤᠰ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠴᠠᠭ ᠤᠨ ᠠᠬᠢᠴᠠ ᠶᠣᠰᠣᠭᠠᠷ ᠯᠠᠪᠳᠠᠭᠤᠨ ᠪᠠᠲᠤᠲᠠᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠵᠣᠬᠢᠬᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠨᠤᠲᠤᠭ ᠪᠡᠯᠴᠢᠭᠡᠷ ᠣᠶᠢᠲᠤ ᠭᠠᠵᠠᠷ ᠢ ᠴᠡᠭᠴᠡᠯᠡᠨ ᠵᠠᠰᠠᠬᠤ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号