ᠵᠠᠩ ᠱᠤᠸᠠᠩ ᠴᠧᠩ 2022 ᠣᠨ ᠤ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠵᠥᠪᠯᠡᠯᠭᠡᠨ ᠤ ᠴᠡᠷᠢᠭ ᠤᠨ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/14
   12 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ 2022 ᠣᠨ ᠤ ᠰᠢᠶᠠᠨ ᠤ ᠨᠠᠮ ᠤᠨ ᠬᠤᠷᠢᠶᠠᠨ ᠤ ᠴᠡᠷᠢᠭ ᠵᠥᠪᠯᠡᠬᠦ ᠬᠤᠷᠠᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠴᠢᠦᠸᠠᠨ ᠰᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠦᠨᠳᠦᠰᠦᠨ ᠪᠠᠶᠢᠳᠠᠯ ᠵᠢᠴᠢ ᠣᠳᠣᠬᠠᠨ ᠤ ᠵᠡᠪᠰᠡᠭᠲᠦ ᠬᠦᠴᠦᠨ ᠤ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠷᠢᠭ ᠢ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ᠂ ᠲᠡᠮᠵᠢᠨ ᠪᠠᠲᠤᠯᠠᠬᠤ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠠᠵᠢᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠬᠤᠷᠠᠯ ᠳᠡᠭᠡᠷ᠎ᠡ ᠡᠯ᠎ᠡ ᠰᠢᠶᠠᠩ ᠪᠠᠯᠭᠠᠰᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠣᠭᠤᠷᠢᠨ ᠳᠤ ᠲᠤᠰᠢᠶᠠᠯ ᠤᠨ ᠮᠡᠳᠡᠭᠦᠯᠦᠯᠲᠡ ᠬᠢᠪᠡ᠃      ᠬᠤᠷᠠᠯ ᠠᠴᠠ᠂ ᠪᠦᠬᠦ ᠰᠢᠶᠠᠨ ᠤ ᠵᠡᠪᠰᠡᠭᠲᠦ ᠬᠦᠴᠦᠨ ᠤ ᠠᠵᠢᠯ ᠢ ᠴᠢᠩᠭ᠎ᠠ ᠪᠣᠳᠠᠲᠠᠢ ᠠᠳᠬᠤᠵᠤ᠂ ᠦᠵᠡᠯ ᠰᠠᠨᠠᠭᠠᠨ ᠤ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠᠨ ᠳᠤ ᠡᠯᠰᠡᠬᠦ ᠵᠡᠷᠭᠡ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠵᠠᠢ᠃ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯ ᠭᠠᠮᠰᠢᠭ ᠠᠴᠠ ᠠᠪᠤᠷᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠢᠳᠡᠪᠬᠢᠲᠡᠢ ᠣᠷᠣᠯᠴᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠬᠤᠷᠠᠯ ᠠᠴᠠ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠰᠠᠶᠢᠲᠤᠷ ᠠᠳᠬᠤᠵᠤ᠂ ᠡᠷᠦᠬᠡ ᠶᠢᠨ ᠴᠡᠷᠢᠭ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠴᠡᠷᠢᠭ ᠤᠨ ᠪᠣᠯᠪᠠᠰᠤᠷᠠᠯ ᠪᠣᠯᠣᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠲᠠᠵᠤ ᠳᠡᠶᠢᠯᠬᠦ᠂ ᠬᠡᠷᠡᠭᠯᠡᠵᠦ ᠳᠡᠶᠢᠯᠬᠦ᠂ ᠦᠢᠯᠡᠳᠦᠯ ᠦᠵᠡᠭᠦᠯᠬᠦ ᠶᠢ ᠪᠠᠲᠤᠯᠠᠬᠤ ᠬᠡᠷᠡᠭᠲᠡᠢ᠃ ᠳᠡᠮᠵᠢᠯᠭᠡ ᠪᠠᠲᠤᠯᠠᠭ᠎ᠠ ᠶᠢ ᠰᠠᠶᠢᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠰᠠᠶᠢᠲᠤᠷ ᠬᠢᠵᠦ᠂ ᠵᠡᠪᠰᠡᠭᠲᠦ ᠬᠦᠴᠦᠨ ᠤ ᠵᠠᠷᠤᠳᠠᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠰᠠᠭᠤᠷᠢᠨ ᠢ ᠳᠠᠷᠤᠢ ᠲᠦᠷᠭᠡᠨ ᠲᠤᠰᠢᠶᠠᠨ ᠥᠭᠴᠦ ᠬᠡᠷᠡᠭᠯᠡᠭᠦᠯᠵᠦ᠂ ᠲᠠᠭᠠᠯᠠᠮᠵᠢᠲᠠᠢ ᠠᠵᠢᠯᠯᠠᠵᠤ ᠠᠮᠢᠳᠤᠷᠠᠬᠤ ᠣᠷᠴᠢᠨ ᠲᠣᠭᠤᠷᠢᠨ ᠪᠠ ᠪᠠᠷᠢᠮᠵᠢᠶᠠᠵᠢᠭᠰᠠᠨ ᠪᠣᠯᠪᠠᠰᠤᠷᠠᠯ ᠤᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠵᠡᠪᠰᠡᠭᠲᠦ ᠬᠦᠴᠦᠨ ᠤ ᠠᠵᠢᠯ ᠤᠨ ᠡᠷᠴᠢᠮᠲᠡᠢ ᠪᠥᠭᠡᠳ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠣᠨᠴᠠᠭᠠᠶ ᠬᠦᠴᠢᠷᠳᠡᠯ ᠲᠠᠢ ᠬᠥᠮᠥᠰ ᠢ ᠬᠠᠪᠰᠤᠷᠤᠨ ᠲᠡᠳᠬᠦᠵᠦ ᠬᠠᠯᠠᠮᠵᠢᠯᠠᠨ ᠬᠠᠶᠢᠷᠠᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠬᠡᠷᠡᠭᠲᠡᠢ ; ᠨᠢᠭᠡᠨᠲᠡ ᠠᠳᠠᠯ ᠦᠢᠯᠡᠰ ᠴᠣᠭᠴᠠᠯᠠᠨ ᠠᠵᠢᠯ ᠣᠯᠣᠭᠰᠠᠳ ᠲᠤ ᠮᠥᠷᠳᠡᠨ ᠦᠢᠯᠡᠴᠢᠯᠡᠬᠦ ᠠᠵᠢᠯ ᠢ ᠥᠷᠨᠢᠭᠦᠯᠵᠦ᠂ ᠪᠣᠳᠠᠲᠠᠢ ᠬᠦᠴᠢᠷᠳᠡᠯ ᠢ ᠨᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ ᠥᠭᠭᠦᠨ᠎ᠡ᠃ ᠰᠤᠷᠪᠤᠯᠵᠢᠯᠠᠵᠤ ᠲᠣᠬᠤᠨᠢᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ︽ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ︾ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ᠃ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠠᠳᠬᠤᠵᠤ᠂ ᠵᠥᠷᠢᠴᠡᠯ ᠢ ᠦᠨᠡᠨ ᠬᠦ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃︽ᠰᠣᠷᠪᠤᠯᠵᠢᠯᠠᠭ᠎ᠠ ᠬᠢᠵᠦ ᠦᠯᠦ ᠰᠤᠷᠪᠤᠯᠵᠢᠯᠠᠭᠰᠠᠨ︾ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ︽ᠭᠤᠮᠣᠳᠠᠯ ᠲᠣᠭᠠᠴᠢᠯᠲᠠ ᠨᠢ ᠵᠦᠢ ᠵᠣᠬᠢᠰᠲᠠᠢ ᠪᠠᠶᠢᠪᠠᠯ ᠠᠰᠠᠭᠤᠳᠠᠯ ᠢ ᠪᠣᠳᠠᠲᠠᠶᠢᠵᠢᠭᠤᠯᠵᠤ᠂ ᠭᠤᠮᠣᠳᠠᠯ ᠲᠣᠭᠠᠴᠢᠯᠲᠠ ᠨᠢ ᠶᠣᠰᠣ ᠦᠭᠡᠢ ᠪᠠᠶᠢᠪᠠᠯ ᠦᠵᠡᠯ ᠰᠠᠨᠠᠭᠠᠨ ᠤ ᠬᠥᠮᠦᠵᠢᠯ ᠢ ᠪᠣᠳᠠᠲᠠᠶᠢᠵᠢᠭᠤᠯᠵᠤ᠂ ᠠᠮᠢᠳᠤᠷᠠᠯ ᠨᠢ ᠬᠦᠴᠢᠷᠳᠡᠯᠲᠡᠢ ᠪᠠᠶᠢᠪᠠᠯ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠶᠢ ᠪᠣᠳᠠᠲᠠᠶᠢᠵᠢᠭᠤᠯᠵᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠠᠶᠢᠪᠠᠯ ᠬᠠᠤᠯᠢ ᠶᠣᠰᠣᠭᠠᠷ ᠰᠢᠢᠳᠪᠦᠷᠢᠯᠡᠬᠦ︾ ᠶᠢ ᠪᠡᠶᠡᠯᠡᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃      ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ᠂ ᠥᠭᠡᠷᠡᠴᠢᠯᠡᠯᠲᠡ ᠶᠢᠨ ᠳᠤᠮᠳᠠ ᠪᠠᠶᠢᠭᠤᠯᠤᠮᠵᠢ ᠶᠢ ᠲᠣᠬᠢᠷᠠᠭᠤᠯᠬᠤ᠂ ᠡᠭᠦᠷᠭᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠬᠦ᠂ ᠠᠵᠢᠯᠲᠠᠨ ᠢ ᠰᠢᠯᠵᠢᠭᠦᠯᠬᠦ᠂ ᠡᠳ᠋ ᠬᠥᠷᠥᠩᠭᠡ ᠶᠢ ᠰᠢᠯᠵᠢᠭᠦᠯᠦᠨ ᠲᠤᠰᠢᠶᠠᠬᠤ ᠵᠡᠷᠭᠡ ᠲᠠᠯ᠎ᠠ ᠶᠢᠨ ᠠᠵᠢᠯ ᠳᠤ ᠬᠤᠯᠪᠣᠭᠳᠠᠪᠠᠯ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂  ᠵᠠᠪᠰᠠᠷ ᠦᠭᠡᠢ ᠵᠣᠯᠭᠠᠭᠤᠯᠬᠤ᠂ ᠲᠣᠭᠲᠠᠭᠤᠨ ᠢᠶᠠᠷ ᠰᠢᠯᠵᠢᠭᠦᠯᠬᠦ ᠶᠢ ᠪᠡᠶᠡᠯᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号